ᠲᠣᠭᠲᠠᠬᠤ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/2/8
      2 ᠳ᠋ᠤᠭᠠᠷ ᠰᠠᠷ᠎ᠠ ᠶᠢᠨ 2   ᠤᠨ ᠡᠳᠦᠷ᠂ ᠲᠣᠭᠲᠠᠬᠤ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠬᠤᠷᠠᠯᠳᠤᠪᠠ᠃ ᠬᠤᠷᠠᠯ ᠠᠴᠠ ᠥᠪᠥᠷ ᠮᠣᠩᠭᠤᠯ  ᠤᠨ ᠴᠡᠷᠢᠭ ᠤᠨ ᠲᠣᠭᠤᠷᠢᠭ ᠵᠢᠴᠢ ᠬᠥᠬᠡᠬᠤᠲᠠ ᠶᠢᠨ ᠰᠡᠷᠭᠡᠶᠢᠯᠡᠯᠲᠡ ᠶᠢᠨ ᠲᠣᠭᠤᠷᠢᠭ ᠤᠨ ᠨᠠᠮ ᠤᠨ ᠬᠤᠷᠢᠶᠠᠨ ᠤ ᠥᠷᠭᠡᠳᠬᠡᠭᠰᠡᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠤᠯᠠᠮᠵᠢᠯᠠᠨ ᠰᠤᠷᠤᠯᠴᠠᠵᠤ᠂ ᠠᠵᠢᠯ ᠢᠶᠠᠨ ᠳ᠋ᠦᠩᠨᠡᠨ᠂ ᠡᠭᠦᠷᠭᠡ ᠪᠠᠶᠢᠷᠢᠯᠠᠭᠤᠯᠵᠤ᠂ ᠲᠡᠷᠢᠭᠦᠨ ᠤ ᠬᠢ ᠶᠢ ᠬᠥᠬᠢᠭᠦᠯᠦᠨ ᠰᠠᠶᠢᠰᠢᠶᠠᠵᠤ᠂ ᠦᠵᠡᠯ ᠰᠠᠨᠠᠭ᠎ᠠ ᠦᠶᠯᠡ ᠠᠵᠢᠯᠯᠠᠭ᠎ᠠ ᠪᠠᠨ ᠤᠯᠠᠮ ᠨᠢᠭᠡ ᠠᠯᠬᠤᠮ ᠨᠢᠭᠡᠳᠬᠡᠨ᠂ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ᠂ ᠵᠣᠷᠢᠭ ᠰᠠᠨᠠᠭ᠎ᠠ ᠬᠦᠴᠦᠨ ᠴᠢᠳᠠᠯ ᠢᠶᠠᠨ ᠨᠢᠭᠲᠠᠷᠠᠭᠤᠯᠤᠨ᠂ ᠴᠡᠷᠢᠭ ᠤᠨ ᠡᠷᠴᠢ ᠵᠣᠷᠢᠭ ᠢ ᠬᠥᠪᠴᠢᠯᠡᠵᠦ᠂ ᠲᠣᠭᠲᠠᠬᠤ ᠰᠢᠶᠠᠨ ᠤ ᠵᠡᠪᠰᠡᠭᠲᠦ ᠬᠦᠴᠦᠨ ᠤ ᠠᠵᠢᠯ ᠤᠨ ᠪᠥᠬᠦ ᠲᠠᠯ᠎ᠠ ᠶᠢᠨ ᠪᠠᠶᠢᠭᠤᠯᠤᠯᠲᠠ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ᠃ ᠰᠢᠶᠠᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ  ᠤᠨ ᠬᠤᠷᠢᠶᠠᠨ ᠤ ᠨᠢᠭᠡᠳᠦᠭᠡᠷ ᠱᠦᠵᠢ ᠯᠢ ᠴᠦᠨ ᠶᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠯᠢ ᠴᠦᠨ ᠶᠠᠨ᠂ 2020 ᠣᠨ ᠳᠤ᠂ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ  ᠤᠨ ᠬᠤᠷᠢᠶ᠎ᠠ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠰᠢᠨ᠎ᠡ ᠴᠠᠭ ᠦᠶ᠎ᠡ ᠶᠢᠨ ᠴᠡᠷᠢᠭ ᠢ ᠬᠦᠴᠦᠷᠬᠡᠭᠵᠢᠭᠦᠯᠬᠦ ᠬᠠᠷᠠᠯᠲᠠ ᠶᠢᠨ ᠲᠣᠭᠤᠷᠢᠨ  ᠳᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠵᠦᠶᠯ ᠤᠨ ᠴᠡᠷᠢᠭ ᠤᠨ ᠪᠣᠯᠪᠠᠰᠤᠷᠠᠯ ᠪᠠ ᠲᠡᠶᠢᠨ ᠤ ᠪᠡᠯᠡᠳᠬᠡᠯ ᠤᠨ ᠡᠭᠦᠷᠭᠡ ᠶᠢ ᠯᠠᠪᠳᠠᠭᠤᠨ ᠪᠠᠲᠤᠲᠠᠶ ᠰᠠᠶᠢᠲᠤᠷ ᠠᠳᠬᠤᠵᠤ᠂ ᠡᠯ᠎ᠡ ᠵᠦᠶᠯ ᠤᠨ ᠠᠵᠢᠯ ᠢᠯᠡᠳᠲᠡ ᠠᠮᠵᠢᠯᠲᠠ ᠣᠯᠵᠤ᠂ ᠪᠥᠬᠦ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠢᠯᠠᠩᠭᠤᠶ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠠᠲᠠᠭᠤ ᠰᠢᠯᠭᠠᠯᠲᠠ ᠶᠢᠨ ᠡᠮᠦᠨ᠎ᠡ᠂ ᠤᠷᠢᠳ ᠬᠤᠵᠢᠳ ᠡᠷᠦᠭᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠦᠴᠦᠨ ᠢ 2975 ᠬᠥᠮᠦᠨ ᠤᠳᠠᠭ᠎ᠠ ᠵᠣᠬᠢᠶᠠᠨ ᠪᠠᠶᠢᠭᠤᠯᠵᠤ᠂ ᠡᠮᠦᠨ᠎ᠡ ᠨᠢ ᠭᠠᠪᠰᠢᠭᠠᠶᠢᠯᠠᠵᠤ᠂ ᠵᠠᠩᠭᠢᠯᠠᠭ᠎ᠠ ᠶᠢᠨ ᠦᠶ᠎ᠡ ᠳᠤ ᠪᠡᠯᠡᠳᠬᠡᠯ ᠬᠦᠴᠦᠨ᠂ ᠭᠠᠪᠰᠢᠭᠠᠢ ᠠᠩᠬᠢ ᠶᠢᠨ ᠦᠢᠯᠡᠳᠦᠯ ᠢ ᠪᠠᠳᠠᠷᠠᠭᠤᠯᠪᠠ ᠭᠡᠪᠡ᠃      ᠯᠢ ᠴᠦᠨ ᠶᠠᠨ᠂ ᠣᠳᠣᠬᠠᠨ ᠳᠤ᠂ ᠮᠠᠨ ᠤ ᠰᠢᠶᠠᠨ ᠶᠠᠭ ᠰᠢᠨ᠎ᠡ ᠬᠥᠭᠵᠢᠯᠲᠡ ᠶᠢᠨ ᠱᠠᠲᠤᠨ ᠳᠤ ᠣᠷᠣᠰᠢᠵᠤ᠂ ᠰᠢᠨ᠎ᠡ ᠬᠥᠭᠵᠢᠯᠲᠡ ᠶᠢᠨ ᠪᠠᠶᠢᠳᠠᠯ᠂ ᠰᠢᠨ᠎ᠡ ᠬᠥᠭᠵᠢᠯᠲᠡ ᠶᠢᠨ ᠪᠠᠶᠢᠷᠢᠰᠢᠯ᠂ ᠰᠢᠨ᠎ᠡ ᠬᠥᠭᠵᠢᠯᠲᠡ ᠶᠢᠨ ᠬᠠᠷᠠᠯᠲᠠ ᠶᠢᠨ ᠡᠮᠦᠨ᠎ᠡ᠂ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠪᠦᠬᠦ ᠲᠠᠯ᠎ᠠ  ᠪᠠᠷ ᠭᠦᠨᠵᠡᠭᠡᠢ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠤᠳᠤᠯᠭ᠎ᠠ  ᠶᠢᠨ ᠴᠢᠭᠯᠡᠯᠲᠡ ᠶᠢ ᠭᠦᠨᠵᠡᠭᠡᠢ ᠲᠤᠭᠤᠰᠢᠯᠠᠭᠤᠯᠵᠤ᠂ ᠰᠢᠶᠠᠨ ᠤ ᠨᠠᠮ ᠤᠨ ᠬᠤᠷᠢᠶᠠᠨ ᠤ ᠠᠵᠢᠯ ᠤᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠤᠯᠠᠮ ᠴᠢᠨᠠᠭᠰᠢᠳᠠ ᠴᠢᠩᠭᠠᠳᠬᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠴᠡᠷᠢᠭ ᠢ ᠬᠦᠴᠦᠷᠬᠡᠭᠵᠢᠭᠦᠯᠬᠦ ᠦᠢᠯᠡᠰ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ᠃ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠵᠡᠪᠰᠡᠭᠲᠦ ᠬᠦᠴᠦᠨ ᠤ ᠠᠵᠢᠯ ᠤᠨ ᠵᠥᠪ ᠤᠯᠤᠰ ᠲᠦᠷᠦ ᠶᠢᠨ ᠴᠢᠭᠯᠡᠯ ᠢᠶᠠᠷ ᠤᠷᠤᠭᠰᠢᠯᠠᠬᠤ ᠶᠢ ᠦᠨᠡᠨ ᠬᠦ ᠪᠠᠲᠤᠯᠠᠬᠤ ᠬᠡᠷᠡᠭᠲᠡᠢ︔ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠰᠢᠰᠲ᠋ᠧᠮ ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠰᠢᠨ᠎ᠡ ᠴᠠᠭ ᠦᠶ᠎ᠡ ᠶᠢᠨ ᠲᠡᠶᠢᠨ ᠳᠤ ᠪᠡᠯᠡᠳᠬᠡᠵᠦ ᠲᠡᠶᠢᠨ ᠬᠢᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ︔ ᠰᠢᠯᠢᠳᠡᠭ ᠤᠯᠠᠮᠵᠢᠯᠠᠯ ᠢᠶᠠᠨ ᠶᠡᠬᠡᠪᠡᠷ ᠪᠠᠳᠠᠷᠠᠭᠤᠯᠵᠤ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠤᠨ ᠰᠠᠶᠢᠨ ᠰᠠᠶᠢᠬᠠᠨ ᠪᠠᠶᠢᠳᠠᠯ ᠢ ᠲᠠᠰᠤᠷᠠᠯᠲᠠ ᠥᠬᠡᠶ ᠪᠠᠬᠢᠵᠢᠭᠦᠯᠵᠦ᠂ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠥᠪᠥᠷ ᠮᠣᠩᠭᠤᠯ ᠤᠨ ᠴᠡᠷᠢᠭ ᠤᠨ ᠲᠣᠭᠤᠷᠢᠭ ᠵᠢᠴᠢ ᠬᠥᠬᠡᠬᠤᠲᠠ ᠶᠢᠨ ᠰᠡᠷᠭᠡᠶᠢᠯᠡᠯᠲᠡ ᠶᠢᠨ ᠲᠣᠭᠤᠷᠢᠭ ᠤᠨ ᠨᠠᠮ ᠤᠨ ᠬᠤᠷᠢᠶᠠᠨ ᠤ ᠥᠷᠭᠡᠳᠬᠡᠭᠰᠡᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ 2021 ᠣᠨ ᠤ ᠪᠦᠬᠦ ᠰᠢᠶᠠᠨ ᠤ ᠵᠡᠪᠰᠡᠭᠲᠦ ᠬᠦᠴᠦᠨ ᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠤ᠂ 27 ᠲᠡᠷᠢᠭᠦᠨ ᠤ ᠨᠢᠭᠡᠴᠡ ᠵᠢᠴᠢ ᠬᠤᠪᠢ ᠬᠥᠮᠦᠨ ᠢ ᠬᠥᠬᠢᠭᠦᠯᠦᠨ ᠰᠠᠶᠢᠰᠢᠶᠠᠪᠠ᠃       ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠬᠠᠨ ᠵᠧᠨ ᠸᠧᠶ ᠬᠤᠷᠠᠯ ᠢ ᠡᠷᠭᠢᠯᠡᠪᠡ᠃ ᠰᠢᠶᠠᠨ ᠤ ᠤᠳᠤᠷᠢᠳᠤᠯᠭ᠎ᠠ ᠸᠧᠶ ᠰᠢᠶᠣᠤ ᠳ᠋ᠦᠩ᠂ ᠷᠧᠨ ᠷᠦᠢ᠂ ᠡᠯ᠎ᠡ ᠪᠠᠯᠭᠠᠰᠤ᠂ ᠾᠧ ᠺᠧᠤ ᠶᠢᠨ ᠨᠠᠮ ᠤᠨ ᠬᠤᠷᠢᠶᠠᠨ ᠤ ᠱᠦᠵᠢ᠂ ᠦᠨᠳᠦᠰᠦᠨ ᠱᠠᠲᠤᠨ ᠤ ᠲᠤᠰᠬᠠᠶ ᠵᠡᠪᠰᠡᠭᠲᠦ ᠬᠦᠴᠦᠨ ᠤ ᠺᠠᠳ᠋ᠷ᠂ ᠤᠯᠤᠰ ᠤᠨ ᠬᠥᠳᠡᠯᠭᠡᠭᠡᠨ ᠤ ᠵᠥᠪᠯᠡᠯ ᠤᠨ ᠪᠦᠷᠢᠯᠳᠦᠬᠦᠨ  ᠨᠢᠭᠡᠴᠡ᠂ ᠡᠷᠦᠬᠡ ᠶᠢᠨ ᠴᠡᠷᠢᠭ ᠤᠨ ᠵᠣᠬᠢᠶᠠᠨ ᠪᠠᠶᠢᠭᠤᠯᠬᠤ ᠨᠢᠭᠡᠴᠡ ᠵᠢᠴᠢ ᠬᠥᠬᠢᠭᠦᠯᠦᠨ ᠱᠠᠩᠨᠠᠭᠳᠠᠭᠰᠠᠨ ᠲᠡᠷᠢᠭᠦᠨ ᠤ ᠲᠥᠯᠥᠭᠡᠯᠡᠭᠴᠢ ᠬᠤᠷᠠᠯ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1