ᠲᠣᠭᠲᠠᠬᠤ ᠰᠢᠶᠠᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠵᠢᠴᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠲᠥᠪ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/2/8
      2 ᠳ᠋ᠤᠭᠠᠷ ᠰᠠᠷ᠎ᠠ ᠶᠢᠨ 2   ᠤᠨ ᠡᠳᠦᠷ᠂ ᠲᠣᠭᠲᠠᠬᠤ ᠰᠢᠶᠠᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠵᠢᠴᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠲᠥᠪ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠪᠠ᠃ ᠬᠤᠷᠠᠯ ᠠᠴᠠ ᠮᠠᠨ ᠤ ᠰᠢᠶᠠᠨ ᠤ ᠬᠥᠬᠡᠬᠤᠲᠠ  ᠶᠢᠨ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠡᠭᠦᠷᠭᠡ ᠶᠢ ᠡᠭᠦᠷᠭᠡᠯᠡᠬᠦ ᠶᠢ ᠲᠤᠬᠢᠷᠠᠭᠤᠯᠤᠨ ᠪᠠᠶᠢᠷᠢᠯᠠᠭᠤᠯᠵᠤ᠂ ᠮᠠᠨ ᠤ ᠰᠢᠶᠠᠨ ᠤ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠪᠣᠯᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠴᠢᠨᠠᠭᠰᠢᠳᠠ ᠠᠬᠢᠭᠤᠯᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠯᠢ ᠴᠦᠨ ᠶᠠᠨ ᠵᠢᠭᠠᠵᠤ ᠭᠠᠷᠭᠠᠭᠰᠠᠨ ᠨᠢ᠂ ᠡᠨᠡ ᠵᠢᠯ ᠪᠣᠯ ᠬᠥᠬᠡᠬᠤᠲᠠ ᠶᠢᠨ ᠳᠣᠯᠣᠳᠤᠭᠠᠷ ᠬᠤᠭᠤᠴᠠᠭᠠᠨ  ᠤ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠤᠭᠰᠠᠨ ᠠᠩᠬᠠᠨ ᠤ ᠵᠢᠯ᠂ ᠮᠠᠨ ᠤ ᠰᠢᠶᠠᠨ ᠤ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠤᠭᠰᠠᠨ ᠤ ᠬᠤᠶᠠᠳᠠᠬᠢ ᠵᠢᠯ ᠪᠣᠯᠤᠨ᠎ᠠ᠃ ᠡᠯ᠎ᠡ ᠪᠠᠯᠭᠠᠰᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠬᠠᠮᠢᠶ᠎ᠠ ᠪᠥᠬᠦᠶ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠬᠥᠬᠡᠬᠤᠲᠠ ᠶᠢᠨ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠮᠠᠨ ᠤ ᠰᠢᠶᠠᠨ ᠤ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠲᠠᠢ ᠬᠠᠮᠲᠤ ᠳᠤᠨᠢ ᠪᠠᠶᠢᠷᠢᠯᠠᠭᠤᠯᠵᠤ᠂ ᠬᠠᠮᠲᠤ ᠳᠤᠨᠢ ᠠᠬᠢᠭᠤᠯᠬᠤ ᠬᠡᠷᠡᠭᠲᠡᠶ᠃ ᠤᠯᠤᠰ ᠲᠥᠷᠥ  ᠶᠢᠨ ᠵᠢᠯᠣᠭᠤᠳᠤᠮᠵᠢ ᠶᠢ ᠳᠣᠪᠣᠶᠢᠯᠭᠠᠵᠤ᠂ ︽ᠳᠥᠷᠪᠡᠨ ᠤᠬᠠᠮᠰᠠᠷ︾ ᠢᠶᠠᠨ ᠦᠨᠡᠨ ᠬᠦ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾   ᠶᠢ ᠪᠡᠶᠡᠯᠡᠭᠦᠯᠬᠦ ᠬᠡᠷᠡᠭᠲᠡᠶ᠃ᠨᠠᠷᠢᠯᠢᠭ ᠬᠠᠮᠢᠶᠠᠷᠤᠯᠲᠠ ᠶᠢ ᠴᠢᠩᠭᠠᠳᠬᠠᠵᠤ᠂ ︽ᠤᠶᠤᠨᠲᠤ ᠲᠣᠭᠲᠠᠬᠤ︾ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠪᠠᠷ ᠭᠠᠷᠳᠠᠴᠠ ᠪᠣᠯᠭᠠᠵᠤ᠂ ᠰᠢᠨ᠎ᠡ ᠶᠢ ᠡᠭᠦᠳᠬᠦ ᠬᠤᠲᠠ ᠶᠢᠨ ᠰᠢᠨᠵᠢᠯᠡᠬᠦ ᠤᠬᠠᠭᠠᠨᠴᠢᠯᠠᠯᠲᠠ᠂ ᠨᠠᠷᠢᠯᠢᠭᠵᠢᠯᠲᠠ᠂ ᠤᠶᠤᠨᠴᠢᠯᠠᠯᠲᠠ ᠶᠢᠨ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ︔ 12345 ᠠᠷᠠᠳ ᠲᠦᠮᠡᠨ ᠳᠤ ᠦᠢᠯᠡᠴᠢᠯᠡᠬᠦ ᠬᠠᠯᠠᠮᠰᠢᠯ ᠤᠲᠠᠰᠤ ᠶᠢ ᠣᠶᠤᠨᠴᠢᠯᠠᠵᠤ ᠳᠡᠰ ᠳᠡᠪᠰᠢᠭᠦᠯᠬᠦ ᠶᠢ ᠦᠨᠡᠨᠬᠦ ᠠᠬᠢᠭᠤᠯᠵᠤ᠂ ︽ᠵᠠᠷᠭᠤ ᠶᠢ ᠬᠦᠯᠢᠶᠡᠨ ᠠᠪᠤᠪᠠᠯ ᠳᠠᠷᠤᠶᠢᠬᠠᠨ ᠭᠦᠢᠴᠡᠳᠬᠡᠬᠦ︾ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ ︔ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠶᠯᠡᠴᠢᠯᠡᠭᠡ︾ ᠶᠢᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠬᠡᠷᠡᠭ ᠭᠦᠶᠴᠡᠳᠬᠡᠬᠦ ᠳᠤ ︽ᠨᠢᠭᠡ ᠯᠡ ᠡᠭᠦᠳᠡ  ᠪᠠᠷ ᠣᠷᠣᠵᠤ ᠭᠦᠶᠴᠡᠳᠬᠡᠬᠦ︾ ︽ᠶᠡᠬᠡᠳᠡᠬᠦ ᠳᠤ ᠪᠠᠨ ᠨᠢᠭᠡ ᠯᠡ ᠤᠳᠠᠭ᠎ᠠ ᠣᠴᠢᠵᠤ ᠭᠦᠶᠴᠡᠳᠬᠡᠬᠦ︾ ᠶᠢ ᠠᠬᠢᠭᠤᠯᠤᠨ᠂ ︽ᠨᠢᠭᠤᠷᠳᠠᠬᠤ ᠥᠬᠡᠶ ᠪᠠᠷ ᠬᠢᠨᠠᠨ ᠵᠥᠪᠰᠢᠶᠡᠷᠡᠬᠦ︾ ᠶᠢ ᠠᠯᠬᠤᠮ ᠠᠯᠬᠤᠮ ᠢᠶᠠᠷ ᠳᠡᠯᠭᠡᠷᠡᠭᠦᠯᠦᠨ᠎ᠡ; ᠴᠣᠩᠬᠤᠪᠴᠢ ᠠᠵᠢᠯ ᠲᠥᠷᠥᠯ ᠢ ᠤᠯᠠᠮ ᠨᠢᠭᠡ ᠠᠯᠬᠤᠮ ᠵᠢᠷᠤᠮᠵᠢᠭᠤᠯᠤᠨ ᠴᠡᠭᠴᠡᠯᠡᠵᠦ᠂ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ᠂ ᠬᠠᠤᠯᠢ ᠬᠡᠷᠡᠭᠵᠢᠭᠦᠯᠬᠦ ᠡᠷᠴᠢᠮ ᠢ ᠵᠢᠷᠤᠮᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠠᠵᠢᠯ ᠲᠥᠷᠥᠯ ᠤᠨ ᠰᠠᠶᠢᠨ ᠰᠠᠶᠢᠬᠠᠨ ᠳᠦᠷᠢ ᠲᠥᠷᠬᠦ ᠶᠢ ᠪᠣᠶ ᠪᠣᠯᠭᠠᠬᠤ ᠬᠡᠷᠡᠭᠲᠡᠶ᠃ ᠪᠣᠯᠪᠠᠰᠤᠨ ᠤ ᠬᠡᠪ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠥᠷᠭᠡᠨ ᠤᠯᠠᠨ ᠲᠦᠮᠡᠨ ᠤ ᠡᠭᠦᠳᠦᠨ ᠪᠠᠶᠢᠭᠤᠯᠬᠤ ᠠᠵᠢᠯ ᠤᠨ ᠲᠤᠬᠠᠢ ᠮᠡᠳᠡᠬᠦ ᠨᠤᠷᠮ᠎ᠠ᠂ ᠳᠡᠮᠵᠢᠬᠦ ᠨᠤᠷᠮ᠎ᠠ ᠪᠠ ᠣᠷᠣᠯᠴᠠᠬᠤ ᠨᠤᠷᠮ᠎ᠠ ᠶᠢ ᠳᠡᠭᠡᠭᠰᠢᠯᠡᠭᠦᠯᠬᠦ ᠬᠡᠷᠡᠭᠲᠡᠢ ᠭᠡᠪᠡ᠃      ᠯᠢ ᠴᠦᠨ ᠶᠠᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠲᠥᠪ ᠢ ᠪᠠᠶᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠬᠤ ᠬᠡᠷᠡᠭᠲᠡᠶ᠃ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠶᠢᠨ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠦᠵᠡᠯ ᠰᠠᠨᠠᠭ᠎ᠠ ᠪᠠᠷ ᠬᠥᠲᠥᠯᠥᠨ ᠳᠠᠭᠠᠭᠤᠯᠬᠤ ᠶᠢ ᠳᠣᠪᠣᠶᠢᠯᠭᠠᠵᠤ᠂ ᠨᠠᠮ ᠤᠨ ᠰᠢᠨ᠎ᠡ ᠶᠢ ᠡᠭᠦᠳᠬᠦ ᠣᠨᠣᠯ ᠢ ︽ᠡᠭᠡᠯ ᠠᠷᠠᠳ ᠤᠨ ᠭᠡᠷ ᠲᠤ ᠣᠷᠣᠭᠤᠯᠬᠤ︾ ᠬᠡᠷᠡᠭᠲᠡᠶ︔ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠳᠣᠪᠣᠶᠢᠯᠭᠠᠵᠤ᠂ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠠᠮᠢᠨ ᠰᠤᠳᠠᠰᠤ  ᠶᠢ ᠰᠢᠨ᠎ᠡ ᠴᠠᠭ ᠦᠶ᠎ᠡ ᠶᠢᠨ ᠠᠮᠢᠵᠢᠷᠠᠯ ᠤᠨ ᠬᠦᠴᠦᠨ ᠲᠠᠢ ᠪᠣᠯᠭᠠᠨ᠎ᠠ︔ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢᠨ ᠪᠣᠶᠢᠵᠢᠯᠲᠠ ᠶᠢ ᠳᠣᠪᠣᠶᠢᠯᠭᠠᠵᠤ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠭᠤᠤᠯ ᠬᠥᠭ ᠠᠶᠠᠰ ᠢ ᠨᠠᠩ ᠬᠠᠩᠭᠢᠨᠠᠭᠤᠯᠪᠠ︔ ᠰᠠᠶᠢᠨ ᠳᠤᠷ᠎ᠠ ᠶᠢᠨ ᠭᠤᠤᠯ ᠴᠣᠭᠴᠠ ᠶᠢ ᠳᠣᠪᠣᠶᠢᠯᠭᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠰᠠᠶᠢᠨ ᠳᠤᠷ᠎ᠠ ᠶᠢᠨ ᠦᠶᠯᠡᠴᠢᠯᠡᠭᠡ ᠶᠢ ᠬᠤᠲᠠ ᠬᠥᠳᠡᠭᠡ  ᠳᠤ ᠬᠥᠭᠵᠢᠶᠡᠨᠲᠡᠶ ᠪᠣᠯᠭᠠᠨ᠎ᠠ︔ ᠬᠡᠪ ᠵᠠᠩᠰᠢᠯ ᠢ ᠥᠭᠡᠷᠡᠴᠢᠯᠡᠬᠦ ᠶᠢ ᠳᠣᠪᠣᠶᠢᠯᠭᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠰᠢᠨ᠎ᠡ ᠰᠤᠷᠲᠠᠯ ᠢ ᠬᠥᠮᠦᠰ ᠤᠨ ᠰᠡᠳᠬᠢᠯ ᠳᠤ ᠬᠠᠳᠠᠩᠰᠢᠭᠤᠯᠤᠶ᠎ᠠ᠃ ᠵᠣᠬᠢᠶᠠᠨ ᠪᠠᠶᠢᠭᠤᠯᠵᠤ ᠤᠳᠤᠷᠢᠳᠬᠤ ᠪᠠᠨ ᠦᠨᠡᠨ ᠬᠦ ᠴᠢᠩᠭᠠᠳᠬᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠵᠢᠭᠰᠠᠭᠠᠯ ᠤᠨ ᠭᠠᠵᠠᠷ ᠤᠨ ᠪᠠᠶᠢᠭᠤᠯᠤᠯᠲᠠ᠂ ᠰᠠᠶᠢᠨ ᠳᠤᠷ᠎ᠠ ᠶᠢᠨ ᠡᠩᠨᠡᠭᠡᠨ ᠤ ᠪᠠᠶᠢᠭᠤᠯᠤᠯᠲᠠ᠂ ᠦᠶᠯᠡᠴᠢᠯᠡᠭᠡᠨ ᠤ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ ᠣᠨᠢᠨ ᠳᠡᠭᠡᠷ᠎ᠡ ᠨᠢ ᠬᠦᠴᠦᠯᠡᠵᠦ᠂ ᠬᠠᠮᠲᠤ ᠪᠠᠷ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠴᠢᠷᠮᠠᠶᠢᠨ ᠪᠦᠷᠢᠯᠳᠦᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯ ᠤᠨ ᠬᠠᠮᠢᠶᠠᠷᠤᠯᠲᠠ ᠶᠢᠨ ᠠᠷᠭ᠎ᠠ︾᠂ ᠪᠠᠶ ᠢᠦᠢ ᠭᠠᠩ ᠨᠥᠬᠦᠷ ᠤᠨ ᠪᠥᠬᠦ ᠣᠷᠣᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠲᠥᠪ ᠤᠨ ᠲᠤᠷᠰᠢᠯᠲᠠ ᠶᠢᠨ ᠴᠡᠭ ᠤᠨ ᠠᠵᠢᠯ ᠤᠨ ᠲᠤᠬᠠᠶ ᠶᠢᠨ ᠭᠠᠵᠠᠷ ᠤᠨ ᠠᠬᠢᠭᠤᠯᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠵᠤ᠂ ᠮᠠᠨ ᠤ ᠰᠢᠶᠠᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠪᠠ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ  ᠶᠢᠨ ᠠᠵᠢᠯ ᠤᠨ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠢ ᠪᠠᠭᠤᠯᠭᠠᠪᠠ᠃      ᠰᠦᠨ ᠰᠢᠶᠦ᠋ᠨ᠂ ᠶᠦᠨ ᠷᠦᠢ ᠵᠢᠶᠦ᠋ᠨ ᠵᠡᠷᠭᠡ ᠰᠢᠶᠠᠨ ᠭᠠᠵᠠᠷ ᠤᠨ ᠲᠡᠰ ᠤᠨ ᠤᠳᠤᠷᠢᠳᠤᠯᠭ᠎ᠠ᠂ ᠡᠯ᠎ᠡ ᠪᠠᠯᠭᠠᠰᠤ᠂ ᠡᡁᠧ ᠺᠸᠤ ᠶᠢᠨ ᠨᠠᠮ ᠤᠨ ᠬᠤᠷᠢᠶᠠᠨ ᠤ ᠱᠦᠵᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠭᠦᠸᠧ ᠮᠧᠶ ᠲᠤᠤ ᠬᠤᠷᠠᠯ ᠢ ᠡᠷᠭᠢᠯᠡᠪᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1