ᠮᠠᠨ ᠤ ᠰᠢᠶᠠᠨ ᠪᠥᠬᠦ ᠰᠢᠶᠠᠨ ᠤ ᠺᠠᠳ᠋ᠷᠴᠤᠳ ᠤᠨ ᠶᠡᠭᠡ ᠬᠤᠷᠠᠯ ᠬᠢᠵᠦ ᠣᠳᠣᠬᠠᠨ ᠤ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2021/2/22
          2 ᠳ᠋ᠤᠭᠠᠷ ᠰᠠᠷ᠎ᠠ ᠶᠢᠨ 18 ᠤ ᠡᠳᠦᠷ᠂ ᠪᠦᠬᠦ ᠰᠢᠶᠠᠨ ᠤ ᠺᠠᠳ᠋ᠷᠴᠤᠳ ᠤᠨ ᠶᠡᠭᠡ ᠬᠤᠷᠠᠯ ᠬᠤᠷᠠᠯᠳᠤᠵᠤ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠵᠠᠬᠢᠳᠠᠯ ᠰᠤᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ᠂ ᠠᠶᠤᠯᠭᠦᠢ ᠦᠢᠯᠡᠳᠪᠦᠷᠢᠯᠡᠯ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠬᠥᠳᠡᠭᠡ ᠠᠵᠤ ᠠᠬᠤᠢ ᠬᠥᠳᠡᠭᠡ ᠲᠣᠰᠬᠤᠨ ᠵᠡᠷᠭᠡ ᠭᠤᠣᠯᠳᠠᠯᠭ᠎ᠠ ᠲᠠᠢ ᠠᠵᠢᠯ ᠪᠣᠯᠤᠨ ᠭᠤᠣᠯᠳᠠᠯᠭ᠎ᠠ ᠲᠠᠢ ᠲᠦᠷᠦᠯ ᠵᠦᠢᠯ ᠳᠤ ᠪᠠᠶᠢᠷᠢᠯᠠᠭᠤᠯᠤᠯᠲᠠ ᠬᠢᠵᠡᠢ᠃ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠯᠢᠦ ᠵᠢᠶ ᠶᠢᠩ ᠬᠤᠷᠠᠯ ᠡᠷᠭᠢᠯᠡᠪᠡ᠃      ᠯᠢ ᠴᠦᠨ ᠶᠠᠨ᠂ ᠥᠨᠥᠳᠦᠷ ᠤᠨ ᠬᠤᠷᠠᠯ ᠪᠣᠯ ᠰᠢᠨ᠎ᠡ ᠵᠢᠯ ᠤᠨ ᠳᠠᠷᠠᠭᠠᠬᠢ ᠠᠵᠢᠯ ᠤᠨ ᠡᠬᠢᠯᠡᠯᠲᠡ ᠶᠢᠨ ᠬᠤᠷᠠᠯ ᠪᠣᠯᠬᠤ ᠪᠠᠷ ᠪᠠᠷᠠᠬᠤ ᠥᠬᠡᠶ᠂ ᠪᠠᠰᠠ ᠴᠤ ᠰᠡᠳᠬᠢᠯ ᠢᠶᠠᠨ ᠬᠤᠷᠢᠶᠠᠬᠤ ᠬᠤᠷᠠᠯ ᠪᠣᠯᠤᠨ᠎ᠠ᠂ ᠪᠥᠬᠦ ᠰᠢᠶᠠᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠳᠠᠷᠤᠶ ᠲᠦᠷᠭᠡᠨ ᠰᠡᠳᠬᠢᠯ ᠰᠠᠨᠠᠭ᠎ᠠ ᠪᠠᠨ ᠲᠥᠪᠯᠡᠷᠡᠭᠦᠯᠦᠨ᠂ ᠭᠤᠤᠯ ᠰᠠᠨᠠᠭ᠎ᠠ ᠰᠡᠳᠬᠢᠯ ᠪᠣᠯᠤᠨ ᠣᠶᠤᠨ ᠴᠢᠳᠠᠯ ᠢᠶᠠᠨ ᠠᠵᠢᠯ ᠳᠡᠭᠡᠷ᠎ᠡ ᠪᠠᠨ ᠰᠢᠯᠵᠢᠭᠦᠯᠵᠦ᠂ ᠳᠠᠷᠤᠶ ᠲᠦᠷᠭᠡᠨ ᠬᠡᠪ ᠤᠨ ᠠᠵᠢᠯ ᠤᠨ ᠪᠠᠶᠢᠳᠠᠯ ᠳᠤ ᠣᠷᠣᠵᠤ᠂ ᠪᠠᠴᠢᠮ ᠶᠠᠭᠠᠷᠠᠯᠲᠠᠶ ᠲᠦᠷᠭᠡᠨ ᠠᠵᠢᠯᠯᠠᠬᠤ᠂ ᠵᠣᠭᠰᠣᠯ ᠥᠬᠡᠶ ᠤᠷᠤᠭᠰᠢᠯᠠᠬᠤ᠂ ᠬᠤᠷᠳᠤᠴᠠ ᠶᠢ ᠲᠦᠷᠭᠡᠳᠬᠡᠨ ᠲᠡᠷᠢᠭᠦᠨ ᠳᠤ ᠣᠷᠣᠬᠤ ᠥᠳᠬᠡᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠪᠥᠬᠦ ᠵᠢᠯ ᠤᠨ ᠠᠵᠢᠯ ᠤᠨ ᠬᠠᠷᠠᠯᠲᠠ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ  ᠳᠤ ᠰᠠᠶᠢᠨ ᠰᠠᠶᠢᠬᠠᠨ ᠰᠠᠭᠤᠷᠢ ᠲᠠᠯᠪᠢᠬᠤ ᠬᠡᠷᠡᠭᠲᠡᠶ ᠭᠡᠵᠦ ᠵᠢᠭᠠᠵᠤ ᠭᠠᠷᠭᠠᠪᠠ᠃ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ ᠶᠢ ᠪᠠᠷᠢᠮᠲᠠᠯᠠᠵᠤ᠂ ︽ᠳᠥᠷᠪᠡᠨ ᠪᠥᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠵᠤ᠂ ᠣᠯᠠᠨ ᠲᠦᠮᠡᠨ ᠤ ᠠᠮᠢᠳᠤᠷᠠᠯ ᠤᠨ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠢ ᠦᠨᠡᠨ ᠬᠦ ᠪᠠᠲᠤᠯᠠᠵᠤ᠂ ᠠᠮᠢ ᠠᠬᠤᠶ ᠣᠷᠴᠢᠨ ᠲᠣᠭᠤᠷᠢᠨ ᠰᠠᠶᠢᠨ ᠰᠠᠶᠢᠬᠠᠨ ᠪᠠᠶᠢᠬᠤ ᠶᠢ ᠦᠨᠡᠨ ᠬᠦ ᠪᠠᠲᠤᠯᠠᠵᠤ᠂ ᠠᠮᠢ ᠠᠬᠤᠶ ᠣᠷᠣᠰᠢᠨ ᠰᠠᠭᠤᠬᠤ ᠳᠤ ᠲᠣᠬᠢᠷᠠᠮᠵᠢᠲᠠᠶ ᠵᠣᠯ ᠵᠢᠷᠭᠠᠯ ᠲᠠᠢ ᠦᠵᠡᠰᠬᠦᠯᠡᠩᠲᠦ ᠰᠠᠶᠢᠬᠠᠨ ᠲᠣᠭᠲᠠᠬᠤ ᠣᠷᠣᠨ ᠢ ᠴᠢᠷᠮᠠᠶᠢᠨ ᠪᠥᠲᠥᠭᠡᠨ ᠪᠠᠶᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠯᠢ ᠴᠦᠨ ᠶᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠯ ᠮᠥᠨ ᠬᠦ ᠣᠳᠣᠬᠠᠨ ᠤ ᠠᠵᠢᠯ ᠤᠨ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠣᠯᠤᠨ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠶ ᠠᠩᠭᠢ ᠥᠨᠳᠥᠷ ᠪᠦᠲᠦᠮᠵᠢᠲᠡᠶ ᠪᠠᠷ ᠠᠵᠢᠯᠯᠠᠵᠤ᠂ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠬᠢᠨ ᠡᠯ᠎ᠡ ᠠᠵᠢᠯᠯᠠᠬᠤ ᠳᠤᠭᠤᠶᠢᠯᠠᠩ ᠤᠨ ᠠᠵᠢᠯ ᠢ ᠨᠢᠭᠡᠳᠦᠯᠲᠡᠶ ᠲᠥᠯᠥᠪᠵᠢᠭᠦᠯᠦᠨ ᠲᠣᠬᠢᠷᠠᠭᠤᠯᠵᠤ᠂ ᠭᠤᠤᠯᠳᠠᠯᠭ᠎ᠠ ᠲᠠᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠵᠢᠯ  ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠶ᠃ ᠠᠮᠤᠷ ᠲᠦᠪᠰᠢᠨ ᠤ ᠰᠡᠷᠭᠡᠶᠢᠯᠡᠯᠲᠡ ᠶᠢ ᠠᠯᠢᠪᠠ ᠠᠵᠢᠯ  ᠤᠨ ᠬᠤᠷᠢᠭ᠎ᠠ ᠱᠤᠭᠤᠮ ᠪᠣᠯᠭᠠᠵᠤ᠂ ᠬᠤᠷᠢᠭ᠎ᠠ ᠱᠤᠭᠤᠮ ᠤᠨ ᠰᠡᠳᠬᠢᠬᠦᠢ᠂ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠬᠤ ᠤᠬᠠᠮᠰᠠᠷ ᠢᠶᠠᠨ ᠴᠢᠩᠭᠠᠳᠬᠠᠵᠤ᠂ ᠭᠤᠷᠢᠳᠠᠬᠤ ᠪᠤᠳᠤᠯ ᠢ ᠲᠡᠪᠴᠢᠵᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠬᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠵᠢᠵᠢᠭᠦᠷᠯᠡᠨ ᠰᠠᠬᠢᠬᠤ ᠪᠠᠨ ᠴᠢᠩᠭᠠᠳᠬᠠᠵᠤ᠂ ᠰᠦᠩ ᠬᠠᠯᠢᠶ᠎ᠠ ᠶᠢ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠤᠢ ᠰᠢᠭᠤᠢ ᠶᠢᠨ ᠲᠦᠢᠮᠡᠷ ᠢ ᠰᠡᠷᠭᠡᠶᠢᠯᠡᠬᠦ᠂ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠵᠢᠴᠢ ᠵᠠᠮ ᠬᠠᠷᠢᠯᠴᠠᠭ᠎ᠠ ᠪᠣᠯᠤᠨ ᠢᠳᠡᠭᠡᠨ ᠵᠡᠷᠭᠡ ᠲᠠᠯ᠎ᠠ ᠶᠢᠨ ᠠᠮᠤᠷ ᠲᠦᠪᠰᠢᠨ ᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢ ᠬᠥᠨᠳᠡᠯᠡᠨ ᠢᠶᠠᠷ ᠬᠥᠪᠡᠭᠡ ᠬᠢᠵᠠᠭᠠᠷ ᠲᠤ ᠬᠦᠷᠭᠡᠵᠦ᠂ ᠭᠤᠯᠳᠤ ᠪᠠᠷ ᠡᠴᠦᠰ ᠲᠤᠨᠢ ᠲᠤᠯᠲᠠᠯ᠎ᠠ ᠬᠢᠵᠦ᠂ ᠥᠨᠴᠥᠭ ᠪᠤᠯᠤᠩ ᠦᠯᠡᠳᠡᠭᠡᠬᠦ ᠦᠭᠡᠢ ᠪᠠᠶᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠪᠣᠯᠤᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠵᠡᠷᠭᠡ ᠶᠢ ᠤᠷᠢᠳᠴᠢᠯᠠᠨ ᠲᠥᠯᠥᠪᠵᠢᠭᠦᠯᠵᠦ᠂ ᠰᠠᠶᠢᠲᠤᠷ ᠬᠢᠵᠦ᠂ ᠬᠠᠪᠤᠷ ᠤᠨ ᠲᠠᠷᠢᠶᠠᠯᠠᠭ᠎ᠠ ᠶᠢᠨ ᠴᠢᠨᠠᠷ ᠰᠠᠶᠢᠲᠠᠶ ᠪᠡᠶᠡᠯᠡᠭᠳᠡᠬᠦ  ᠶᠢ ᠪᠠᠲᠤᠯᠠᠵᠤ᠂ ᠠᠮᠤ ᠪᠤᠳᠠᠭᠠᠨ ᠤ ᠦᠶᠯᠡᠳᠪᠦᠷᠢᠯᠡᠯ ᠢ ᠲᠣᠭᠲᠠᠪᠤᠷᠢᠵᠢᠭᠤᠯᠬᠤ᠂ ᠪᠥᠬᠦ ᠵᠢᠯ ᠤᠨ ᠲᠠᠷᠢᠶᠠᠯᠠᠩ ᠤᠨ ᠡᠯᠪᠡᠭ ᠬᠤᠷᠢᠶᠠᠯᠲᠠ ᠶᠢ ᠪᠡᠶᠡᠯᠡᠭᠦᠯᠬᠦ ᠳᠤ ᠰᠠᠭᠤᠷᠢ ᠶᠢ ᠪᠠᠬᠢᠵᠢᠭᠦᠯᠬᠦ ᠬᠡᠷᠡᠭᠲᠡᠶ᠃ ᠨᠠᠷᠢᠨ ᠬᠢᠨᠠᠮᠠᠭᠠᠢ ᠠᠵᠢᠯ ᠤᠨ ᠲᠥᠰᠦᠯ ᠲᠣᠭᠲᠠᠭᠠᠵᠤ᠂ ᠡᠭᠦᠷᠭᠡ ᠪᠠᠨ ᠲᠣᠳᠣᠷᠬᠠᠶᠢᠯᠠᠨ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠪᠦᠬᠦ ᠬᠤᠲᠠ ᠶᠢᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃      ᠯᠢ ᠴᠦᠨ ᠶᠠᠨ ᠱᠠᠭᠠᠷᠳᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠪᠠᠨ ᠲᠤᠶᠢᠯᠪᠤᠷᠢᠲᠠᠶ ᠬᠤᠪᠢᠷᠠᠭᠤᠯᠵᠤ᠂ ᠰᠤᠷᠲᠠᠯ ᠢᠶᠠᠨ ᠲᠤᠶᠢᠯᠪᠤᠷᠢᠲᠠᠶ ᠬᠤᠪᠢᠷᠠᠭᠤᠯᠵᠤ᠂ ︽ᠬᠥᠮᠦᠨ ᠪᠦᠬᠦᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ︾ ᠭᠡᠬᠦ ᠣᠶᠢᠯᠠᠭᠠᠭᠳᠠᠬᠤᠨ ᠢ ᠪᠣᠶ ᠪᠣᠯᠭᠠᠨ ᠤᠬᠠᠭᠤᠯᠵᠤ᠂ ︽ᠳᠠᠷᠤᠶᠢᠬᠠᠨ ᠭᠦᠶᠴᠡᠳᠬᠡᠬᠦ︾ ᠠᠵᠢᠯ ᠤᠨ ᠰᠤᠷᠲᠠᠯ ᠢ ᠶᠡᠭᠡ ᠪᠠᠷ ᠰᠠᠨᠠᠭᠠᠴᠢᠯᠠᠵᠤ᠂ ᠬᠤᠳᠠᠯᠳᠤᠭᠠᠴᠢᠨ ᠢ ᠳᠣᠲᠣᠨᠣᠴᠢᠯᠠᠬᠤ᠂ ᠬᠤᠳᠠᠯᠳᠤᠭ᠎ᠠ ᠶᠢ ᠴᠢᠬᠤᠯᠠᠴᠢᠯᠠᠬᠤ᠂ ᠬᠤᠳᠠᠯᠳᠤᠭᠠᠴᠢᠨ ᠢ ᠠᠮᠤᠷᠵᠢᠭᠤᠯᠬᠤ ᠂ ᠬᠤᠳᠠᠯᠳᠤᠭᠠᠴᠢᠨ ᠢ ᠪᠠᠶᠠᠵᠢᠭᠤᠯᠬᠤ ᠪᠠᠯᠠ ᠣᠷᠣᠭᠤᠯᠵᠤ ᠦᠶᠯᠡᠰ ᠪᠤᠰᠬᠠᠬᠤ ᠣᠷᠴᠢᠨ ᠨᠥᠬᠦᠴᠡᠯ ᠢ ᠦᠨᠡᠨ ᠬᠦ ᠪᠣᠶ ᠪᠣᠯᠭᠠᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠡᠯ᠎ᠡ ᠵᠦᠶᠯ ᠤᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠶ᠃ ᠴᠢᠨᠠᠷ ᠰᠠᠶᠢᠲᠠᠶ ᠬᠥᠭᠵᠢᠯᠲᠡ ᠶᠢᠨ ᠭᠤᠤᠯ ᠰᠡᠳᠦᠪ ᠲᠠᠢ ᠨᠢᠭᠲᠠ ᠤᠶᠠᠯᠳᠤᠭᠤᠯᠤᠨ᠂ ᠪᠥᠬᠦ ᠰᠢᠶᠠᠨ ᠤ ᠭᠤᠤᠯᠳᠠᠯᠭ᠎ᠠ ᠲᠠᠢ ᠲᠥᠷᠥᠯ ᠵᠦᠶᠯ ᠤᠨ ᠲᠣᠬᠢᠷᠠᠭᠤᠯᠤᠯᠲᠠ ᠲᠠᠢ ᠤᠶᠠᠯᠳᠤᠭᠤᠯᠤᠨ᠂ ᠠᠵᠤ ᠠᠬᠤᠶᠢᠯᠠᠯ ᠤᠨ ᠬᠡᠷᠡᠭᠴᠡᠭᠡ ᠪᠠ ᠲᠥᠷᠥᠯ ᠵᠦᠶᠯ ᠢ ᠨᠠᠶᠢᠳᠠᠪᠤᠷᠢᠵᠢᠭᠤᠯᠬᠤ ᠲᠠᠢ ᠤᠶᠠᠯᠳᠤᠭᠤᠯᠤᠨ᠂ ᠨᠠᠷᠢᠯᠢᠭ ᠣᠨᠣᠴᠠᠲᠠᠶ᠂ ᠪᠣᠳᠠᠲᠠᠶ ᠦᠶᠯᠡᠴᠢᠯᠡᠭᠡ ᠬᠠᠩᠭᠠᠵᠤ᠂ ᠪᠥᠬᠦ ᠰᠢᠶᠠᠨ ᠤ ᠭᠤᠤᠯᠳᠠᠯᠭ᠎ᠠ  ᠲᠠᠢ ᠲᠥᠷᠥᠯ ᠵᠦᠶᠯ ᠤᠨ ᠭᠡᠷ᠎ᠡ ᠲᠣᠭᠲᠠᠬᠤ᠂ ᠠᠵᠢᠯ ᠢᠶᠠᠨ ᠡᠬᠢᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠥᠭᠬᠦ ᠬᠡᠷᠡᠭᠲᠡᠶ᠃ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ 12345 ︽ᠵᠠᠷᠭᠤ ᠶᠢ ᠬᠦᠯᠢᠶᠡᠨ ᠠᠪᠤᠮᠠᠭᠴᠠ ᠰᠢᠢᠳᠪᠦᠷᠢᠯᠡᠬᠦ︾ ᠶᠢ ᠴᠢᠨᠠᠷ ᠰᠠᠶᠢᠲᠠᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠪᠠᠲᠤᠯᠠᠵᠤ᠂ ᠠᠷᠠᠳ ᠤᠨ ᠰᠠᠨᠠᠭ᠎ᠠ ᠶᠢ ᠪᠢᠳᠡ ᠬᠦᠯᠢᠶᠡᠵᠦ᠂ ᠠᠷᠠᠳ ᠤᠨ ᠬᠦᠰᠡᠯ ᠢ ᠪᠢ ᠬᠦᠯᠢᠶᠡᠵᠦ᠂ ᠤᠯᠠᠨ ᠲᠦᠮᠡᠨ ᠤ ᠠᠵᠢᠯ ᠢ ᠨᠡᠩ ᠬᠠᠯᠠᠭᠤᠨ ᠳᠤᠯᠠᠭᠠᠨ ᠬᠢᠬᠦ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠶᠢ ᠪᠠᠶᠢᠩᠭᠤᠵᠢᠭᠤᠯᠤᠭᠰᠠᠨ ᠪᠠᠶᠢᠳᠠᠯ ᠳᠣᠣᠷᠠᠬᠢ ᠤᠯᠠᠨ ᠲᠦᠮᠡᠨ ᠤ ᠰᠣᠶᠣᠯ ᠤᠨ ᠠᠵᠢᠯᠯᠠᠭ᠎ᠠ ᠶᠢ ᠰᠠᠶᠢᠲᠤᠷ ᠵᠣᠬᠢᠶᠠᠨ ᠪᠠᠶᠢᠭᠤᠯᠵᠤ᠂ ᠥᠳᠬᠡᠨ ᠵᠤᠵᠠᠭᠠᠨ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠪᠡ᠃      ᠯᠢ ᠴᠦᠨ ᠶᠠᠨ᠂ ᠪᠥᠬᠦ ᠰᠢᠶᠠᠨ ᠤ ᠳᠡᠭᠡᠳᠦ ᠳᠣᠤᠷᠠᠳᠤ ᠱᠠᠲᠤ ᠪᠠᠷ ᠢᠶᠠᠨ ᠤᠯᠤᠰ ᠲᠥᠷᠥ ᠶᠢᠨ ᠵᠣᠭᠰᠣᠴᠠ  ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠠᠷᠢᠭᠤᠨ ᠴᠢᠬᠡᠴᠢ  ᠪᠠᠷ ᠵᠠᠰᠠᠭ ᠪᠠᠷᠢᠬᠤ ᠰᠠᠶᠢᠨ ᠰᠠᠶᠢᠬᠠᠨ ᠬᠡᠪ ᠰᠤᠷᠲᠠᠯ ᠢ ᠶᠡᠭᠡ ᠪᠠᠷ ᠰᠠᠨᠠᠭᠠᠴᠢᠯᠠᠵᠤ᠂ ᠢᠮᠠᠭᠲᠠ ᠤᠯᠤᠰ ᠲᠥᠷᠥ ᠶᠢᠨ ᠰᠠᠬᠢᠯᠭ᠎ᠠ ᠪᠠᠲᠤ ᠪᠣᠯᠤᠨ ᠤᠯᠤᠰ ᠲᠥᠷᠥ ᠶᠢᠨ ᠶᠣᠰᠣ ᠲᠦᠷᠢᠮ ᠢ ᠲᠡᠷᠢᠭᠦᠨ ᠳᠤ ᠲᠠᠯᠪᠢᠵᠤ᠂ ︽ᠨᠠᠮ ᠤᠨ ᠲᠦᠷᠢᠮ︾᠂ ︽ᠪᠠᠷᠢᠮᠵᠢᠶ᠎ᠠ︾ ᠪᠣᠯᠤᠨ ︽ᠲᠦᠷᠢᠮ︾   ᠢᠶᠠᠷ ᠵᠢᠷᠤᠮᠯᠠᠯ ᠪᠣᠯᠭᠠᠵᠤ᠂ ᠤᠬᠠᠮᠰᠠᠷ ᠠᠴᠠ ᠪᠠᠨ ᠰᠠᠬᠢᠯᠭ᠎ᠠ ᠪᠠᠲᠤ ᠶᠢ ᠬᠦᠨᠳᠦᠳᠬᠡᠵᠦ᠂ ᠰᠠᠬᠢᠯᠭ᠎ᠠ ᠪᠠᠲᠤ ᠶᠢ ᠬᠡᠷᠡᠭᠵᠢᠭᠦᠯᠵᠦ᠂ ᠢᠯᠵᠠᠷᠠᠯ ᠢ ᠡᠰᠡᠷᠭᠦᠴᠡᠵᠦ ᠴᠢᠨᠠᠷ ᠬᠤᠪᠢᠷᠬᠠᠤ ᠶᠢ ᠰᠡᠷᠭᠡᠶᠢᠯᠡᠬᠦ ᠬᠤᠷᠢᠭ᠎ᠠ ᠱᠤᠭᠤᠮ ᠢ ᠪᠠᠲᠤ ᠴᠣᠭᠴᠠᠯᠠᠵᠤ᠂ ᠢᠮᠠᠭᠲᠠ ᠴᠢᠩᠭ᠎ᠠ ᠰᠤᠷᠲᠠᠯ᠂ ᠪᠣᠳᠠᠲᠠᠶ ᠠᠷᠭ᠎ᠠ ᠬᠡᠮᠵᠢᠶ᠎ᠡ  ᠪᠠᠷ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ ᠬᠡᠷᠡᠭᠲᠡᠶ᠃ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠵᠣᠷᠢᠭᠲᠠᠢ ᠪᠠᠷ ᠵᠢᠳᠬᠦᠯ ᠴᠢᠷᠮᠠᠶᠢᠯᠭ᠎ᠠ ᠭᠠᠷᠭᠠᠵᠤ᠂ ᠡᠭᠦᠷᠢᠳᠡ ᠦᠯᠦ ᠴᠠᠯᠠᠭᠠᠶᠢᠷᠠᠬᠤ ᠤᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠴᠤᠴᠠᠯᠲᠠ ᠦᠭᠡᠢ ᠤᠷᠤᠭᠰᠢᠯᠠᠬᠤ ᠲᠡᠮᠡᠴᠡᠯ ᠤᠨ ᠳᠦᠷᠰᠦ ᠪᠠᠶᠢᠳᠠᠯ ᠢᠶᠠᠨ ᠢᠮᠠᠭᠲᠠ ᠪᠠᠲᠤᠯᠠᠬᠤ ᠬᠡᠷᠡᠭᠲᠡᠢ ᠭᠡᠵᠦ ᠵᠢᠭᠠᠨ ᠭᠠᠷᠭᠠᠪᠠ᠃      ᠯᠢ ᠴᠦᠨ ᠶᠠᠨ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠬᠢᠯᠡᠯᠲᠡ ᠶᠢᠨ ᠵᠢᠯ᠂ ᠠᠵᠠ ᠲᠣᠬᠢᠶᠠᠯ ᠢᠶᠠᠷ ᠳᠦᠭᠦᠷᠡᠩ᠂ ᠬᠦᠰᠡᠯ ᠡᠷᠡᠮᠡᠯᠵᠡᠯ ᠢᠶᠠᠷ ᠪᠢᠯᠬᠠᠮ᠎ᠠ ᠨᠢᠭᠡ ᠵᠢᠯ ᠪᠣᠯᠤᠨ᠎ᠠ᠃ ︽ᠵᠢᠯ ᠤᠨ ᠠᠵᠢᠯ ᠬᠠᠪᠤᠷ ᠲᠠᠭᠠᠨ︾᠂ ᠪᠦᠬᠦ ᠰᠢᠶᠠᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠦᠳᠲᠡᠷ ᠲᠦᠷᠭᠡᠨ ᠬᠥᠳᠡᠯᠦᠯᠴᠡᠵᠦ᠂ ᠪᠦᠬᠦ ᠰᠢᠶᠠᠨ ᠤ ᠬᠥᠭᠵᠢᠯᠲᠡ ᠶᠢᠨ ᠰᠡᠳᠬᠢᠴᠡ᠂ ᠭᠤᠣᠯ ᠠᠵᠢᠯ ᠤᠨ ᠲᠣᠭᠤᠷᠢᠨ ᠳᠤ᠂ ᠡᠭᠦᠷᠭᠡᠯᠡᠵᠦ ᠪᠠᠶᠢᠭ᠎ᠠ ᠡᠭᠦᠷᠭᠡ᠂ ᠬᠠᠷᠢᠭᠤᠴᠠᠵᠤ ᠪᠠᠶᠢᠭ᠎ᠠ ᠠᠵᠢᠯ ᠢᠶᠠᠨ ᠰᠠᠶᠢᠲᠤᠷ ᠲᠥᠯᠥᠪᠵᠢᠭᠦᠯᠵᠦ᠂ ᠰᠠᠶᠢᠲᠤᠷ ᠠᠬᠢᠭᠤᠯᠵᠤ᠂ ᠡᠷᠲᠡᠬᠡᠨ ᠲᠣᠬᠢᠷᠠᠭᠤᠯᠤᠨ᠂ ᠡᠷᠲᠡᠬᠡᠨ ᠪᠠᠶᠢᠷᠢᠯᠠᠭᠤᠯᠵᠤ᠂ ᠡᠷᠲᠡᠬᠡᠨ ᠬᠥᠳᠡᠯᠦᠯᠴᠡᠵᠦ᠂ ᠡᠬᠢᠯᠡᠯᠲᠡ ᠪᠣᠯ ᠳᠠᠷᠤᠶ ᠰᠢᠶᠳᠪᠦᠷᠢᠲᠦ ᠳᠠᠶᠢᠯᠠᠯᠳᠤᠭᠠᠨ ᠮᠥᠨ᠂ ᠡᠬᠢᠯᠡᠯᠲᠡ ᠪᠣᠯ ᠳᠠᠷᠤᠶ ᠰᠢᠪᠲᠤᠯᠤᠯᠲᠠ ᠶᠢᠨ ᠡᠷᠴᠢ ᠵᠣᠷᠢᠭ ᠮᠥᠨ᠂ ︽ᠨᠢᠭᠡᠳᠦᠭᠡᠷ ᠹᠷᠣᠨᠲ ᠤᠨ ᠠᠵᠢᠯ ᠤᠨ ᠠᠷᠭ᠎ᠠ︾᠂ ︽ᠪᠢᠲᠡᠭᠦᠦ ᠴᠠᠭᠠᠷᠢᠭ ᠤᠨ ᠠᠵᠢᠯ ᠤᠨ ᠠᠷᠭ᠎ᠠ︾ ᠶᠢ ᠨᠠᠶᠢᠳᠠᠪᠤᠷᠢᠵᠢᠭᠤᠯᠵᠤ᠂ ᠲᠦᠷᠦᠭᠦᠦ ᠤᠯᠠᠷᠢᠯ ᠤᠨ ᠰᠠᠶᠢᠨ ᠡᠬᠢᠯᠡᠯᠲᠡ ᠶᠢ ᠪᠡᠶᠡᠯᠡᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠰᠠᠶᠢᠲᠤᠷ ᠡᠬᠢᠯᠡᠭᠦᠯᠵᠦ᠂ ᠰᠠᠶᠢᠲᠤᠷ ᠡᠬᠢᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠤᠢ ᠳᠤ ᠪᠡᠯᠡᠭ ᠪᠤᠯᠭᠠᠨ᠎ᠠ ᠭᠡᠪᠡ᠃      ᠰᠦᠨ ᠰᠢᠶᠦ᠋ᠨ᠂ ᠶᠦᠨ ᠷᠦᠢ ᠵᠢᠶᠦ᠋ᠨ᠂ ᠲᠢᠶᠠᠨ ᠸᠧᠨ ᠭᠧ ᠵᠡᠷᠭᠡ ᠰᠢᠶᠠᠨ ᠭᠠᠵᠠᠷ ᠤᠨ ᠲᠡᠰ ᠤᠨ ᠤᠳᠤᠷᠢᠳᠤᠯᠭ᠎ᠠ᠂ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1