2 ᠳ᠋ᠤᠭᠠᠷ ᠰᠠᠷ᠎ᠠ ᠶᠢᠨ 3 ᠤ ᠡᠳᠦᠷ ᠠᠴᠠ ᠡᠬᠢᠯᠡᠨ ᠮᠠᠨ ᠤ ᠣᠷᠣᠨ ᠤ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠦᠨ᠎ᠡ ᠶᠢ ᠪᠠᠭᠤᠷᠠᠭᠤᠯᠤᠭᠠᠳ 80 ᠲᠥᠭᠦᠷᠢᠭ / ᠤᠳᠠᠭ᠎ᠠ ᠪᠣᠯᠭᠠᠪᠠ
ᠨᠡᠶᠢᠲᠡᠯᠡᠭᠰᠡᠨ ᠴᠠᠭ᠄
2021/2/4
           ᠠᠷᠠᠳ ᠣᠯᠠᠨ ᠤ ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠬᠦ ᠶᠢᠨ ᠲᠤᠰᠠᠳᠠ᠂ ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ︽ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠢ ᠪᠠᠶᠢᠴᠠᠭᠠᠨ ᠬᠡᠮᠵᠢᠬᠦ ᠲᠥᠷᠥᠯ ᠵᠦᠶ᠋ᠯ ᠤᠨ ᠦᠨ᠎ᠡ ᠶᠢ ᠨᠥᠬᠦᠪᠥᠷᠢᠯᠡᠨ ᠲᠣᠬᠢᠷᠠᠭᠤᠯᠬᠤ ᠬᠤᠯᠪᠣᠭᠳᠠᠯ ᠪᠥᠬᠦᠶ ᠠᠰᠠᠭᠤᠳᠠᠯ ᠤᠨ ᠲᠤᠬᠠᠶ ᠮᠡᠳᠡᠭᠳᠡᠯ︾ ᠢ ᠨᠡᠶᠢᠲᠡᠯᠡᠵᠦ᠂ 2 ᠳ᠋ᠤᠭᠠᠷ ᠰᠠᠷ᠎ᠠ ᠶᠢᠨ 3 ᠤ ᠡᠳᠦᠷ ᠠᠴᠠ ᠡᠬᠢᠯᠡᠨ᠂ ᠮᠠᠨ ᠤ ᠣᠷᠣᠨ ᠤ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ 1 ᠬᠥᠮᠦᠨ ᠤ 1 ᠤᠳᠠᠭ᠎ᠠ ᠪᠠᠶᠢᠴᠠᠭᠠᠨ ᠬᠡᠮᠵᠢᠬᠦ ᠲᠥᠷᠥᠯ ᠵᠦᠶ᠋ᠯ ᠤᠨ ᠦᠨ᠎ᠡ ᠶᠢ 110 ᠲᠥᠭᠦᠷᠢᠭ / ᠤᠳᠠᠭ᠎ᠠ ᠠᠴᠠ 80 ᠲᠥᠭᠦᠷᠢᠭ / ᠤᠳᠠᠭ᠎ᠠ ᠪᠣᠯᠭᠠᠨ ᠲᠣᠬᠢᠷᠠᠭᠤᠯᠤᠨ᠎ᠠ ᠭᠡᠵᠦ ᠲᠣᠳᠣᠷᠬᠠᠶ ᠲᠣᠭᠲᠠᠭᠠᠪᠠ᠃        ᠡᠭᠦᠨ ᠠᠴᠠ ᠭᠠᠳᠠᠨ᠎ᠠ᠂ ︽ᠮᠡᠳᠡᠭᠳᠡᠯ︾ ᠳᠤ ᠪᠠᠰᠠ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ 10 ᠶᠢ ᠨᠡᠶᠢᠯᠡᠭᠦᠯᠦᠨ 1 ᠶᠢ ᠬᠤᠯᠢᠯᠳᠤᠭᠤᠯᠤᠨ ᠠᠪᠴᠤ 1 ᠶᠢ ᠪᠠᠶᠢᠴᠠᠭᠠᠨ ᠬᠡᠮᠵᠢᠬᠦ ᠳᠤ ᠬᠥᠮᠦᠨ ᠪᠦᠷᠢ ᠤᠳᠠᠭ᠎ᠠ ᠪᠣᠯᠭᠠᠨ 15 ᠲᠥᠭᠦᠷᠢᠭ᠂ ᠰᠢᠨ᠎ᠡ ᠲᠢᠲᠢᠮᠯᠢᠭ ᠸᠢᠷᠦ᠋ᠰ ᠤᠨ 5 ᠶᠢ ᠬᠤᠯᠢᠯᠳᠤᠭᠤᠯᠤᠨ 1 ᠶᠢ ᠪᠠᠶᠢᠴᠠᠭᠠᠨ ᠬᠡᠮᠵᠢᠬᠦ ᠳᠤ ᠬᠥᠮᠦᠨ ᠪᠦᠷᠢ ᠤᠳᠠᠭ᠎ᠠ ᠪᠣᠯᠭᠠᠨ 25 ᠲᠥᠭᠦᠷᠢᠭ ᠬᠡᠷᠡᠭᠰᠡᠨ᠎ᠡ ᠭᠡᠵᠦ ᠲᠣᠳᠣᠷᠬᠠᠶᠢᠯᠠᠪᠠ᠃ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ 10 ᠶᠢ ᠨᠡᠶᠢᠯᠡᠭᠦᠯᠦᠨ 1 ᠶᠢ ᠬᠤᠯᠢᠯᠳᠤᠭᠤᠯᠤᠨ ᠠᠪᠴᠤ ᠪᠠᠶᠢᠴᠠᠭᠠᠨ ᠬᠡᠮᠵᠢᠬᠦ ᠪᠠ 5 ᠶᠢ ᠬᠤᠯᠢᠯᠳᠤᠭᠤᠯᠤᠨ 1 ᠶᠢ ᠪᠠᠶᠢᠴᠠᠭᠠᠨ ᠬᠡᠮᠵᠢᠬᠦ ᠵᠠᠷᠤᠳᠠᠯ ᠢ ᠬᠠᠮᠢᠶ᠎ᠠ ᠪᠥᠬᠦᠶ ᠪᠠᠶᠢᠴᠠᠭᠠᠨ ᠬᠡᠮᠵᠢᠬᠦ ᠪᠠᠶᠢᠭᠤᠯᠤᠮᠵᠢ ᠠᠴᠠ ᠶᠡᠭᠡ ᠬᠡᠪᠴᠢᠶᠡᠨ ᠤ ᠬᠥᠮᠦᠰ ᠲᠤ ᠲᠦᠷᠭᠡᠨ ᠰᠢᠭᠰᠢᠨ ᠪᠠᠶᠢᠴᠠᠭᠠᠬᠤ ᠳᠤ ᠬᠤᠷᠢᠶᠠᠨ ᠠᠪᠬᠤ ᠳᠤ ᠬᠡᠷᠡᠭᠯᠡᠨ᠎ᠡ᠃ ᠥᠪᠡᠷᠲᠡᠭᠡᠨ ᠵᠠᠰᠠᠬᠤ ᠣᠷᠣᠨ ᠡᠮᠴᠢᠯᠡᠭᠡᠨ ᠤ ᠪᠠᠶᠢᠭᠤᠯᠤᠮᠵᠢ ᠶᠢᠨ ᠰᠦᠯᠵᠢᠶᠡᠨ ᠠᠴᠠ ᠭᠠᠳᠠᠨ᠎ᠠ ᠬᠤᠳᠠᠯᠳᠤᠨ ᠠᠪᠬᠤ᠂ ᠳᠤᠷ᠎ᠠ ᠪᠠᠷ ᠰᠦᠢᠳᠬᠡᠯ ᠬᠤᠷᠢᠶᠠᠬᠤ ᠬᠡᠪᠴᠢᠶ᠎ᠡ ᠶᠢ ᠥᠷᠭᠡᠳᠬᠡᠬᠦ ᠪᠠ ᠰᠦᠢᠳᠬᠡᠯ ᠬᠤᠷᠢᠶᠠᠬᠤ ᠪᠠᠷᠢᠮᠵᠢᠶ᠎ᠠ ᠶᠢ ᠳᠡᠭᠡᠭᠰᠢᠯᠡᠭᠦᠯᠬᠦ ᠵᠡᠷᠭᠡ ᠦᠢᠯᠡ ᠠᠵᠢᠯᠯᠠᠭ᠎ᠠ ᠶᠢ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠴᠢᠩᠭ᠎ᠠ ᠰᠢᠢᠳᠪᠦᠷᠢᠯᠡᠨ᠎ᠡ᠃      ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠢ ᠪᠠᠶᠢᠴᠠᠭᠠᠨ ᠬᠡᠮᠵᠢᠬᠦ ᠲᠥᠷᠥᠯ ᠵᠦᠢᠯ ᠨᠢ ᠬᠢᠵᠢᠭ ᠤᠨ ᠬᠤᠭᠤᠴᠠᠭᠠᠨ ᠤ ᠲᠦᠷ ᠴᠠᠭ ᠰᠦᠢᠳᠭᠡᠯ ᠬᠤᠷᠢᠶᠠᠬᠤ ᠲᠥᠷᠥ ᠶᠢᠨ ᠪᠣᠳᠣᠯᠭ᠎ᠠ ᠪᠠᠶᠢᠵᠤ᠂ ᠬᠢᠵᠢᠭ ᠤᠨ ᠪᠠᠶᠢᠳᠠᠯ ᠳᠠᠭᠤᠰᠤᠭᠰᠠᠨ ᠤ ᠳᠠᠷᠠᠭ᠎ᠠ ᠠᠶᠠᠨᠳᠠᠭᠠᠨ ᠬᠦᠴᠦᠨ ᠥᠬᠡᠶ ᠪᠣᠯᠤᠨ᠎ᠠ᠃
 
ᠢᠷᠡᠯᠲᠡ᠄ ᠦᠪᠤᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1