ᠮᠠᠨ ᠤ ᠣᠷᠣᠨ ᠤ ᠨᠤᠭᠤ ᠭᠠᠵᠠᠷ ᠤᠨ ᠲᠠᠯᠠᠪᠠᠶ 600 ᠭᠠᠷᠤᠶ ᠲᠦᠮᠡᠨ ᠾᠧᠺᠲ᠋ᠠᠷ ᠲᠤ ᠬᠥᠷᠪᠡ
ᠨᠡᠶᠢᠲᠡᠯᠡᠭᠰᠡᠨ ᠴᠠᠭ᠄
2021/2/4
       2021 ᠣᠨ ᠤ 2 ᠳ᠋ᠤᠭᠠᠷ ᠰᠠᠷ᠎ᠠ ᠶᠢᠨ 2 ᠤᠨ ᠡᠳᠦᠷ ᠪᠣᠯ ᠬᠤᠷᠢᠨ ᠲᠠᠪᠤᠳᠠᠬᠢ ︽ᠳᠡᠯᠡᠬᠡᠶ ᠶᠢᠨ ᠨᠤᠭᠤ ᠭᠠᠵᠠᠷ ᠤᠨ ᠡᠳᠦᠷ︾ ᠮᠦᠨ᠂ ᠡᠨᠡ ᠵᠢᠯ ᠤᠨ ᠭᠤᠤᠯ ᠰᠡᠳᠦᠪ ᠨᠢ ︽ᠨᠤᠭᠤ ᠭᠠᠵᠠᠷ ᠬᠢᠭᠡᠳ ᠤᠰᠤ︾ ᠪᠣᠯᠤᠨ᠎ᠠ᠂ ᠡᠨᠡ ᠨᠢ ᠨᠤᠭᠤ ᠭᠠᠵᠠᠷ ᠤᠨ ᠪᠥᠬᠦ ᠪᠥᠮᠪᠥᠷᠴᠡᠭ ᠤᠨ ᠴᠡᠩᠭᠡᠭ ᠤᠰᠤᠨ ᠤ ᠬᠠᠳᠠᠭᠠᠯᠠᠭᠳᠠᠴᠠ ᠪᠣᠯᠤᠨ ᠤᠰᠤᠨ ᠤ ᠴᠢᠨᠠᠷ ᠢ ᠪᠠᠲᠤᠯᠠᠬᠤ ᠳᠤ ᠴᠢᠬᠤᠯᠠ ᠬᠤᠪᠢ ᠨᠡᠮᠡᠷᠢ ᠦᠵᠡᠭᠦᠯᠬᠦ ᠶᠢ ᠴᠢᠬᠤᠯᠠᠴᠢᠯᠠᠵᠤ᠂ ᠤᠰᠤ ᠪᠣᠯᠤᠨ ᠨᠤᠭᠤ ᠭᠠᠵᠠᠷ ᠤᠨ ᠬᠤᠭᠤᠷᠣᠨᠳᠣᠬᠢ ︽ᠠᠮᠢ ᠨᠢᠭᠡᠲᠡᠶ᠂ ᠬᠠᠷᠢᠯᠴᠠᠨ ᠲᠦᠰᠢᠭᠯᠡᠯᠴᠡᠬᠦ︾ ᠬᠠᠷᠢᠴᠠᠭ᠎ᠠ ᠶᠢ ᠳᠣᠪᠤᠶᠢᠯᠭᠠᠬᠤ ᠶᠢᠨ ᠲᠥᠯᠥᠭᠡ ᠶᠤᠮ᠃      ᠨᠤᠭᠤ ᠭᠠᠵᠠᠷ ᠨᠢ ︽ᠠᠮᠢ ᠨᠠᠰᠤᠨ ᠤ ᠥᠯᠥᠭᠡᠶ︾᠂ ︽ᠳᠡᠯᠡᠬᠡᠶ ᠶᠢᠨ ᠪᠥᠮᠪᠥᠷᠴᠡᠭ ᠤᠨ ᠪᠥᠭᠡᠷ᠎ᠡ︾ ᠬᠡᠮᠡᠭᠳᠡᠵᠦ᠂ ᠤᠰᠤ ᠬᠠᠳᠠᠭᠠᠯᠠᠨ ᠦᠶᠡᠷ ᠢ ᠲᠣᠬᠢᠷᠠᠭᠤᠯᠬᠤ᠂ ᠠᠭᠤᠷ ᠠᠮᠢᠰᠬᠤᠯ ᠢ ᠵᠣᠬᠢᠴᠠᠭᠤᠯᠬᠤ᠂ ᠤᠰᠤᠨ ᠤ ᠴᠢᠨᠠᠷ ᠢ ᠴᠡᠪᠡᠷᠰᠢᠭᠦᠯᠬᠦ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠲᠠᠯ᠎ᠠ ᠪᠠᠷ ᠴᠢᠬᠤᠯᠠ ᠦᠶ᠋ᠯᠡᠳᠦᠯ ᠦᠵᠡᠭᠦᠯᠵᠦ᠂ ᠬᠥᠮᠦᠨ ᠲᠥᠷᠥᠯᠬᠢᠲᠡᠨ ᠤ ᠣᠷᠣᠰᠢᠨ ᠲᠣᠭᠲᠠᠨᠢᠬᠤ ᠪᠠ ᠦᠷᠭᠦᠯᠵᠢᠯᠡᠨ ᠬᠥᠭᠵᠢᠬᠦ ᠶᠢᠨ ᠴᠢᠬᠤᠯᠠ ᠰᠠᠭᠤᠷᠢ ᠪᠣᠯᠳᠠᠭ᠃ ᠣᠶᠢᠷ᠎ᠠ ᠶᠢᠨ ᠵᠢᠯ ᠤᠨ ᠲᠤᠷᠰᠢ᠂ ᠮᠠᠨ ᠤ ᠣᠷᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠭᠤ ᠭᠠᠵᠠᠷ ᠢ ᠬᠠᠮᠠᠭᠠᠯᠠᠬᠤ ᠲᠦᠷᠢᠮ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠭᠤ ᠭᠠᠵᠠᠷ ᠢ ᠬᠠᠮᠠᠭᠠᠯᠠᠨ ᠰᠡᠷᠭᠦᠭᠡᠬᠦ ᠲᠦᠷᠢᠮ ᠤᠨ ᠬᠡᠷᠡᠭᠵᠢᠭᠦᠯᠬᠦ ᠲᠥᠰᠦᠯ︾ ᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠤᠭᠤ ᠭᠠᠵᠠᠷ ᠢ ᠬᠠᠮᠠᠭᠠᠯᠠᠨ ᠰᠡᠷᠭᠦᠭᠡᠬᠦ ᠠᠵᠢᠯ ᠢᠯᠡᠳᠲᠡ ᠦᠷ᠎ᠡ ᠪᠦᠲᠦᠮᠵᠢ ᠤᠯᠪᠠ᠃ ᠣᠳᠣᠬᠠᠨ ᠳᠤ᠂ ᠪᠥᠬᠦ ᠣᠷᠣᠨ ᠤ ᠨᠤᠭᠤ ᠭᠠᠵᠠᠷ ᠤᠨ ᠶᠡᠷᠦᠩᠬᠡᠶ ᠲᠠᠯᠠᠪᠠᠶ ᠨᠢ 601.06 ᠲᠦᠮᠡᠨ ᠾᠧᠺᠲ᠋ᠠᠷ ᠪᠠᠶᠢᠵᠤ᠂ ᠪᠥᠬᠦ ᠣᠷᠣᠨ ᠤ ᠨᠤᠲᠤᠭ ᠳᠡᠪᠢᠰᠬᠡᠷ ᠤᠨ ᠲᠠᠯᠠᠪᠠᠶ ᠶᠢᠨ 5.08% ᠶᠢ ᠡᠵᠡᠯᠡᠵᠦ ᠪᠣᠢ᠃ ᠮᠠᠨ ᠤ ᠣᠷᠣᠨ ᠤ ᠨᠤᠭᠤ ᠭᠠᠵᠠᠷ ᠤᠨ ᠲᠥᠷᠥᠯ ᠬᠡᠯᠪᠡᠷᠢ ᠣᠯᠠᠨ ᠶᠠᠩᠵᠤ ᠶᠢᠨ ᠪᠠᠶᠢᠵᠤ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠡᠯᠪᠡᠭ ᠪᠠᠶᠠᠯᠢᠭ᠂ ᠨᠤᠭᠤ ᠭᠠᠵᠠᠷ ᠤᠨ ᠬᠡᠪᠴᠢᠶᠡᠨ ᠳᠤ ᠰᠡᠭᠡᠷᠲᠡᠨ 288 ᠵᠦᠢᠯ ᠲᠠᠷᠬᠠᠵᠤ ᠪᠣᠶ᠂ ᠡᠭᠦᠨ ᠳᠤ ᠰᠢᠪᠠᠭᠤᠨ ᠤ ᠲᠥᠷᠥᠯ 142 ᠵᠦᠢᠯ᠂ ᠬᠤᠶᠠᠷ ᠨᠤᠲᠤᠭᠲᠠᠨ 8 ᠵᠦᠢᠯ᠂ ᠮᠥᠯᠬᠦᠭᠴᠢ ᠲᠥᠷᠥᠯ 6 ᠵᠦᠢᠯ᠂ ᠠᠷᠢᠶᠠᠲᠠᠨ ᠤ ᠲᠥᠷᠥᠯ 32 ᠵᠦᠢᠯ᠂ ᠵᠢᠭᠠᠰᠤᠨ ᠤ ᠲᠥᠷᠥᠯ 100 ᠵᠦᠢᠯ ᠪᠠᠶᠢᠵᠤ᠂ ᠨᠤᠭᠤ ᠭᠠᠵᠠᠷ ᠤᠨ ᠳᠡᠭᠡᠳᠦ ᠵᠡᠷᠭᠡ ᠶᠢᠨ ᠤᠷᠭᠤᠮᠠᠯ 467 ᠵᠦᠢᠯ ᠪᠠᠶᠢᠵᠤ᠂ 92 ᠰᠠᠯᠠᠭ᠎ᠠ 216 ᠲᠥᠷᠥᠯ ᠳᠤ ᠬᠠᠷᠢᠶᠠᠯᠠᠭᠳᠠᠵᠤ᠂ ᠨᠤᠭᠤ ᠭᠠᠵᠠᠷ ᠢᠶᠠᠷ ᠬᠠᠮᠠᠭᠠᠯᠠᠯᠲᠠ ᠶᠢᠨ ᠣᠷᠣᠨ ᠪᠣᠯᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ 83᠂ ᠤᠯᠤᠰ ᠤᠨ ᠳᠡᠰ ᠤᠨ ᠨᠤᠭᠤ ᠭᠠᠵᠠᠷ ᠤᠨ ᠴᠡᠴᠡᠷᠯᠢᠭ 53᠂ ᠥᠪᠡᠷᠲᠡᠭᠡᠨ ᠵᠠᠰᠠᠬᠤ ᠣᠷᠣᠨ ᠤ ᠳᠡᠰ ᠤᠨ ᠨᠤᠭᠤ ᠭᠠᠵᠠᠷ ᠤᠨ ᠴᠡᠴᠡᠷᠯᠢᠭ 5 ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠪᠦᠯᠦᠭ ᠤᠨ ᠴᠢᠬᠤᠯᠠ ᠨᠤᠭᠤ ᠭᠠᠵᠠᠷ 16 ᠶᠢ ᠨᠡᠶᠢᠲᠡᠯᠡᠪᠡ᠃ ᠣᠳᠣᠬᠠᠨ ᠳᠤ᠂ ᠮᠠᠨ ᠤ ᠣᠷᠣᠨ ᠨᠢᠭᠡᠨᠲᠡ ᠨᠤᠭᠤ ᠭᠠᠵᠠᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠨᠤᠭᠤ ᠭᠠᠵᠠᠷ ᠤᠨ ᠴᠡᠴᠡᠷᠯᠢᠭ ᠢᠶᠠᠷ ᠭᠤᠤᠯ ᠪᠣᠯᠭᠠᠭᠰᠠᠨ᠂ ᠪᠤᠰᠤᠳ ᠬᠠᠮᠠᠭᠠᠯᠠᠯᠲᠠ ᠶᠢᠨ ᠬᠡᠯᠪᠡᠷᠢ ᠪᠠᠷ ᠨᠥᠬᠦᠪᠥᠷᠢ ᠪᠣᠯᠭᠠᠭᠰᠠᠨ ᠨᠤᠭᠤ ᠭᠠᠵᠠᠷ ᠤᠨ ᠬᠠᠮᠠᠭᠠᠯᠠᠯᠲᠠ ᠶᠢᠨ ᠰᠢᠰᠲ᠋ᠧᠮᠵᠢ ᠶᠢ ᠠᠩᠬ᠎ᠠ ᠠᠯᠬᠤᠮ ᠪᠦᠷᠢᠯᠳᠦᠭᠦᠯᠵᠦ᠂ ᠨᠤᠭᠤ ᠭᠠᠵᠠᠷ ᠤᠨ ᠬᠠᠮᠠᠭᠠᠯᠠᠯᠲᠠ ᠶᠢᠨ ᠨᠣᠷᠮ᠎ᠠ 31.89% ᠳᠤ ᠬᠦᠷᠴᠦ ᠪᠠᠶᠢᠨ᠎ᠠ᠃
 
ᠢᠷᠡᠯᠲᠡ᠄ ᠦᠪᠤᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1