【ᠬᠤᠶᠠᠷ ᠬᠤᠷᠠᠯ】 ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠤ ᠶᠠᠷᠢᠶ᠎ᠠ ᠪᠣᠯᠤᠨ ᠤᠯᠤᠰ ᠲᠥᠷᠥ ᠶᠢᠨ ᠵᠥᠪᠯᠡᠯᠭᠡᠨ ᠤ ᠬᠤᠶᠠᠷ ᠢᠯᠡᠳᠬᠡᠯ ᠢ ᠬᠥᠭᠵᠢᠶᠡᠨᠲᠡᠶ ᠶᠠᠷᠢᠯᠴᠠᠪᠠ
ᠨᠡᠶᠢᠲᠡᠯᠡᠭᠰᠡᠨ ᠴᠠᠭ᠄
2021/2/7
      ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠶᠢᠰᠦᠳᠦᠭᠡᠷ ᠬᠤᠭᠤᠴᠠᠭᠠᠨ ᠤ ᠲᠠᠪᠤᠳᠤᠭᠠᠷ ᠬᠤᠷᠠᠯᠳᠤᠭᠠᠨ  ᠳᠤ ᠣᠷᠣᠯᠴᠠᠭᠰᠠᠨ ᠭᠡᠰᠢᠭᠦᠳ ᠡᠨᠡ ᠦᠳᠡ ᠶᠢᠨ ᠬᠤᠶᠢᠨ᠎ᠠ ᠲᠤᠰ ᠲᠤᠰ ᠤᠨ ᠡᠲᠡᠭᠡᠳ ᠤᠨ ᠢᠯᠭᠠᠯ ᠤᠨ ᠳᠤᠭᠤᠶᠢᠯᠠᠩ ᠳᠠᠭᠠᠨ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠶᠠᠷᠢᠶ᠎ᠠ ᠲᠠᠯᠪᠢᠬᠤ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠶᠢᠰᠦᠳᠦᠭᠡᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠪᠠ ᠰᠠᠨᠠᠯ ᠵᠥᠪᠯᠡᠯᠭᠡ ᠶᠢ ᠰᠢᠢᠳᠪᠦᠷᠢᠯᠡᠭᠰᠡᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠬᠢᠨᠠᠨ ᠶᠠᠷᠢᠯᠴᠠᠪᠠ᠃      ᠬᠢᠨᠠᠨ ᠵᠥᠪᠯᠡᠬᠦ ᠳᠤᠮᠳᠠ᠂ ᠭᠡᠰᠢᠭᠦᠳ ᠥᠪᠡᠷ ᠥᠪᠡᠷ ᠤᠨ ᠰᠠᠨᠠᠯ ᠢᠶᠠᠨ ᠶᠠᠷᠢᠵᠤ᠂ ᠪᠤᠳᠤᠭᠰᠠᠨ ᠢᠶᠠᠨ ᠠᠭᠤᠵᠢᠷᠠᠲᠠᠯ᠎ᠠ ᠶᠠᠷᠢᠯᠴᠠᠪᠠ᠃ ᠤᠯᠠᠨ ᠢᠶᠠᠷ ᠢᠶᠠᠨ᠂ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠤ ᠶᠠᠷᠢᠶ᠎ᠠ ᠨᠢ ᠥᠨᠳᠥᠷ ᠲᠤ ᠵᠣᠭᠰᠣᠨ ᠠᠯᠤᠰ ᠢ ᠪᠠᠷᠠᠯᠠᠵᠤ᠂ ᠬᠥᠮᠦᠰ ᠢ ᠤᠷᠮᠠᠰᠢᠭᠤᠯᠤᠨ ᠵᠣᠷᠢᠭᠵᠢᠭᠤᠯᠵᠤ᠂ ᠥᠩᠭᠡᠷᠡᠭᠰᠡᠨ ᠨᠢᠭᠡ ᠵᠢᠯ ᠤᠨ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠪᠦᠬᠦ ᠰᠢᠶᠠᠨ ᠤ ᠥᠭᠡᠷᠡᠴᠢᠯᠡᠯᠲᠡ ᠬᠥᠭᠵᠢᠯᠲᠡ ᠲᠣᠭᠲᠠᠭᠤᠨ ᠳᠤ ᠦᠵᠡᠭᠦᠯᠦᠭᠰᠡᠨ ᠢᠳᠡᠪᠬᠢᠲᠡᠢ ᠬᠤᠪᠢ ᠨᠡᠮᠡᠷᠢ ᠶᠢ ᠭᠦᠢᠴᠡᠳ ᠨᠤᠲᠠᠯᠠᠭᠰᠠᠨ ᠪᠥᠭᠡᠳ ᠬᠤᠶᠢᠰᠢᠳᠠ ᠶᠢᠨ ᠨᠢᠭᠡ ᠵᠢᠯ ᠤᠨ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠠᠵᠢᠯ ᠳᠤ ᠲᠣᠳᠣᠷᠬᠠᠢ ᠱᠠᠭᠠᠷᠳᠠᠯᠭ᠎ᠠ ᠳᠤᠷᠠᠳᠴᠤ᠂ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠡᠭᠦᠷᠭᠡ ᠬᠠᠷᠢᠭᠤᠴᠠᠯᠭ᠎ᠠ ᠪᠠᠨ ᠨᠡᠩ ᠰᠠᠶᠢᠲᠤᠷ ᠭᠦᠢᠴᠡᠳᠬᠡᠬᠦ᠂ ᠲᠦᠷᠦ ᠶᠢᠨ ᠶᠠᠪᠤᠳᠠᠯ ᠳᠤ ᠣᠷᠣᠯᠴᠠᠨ ᠲᠦᠷᠦ ᠶᠢᠨ ᠶᠠᠪᠤᠳᠠᠯ  ᠢ ᠵᠥᠪᠯᠡᠬᠦ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ᠃ ᠬᠤᠶᠠᠷ ᠢᠯᠡᠳᠬᠡᠯ ᠨᠢ ᠥᠩᠭᠡᠷᠡᠭᠰᠡᠨ ᠨᠢᠭᠡ ᠵᠢᠯ ᠤᠨ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠳᠤᠮᠳᠠ ᠣᠯᠤᠭᠰᠠᠨ ᠠᠮᠵᠢᠯᠲᠠ ᠪᠦᠲᠦᠮᠵᠢ ᠶᠢ ᠦᠨᠡᠨ ᠪᠣᠳᠠᠲᠠᠢ ᠪᠠᠷ ᠲᠤᠰᠬᠠᠵᠤ᠂ 2021 ᠣᠨ ᠤ ᠠᠵᠢᠯ ᠤᠨ ᠲᠤᠬᠢᠷᠠᠭᠤᠯᠤᠯᠲᠠ ᠶᠢᠨ ᠲᠤᠬᠠᠢ ᠰᠡᠳᠬᠢᠴᠡ ᠨᠢ ᠲᠣᠳᠣᠷᠬᠠᠢ᠂ ᠭᠤᠣᠯᠳᠠᠯᠭ᠎ᠠ ᠨᠢ ᠲᠤᠪᠤᠶᠢᠮ᠎ᠠ ᠪᠠᠶᠢᠵᠤ᠂ ᠮᠠᠨ ᠤ ᠰᠢᠶᠠᠨ ᠤ ᠬᠥᠭᠵᠢᠯᠲᠡ ᠶᠢᠨ ᠪᠣᠳᠠᠲᠤ ᠪᠠᠶᠢᠳᠠᠯ ᠲᠠᠢ ᠨᠡᠶᠢᠴᠡᠵᠦ᠂ ᠤᠯᠤᠰ ᠲᠦᠷᠦ ᠶᠢᠨ ᠵᠥᠪᠯᠡᠯᠭᠡᠨ ᠤ ᠤᠯᠤᠰ ᠲᠦᠷᠦ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠬᠡᠷᠡᠭ ᠢ ᠵᠥᠪᠯᠡᠬᠦ ᠡᠭᠦᠷᠭᠡ ᠴᠢᠳᠠᠪᠤᠷᠢ ᠪᠠ ᠲᠤᠰᠢᠶᠠᠯ ᠬᠠᠷᠢᠭᠤᠴᠠᠯᠭ᠎ᠠ ᠶᠢ ᠭᠦᠢᠴᠡᠳ ᠢᠯᠡᠷᠡᠭᠦᠯᠵᠡᠢ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1