ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠬᠤᠷᠠᠯ ᠬᠤᠷᠠᠯᠳᠤᠭᠤᠯᠵᠤ ᠪᠦᠬᠦ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠠᠬᠢᠨ ᠲᠤᠬᠢᠷᠠᠭᠤᠯᠵᠤ ᠲᠠᠬᠢᠨ ᠪᠠᠶᠢᠷᠢᠯᠠᠭᠤᠯᠵᠠᠢ
ᠨᠡᠶᠢᠲᠡᠯᠡᠭᠰᠡᠨ ᠴᠠᠭ᠄
2021/2/7
      2 ᠳ᠋ᠤᠭᠠᠷ ᠰᠠᠷ᠎ᠠ ᠶᠢᠨ 2   ᠤᠨ ᠤᠷᠤᠢ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠣᠷᠣᠯᠠᠭᠴᠢ ᠳᠠᠷᠤᠭ᠎ᠠ᠂ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠶᠡᠷᠦᠩᠬᠡᠢ ᠵᠢᠯᠤᠭᠤᠳᠤᠬᠴᠢ ᠯᠢᠦ ᠵᠢᠢ ᠶᠢᠩ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ 13 ᠳ᠋ᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠠᠴᠠ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠵᠢᠯᠣᠭᠤᠳᠬᠤ ᠭᠠᠵᠠᠷ ᠤᠨ ᠡᠯ᠎ᠡ ᠠᠵᠢᠯᠯᠠᠬᠤ ᠳᠤᠭᠤᠶᠢᠯᠠᠩ᠂ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ᠂ ᠠᠵᠤ ᠦᠢᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ  ᠤᠨ ᠤᠢᠢᠷ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠪᠦᠬᠦ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠠᠬᠢᠨ ᠪᠠᠶᠢᠷᠢᠯᠠᠭᠤᠯᠵᠠᠢ᠃      ᠬᠤᠷᠠᠯ ᠠᠴᠠ᠂ ᠢᠮᠠᠭᠲᠠ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠡᠯ᠎ᠡ ᠵᠦᠶᠯ ᠤᠨ ᠠᠵᠢᠯ ᠢ ᠥᠴᠦᠬᠡᠨ ᠴᠦ ᠰᠤᠯᠠᠷᠠᠭᠤᠯᠤᠯ ᠥᠬᠡᠶ ᠰᠠᠶᠢᠲᠤᠷ ᠠᠳᠬᠤᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠩᠭᠢᠯᠠᠭ᠎ᠠ  ᠶᠢᠨ ᠬᠤᠭᠤᠴᠠᠭ᠎ᠠ ᠶᠢ ᠡᠷᠡᠰ ᠰᠠᠬᠢᠵᠤ᠂ ᠪᠥᠬᠦ ᠰᠢᠶᠠᠨ ᠤ ᠠᠷᠠᠳ ᠣᠯᠠᠨ ᠤ ᠠᠮᠤᠷ ᠲᠦᠪᠰᠢᠨ᠂ ᠡᠷᠡᠭᠦᠯ ᠮᠡᠨᠳᠦ᠂ ᠪᠣᠯᠪᠠᠰᠤᠨ᠂ ᠥᠯᠵᠡᠶ ᠪᠡᠯᠭᠡ ᠲᠠᠢ ᠴᠠᠭᠠᠨ ᠰᠠᠷ᠎ᠠ ᠶᠢ ᠥᠩᠭᠡᠷᠡᠭᠦᠯᠬᠦ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ      ᠬᠤᠷᠠᠯ ᠠᠴᠠ᠂ ᠲᠠᠶᠢᠪᠤᠰᠢᠷᠠᠬᠤ ᠦᠵᠡᠯ ᠰᠠᠨᠠᠭ᠎ᠠ ᠪᠣᠯᠤᠨ ᠰᠤᠯᠠᠷᠠᠬᠤ ᠰᠡᠳᠬᠢᠯᠭᠡ ᠶᠢ ᠡᠷᠡᠰ ᠲᠡᠪᠴᠢᠵᠦ᠂ ᠤᠯᠤᠰ ᠤᠨ ᠳᠣᠲᠣᠭᠠᠳᠤ ᠶᠢᠨ ᠣᠨᠴᠠ ᠵᠠᠷᠢᠮ ᠭᠠᠵᠠᠷ ᠣᠷᠣᠨ ᠳᠤ ᠲᠠᠷᠠᠬᠠᠶ ᠪᠤᠲᠠᠷᠬᠠᠶ ᠡᠪᠡᠳᠴᠢᠨ ᠤ ᠵᠢᠱᠢᠶ᠎ᠡ ᠢᠯᠡᠷᠡᠭᠰᠡᠨ ᠰᠤᠷᠭᠠᠮᠵᠢ ᠶᠢ ᠭᠦᠨᠵᠡᠭᠡᠶ ᠰᠢᠩᠭᠡᠭᠡᠨ ᠠᠪᠴᠤ᠂ ᠨᠢᠭᠡ ᠠᠴᠠ ᠵᠦᠶᠴᠢᠯᠡᠨ ᠨᠥᠭᠦᠭᠡ ᠶᠢ ᠮᠡᠳᠡᠵᠦ ᠪᠠᠶᠢᠭᠠᠳ ᠮᠠᠨ ᠤ ᠰᠢᠶᠠᠨ ᠤ ᠰᠡᠷᠭᠡᠶᠢᠯᠡᠨ ᠡᠵᠡᠮᠳᠡᠬᠦ ᠠᠵᠢᠯ ᠳᠤ ᠣᠷᠣᠰᠢᠵᠤ ᠪᠠᠶᠢᠭ᠎ᠠ ᠳᠤᠲᠠᠭᠳᠠᠯ ᠪᠣᠯᠤᠨ ᠬᠦᠷᠦᠯᠴᠡᠬᠦ ᠥᠬᠡᠶ ᠲᠠᠯ᠎ᠠ ᠶᠢ ᠡᠷᠢᠵᠦ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠡᠭᠦᠰᠬᠦ ᠶᠢ ᠰᠡᠷᠭᠡᠶᠢᠯᠡᠬᠦ︾ ᠠᠵᠢᠯ ᠢ ᠦᠷᠭᠦᠯᠵᠢᠯᠡᠨ ᠴᠢᠩᠭᠠᠳᠬᠠᠬᠤ ᠬᠡᠷᠡᠭᠲᠡᠶ᠃ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠣᠯᠠᠨ ᠲᠦᠮᠡᠨ  ᠤ ᠥᠪᠡᠷ ᠢ ᠪᠠᠨ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠭᠦᠯᠦᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠨᠡᠶᠢᠲᠡᠯᠡᠵᠦ᠂ ᠬᠢᠵᠢᠭ ᠢ ᠰᠡᠷᠭᠡᠶᠢᠯᠡᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠭᠦᠨᠵᠡᠭᠡᠢ ᠥᠷᠨᠢᠭᠦᠯᠵᠦ᠂ ᠠᠵᠢᠯ ᠤᠨ ᠲᠥᠰᠦᠯ ᠪᠣᠯᠤᠨ ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ  ᠶᠢ ᠦᠷᠭᠦᠯᠵᠢᠯᠡᠨ ᠲᠡᠭᠦᠯᠳᠡᠷᠵᠢᠭᠦᠯᠵᠦ᠂ ᠪᠣᠳᠠᠲᠤ ᠪᠠᠶᠢᠯᠳᠤᠭᠠᠨ ᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠥᠮᠦᠨ ᠬᠠᠷ᠎ᠠ ᠨᠢᠭᠲᠠᠷᠠᠭᠰᠠᠨ ᠣᠷᠣᠨ ᠪᠦᠰᠡ ᠶᠢ ᠬᠠᠮᠢᠶᠠᠷᠤᠨ ᠡᠵᠡᠮᠳᠡᠬᠦ ᠶᠢ ᠦᠷᠭᠦᠯᠵᠢᠯᠡᠨ ᠴᠢᠩᠭᠠᠳᠬᠠᠵᠤ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠬᠡᠲᠦ ᠳᠡᠯᠭᠡᠭᠦᠷ᠂ ᠬᠦᠶᠲᠡᠨ ᠬᠥᠮᠥᠷᠭᠡ ᠵᠡᠷᠭᠡ ᠭᠤᠤᠯᠳᠠᠯᠭ᠎ᠠ ᠲᠠᠢ ᠲᠠᠯᠠᠪᠤᠷ ᠭᠠᠵᠠᠷ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠢᠳᠡᠭᠡᠨ ᠤ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠭᠠᠳᠠᠭᠠᠳᠤ ᠠᠴᠠ ᠣᠷᠣᠭᠤᠯᠤᠭᠰᠠᠨ ᠢᠳᠡᠭᠡᠨ᠂ ᠲᠦᠭᠦᠬᠡᠶ ᠰᠢᠨ᠎ᠡ ᠰᠣᠷᠭᠤᠭ ᠢᠳᠡᠭᠡᠨ᠂ ᠬᠥᠯᠳᠡᠭᠡᠭᠰᠡᠨ ᠢᠳᠡᠭᠡᠨ ᠳᠤ ᠴᠢᠩᠭ᠎ᠠ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠶᠢ ᠬᠡᠷᠡᠭᠵᠢᠭᠦᠯᠵᠦ᠂ ᠴᠠᠭ ᠲᠤᠬᠠᠶ ᠳᠤᠨᠢ ᠴᠡᠪᠡᠷᠯᠡᠬᠦ ᠪᠠ ᠠᠷᠢᠭᠤᠳᠬᠠᠵᠤ᠂ ᠢᠳᠡᠭᠡᠨ ᠤ ᠬᠢᠵᠢᠭ ᠰᠡᠷᠭᠡᠶᠢᠯᠡᠬᠦ ᠠᠮᠤᠷ ᠲᠦᠪᠰᠢᠨ ᠤ ᠪᠣᠭᠤᠮᠲᠠ  ᠶᠢ ᠦᠨᠡᠨᠬᠦ ᠰᠠᠶᠢᠲᠤᠷ ᠠᠳᠬᠤᠬᠤ ᠬᠡᠷᠡᠭᠲᠡᠶ ᠭᠡᠵᠦ ᠱᠠᠭᠠᠷᠳᠠᠪᠠ᠃      ᠬᠤᠷᠠᠯ ᠠᠴᠠ ᠪᠠᠰᠠ ᠠᠶᠤᠯᠭᠦᠢ ᠦᠢᠯᠡᠳᠪᠦᠷᠢᠯᠡᠯ᠂ ᠬᠥᠯᠥᠰᠥᠨ ᠲᠠᠷᠢᠶᠠᠴᠢᠨ ᠤ ᠴᠠᠯᠢᠩ ᠢ ᠥᠭᠬᠦ ᠪᠠᠲᠤᠯᠠᠭ᠎ᠠ ᠂ ᠣᠷᠣᠨ ᠪᠦᠰᠡ ᠶᠢᠨ ᠳᠣᠲᠣᠷᠠᠬᠢ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ᠂ ᠬᠦᠴᠢᠷᠳᠡᠯᠲᠡᠢ ᠬᠥᠮᠦᠰ ᠢ ᠬᠠᠪᠰᠤᠷᠤᠨ ᠲᠡᠳᠬᠦᠬᠦ ᠵᠡᠷᠭᠡ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠵᠢᠯᠣᠭᠤᠳᠬᠤ ᠭᠠᠵᠠᠷ ᠤᠨ ᠡᠯ᠎ᠡ ᠳᠡᠳ᠋ ᠶᠡᠷᠦᠩᠬᠡᠶ ᠵᠢᠯᠣᠭᠤᠳᠣᠭᠴᠢ᠂ ᠡᠯ᠎ᠡ ᠠᠵᠢᠯᠯᠠᠬᠤ ᠳᠤᠭᠤᠶᠢᠯᠠᠩ ᠤᠨ ᠬᠠᠷᠢᠭᠤᠴᠠᠯᠭᠠᠲᠠᠨ᠂ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ᠂ ᠠᠵᠤ ᠦᠶᠯᠡᠳᠪᠦᠷᠢ ᠶᠢᠨ ᠬᠦᠷᠢᠶᠡᠯᠡᠩ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1