ᠲᠣᠭᠲᠠᠬᠤ ᠰᠢᠶᠠᠨ ᠠᠵᠤ ᠠᠬᠤᠶᠢᠯᠠᠯᠲᠠᠳ ᠤᠨ ᠶᠠᠷᠢᠯᠴᠠᠬᠤ ᠬᠤᠷᠠᠯ ᠬᠤᠷᠠᠯᠳᠤᠭᠤᠯᠵᠤ ᠬᠦᠴᠦ ᠪᠠᠨ ᠲᠥᠪᠯᠡᠷᠡᠭᠦᠯᠦᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠨᠢᠭᠡᠳᠦᠭᠡᠷ ᠠᠯᠬᠤᠮ ᠢ ᠰᠠᠶᠢᠲᠤᠷ ᠡᠬᠢᠯᠡᠭᠦᠯᠪᠡ
ᠨᠡᠶᠢᠲᠡᠯᠡᠭᠰᠡᠨ ᠴᠠᠭ᠄
2021/2/9
      2 ᠳ᠋ᠤᠭᠠᠷ ᠰᠠᠷ᠎ᠠ ᠶᠢᠨ 4   ᠤ ᠡᠳᠦᠷ᠂ ᠮᠠᠨ ᠤ ᠰᠢᠶᠠᠨ ᠬᠠᠷᠢᠶ᠎ᠠ ᠣᠷᠣᠨ ᠤ 33 ᠠᠵᠤ ᠠᠬᠤᠶᠢᠯᠠᠯ ᠤᠨ ᠲᠥᠯᠥᠭᠡᠯᠡᠭᠴᠢ ᠶᠢ ᠤᠷᠢᠵᠤ ᠠᠵᠤ ᠠᠬᠤᠶᠢᠯᠠᠯᠲᠠᠳ ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠠᠵᠤ ᠠᠬᠤᠶᠢᠯᠠᠯ  ᠤᠨ ᠦᠶᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠵᠢᠴᠢ ᠠᠵᠤ ᠠᠬᠤᠶᠢᠯᠠᠯ ᠤᠨ ᠬᠥᠭᠵᠢᠯᠲᠡ ᠶᠢᠨ ᠬᠠᠮᠢᠶ᠎ᠠ ᠪᠥᠬᠦᠶ ᠰᠠᠨᠠᠯ ᠰᠠᠨᠠᠭᠤᠯᠭ᠎ᠠ ᠶᠢ ᠰᠣᠨᠣᠰᠴᠤ᠂ ᠲᠣᠭᠲᠠᠬᠤ ᠶᠢᠨ ᠬᠥᠭᠵᠢᠯᠲᠡ ᠶᠢᠨ ᠶᠡᠭᠡ ᠪᠣᠳᠣᠯᠭ᠎ᠠ ᠶᠢ ᠬᠠᠮᠲᠤ ᠪᠠᠷ ᠵᠥᠪᠳᠡᠯᠴᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠬᠢᠯᠡᠯᠲᠡ ᠶᠢᠨ ᠵᠢᠯ ᠳᠤ ᠰᠠᠶᠢᠨ ᠠᠯᠬᠤᠮ ᠢ ᠡᠬᠢᠯᠡᠭᠦᠯᠵᠦ᠂ ᠰᠠᠶᠢᠨ ᠡᠬᠢᠯᠡᠯᠲᠡ ᠬᠢᠵᠦ ᠬᠦᠴᠦᠨ ᠴᠢᠳᠠᠯ ᠢᠶᠠᠨ ᠨᠢᠭᠲᠠᠷᠠᠭᠤᠯᠪᠠ᠃ ᠰᠢᠶᠠᠨ ᠤ ᠨᠠᠮ ᠤᠨ ᠬᠤᠷᠢᠶᠠᠨ  ᠤ ᠱᠦᠵᠢ ᠯᠢ ᠴᠦᠨ ᠶᠠᠨ ᠬᠤᠷᠠᠯ ᠢ ᠡᠷᠭᠢᠯᠡᠪᠡ᠃      ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠣᠷᠣᠯᠠᠭᠴᠢ ᠳᠠᠷᠤᠭ᠎ᠠ ᠯᠢᠦ ᠵᠢᠢ ᠶᠢᠩ ᠮᠠᠨ ᠤ ᠰᠢᠶᠠᠨ ᠤ 2020 ᠣᠨ ᠤ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠪᠠᠶᠢᠳᠠᠯ ᠵᠢᠴᠢ 2021 ᠣᠨ ᠤ ᠠᠵᠢᠯ ᠤᠨ ᠲᠤᠬᠢᠷᠠᠭᠤᠯᠤᠯᠳᠠ ᠶᠢ ᠮᠡᠳᠡᠭᠳᠡᠪᠡ᠃ ᠯᠢᠦ ᠵᠢᠶ ᠶᠢᠩ᠂ ᠲᠣᠭᠲᠠᠬᠤ ᠰᠢᠶᠠᠨ ᠤ ᠬᠥᠭᠵᠢᠯᠲᠡ ᠨᠢ ᠠᠵᠤ ᠠᠬᠤᠶᠢᠯᠠᠯ ᠤᠨ ᠲᠤᠯᠭᠠᠭᠤᠷᠢᠯᠠᠯ ᠪᠣᠯᠤᠨ ᠠᠵᠤ ᠠᠬᠤᠶᠢᠯᠠᠯᠲᠠᠨ ᠤ ᠴᠢᠷᠮᠠᠶᠢᠯᠭ᠎ᠠ ᠠᠴᠠ ᠰᠠᠯᠵᠤ ᠴᠢᠳᠠᠬᠤ ᠥᠬᠡᠶ ᠶᠤᠮ᠂ ᠪᠢᠳᠡ ᠣᠯᠠᠨ ᠳᠤ ᠢᠲᠡᠭᠡᠯ ᠳᠦᠭᠦᠷᠡᠩ ᠪᠠᠶᠢᠨ᠎ᠠ᠂ ᠪᠠᠰᠠ ᠮᠠᠰᠢ ᠶᠡᠭᠡ ᠬᠦᠰᠡᠯ ᠡᠷᠡᠮᠡᠯᠵᠡᠯ ᠲᠠᠯᠪᠢᠵᠤ ᠪᠠᠶᠢᠨ᠎ᠠ᠂ ᠡᠯ᠎ᠡ ᠠᠵᠤ ᠠᠬᠤᠶᠢᠯᠠᠯᠲᠠᠳ ᠲᠣᠭᠲᠠᠬᠤ ᠰᠢᠶᠠᠨ ᠤ ᠬᠥᠭᠵᠢᠯᠲᠡ ᠶᠢ ᠥᠩᠭᠡᠷᠡᠭᠰᠡᠨ  ᠲᠠᠢ ᠪᠠᠨ ᠠᠳᠠᠯᠢ ᠪᠠᠷ ᠬᠠᠯᠠᠮᠵᠢᠯᠠᠨ ᠳᠡᠮᠵᠢᠵᠦ᠂ ᠲᠣᠭᠲᠠᠬᠤ ᠰᠢᠶᠠᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠨᠠᠩ ᠰᠠᠶᠢᠨ ᠠᠮᠵᠢᠯᠲᠠ ᠪᠦᠲᠦᠮᠵᠢ ᠣᠯᠵᠤ᠂ ᠨᠠᠩ ᠶᠡᠭᠡ ᠳᠠᠪᠠᠯᠲᠠ ᠲᠠᠢ ᠪᠣᠯᠬᠤ ᠶᠢ ᠴᠢᠩ ᠰᠡᠳᠬᠢᠯ  ᠠᠴᠠ ᠪᠠᠨ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃      ᠳ᠋ᠠ ᠲᠠᠩ ‍ᠤᠨ‌‍ᠲ᠋ᠤᠭᠳᠠᠬᠤ ᠴᠠᠬᠢᠯᠭᠠᠨ ᠦᠢᠯᠡᠳᠪᠦᠷᠢ᠂ ᠵᠢᠦ ᠲᠠᠢ ᠶᠢᠨ ᠰᠢᠨ᠎ᠡ ᠮᠠᠲ᠋ᠧᠷᠢᠶᠠᠯ᠂ ᠱᠧᠨ ᠴᠢᠤᠸᠠᠨ ᠦᠵᠡᠮᠵᠢ ᠶᠢᠨ ᠣᠷᠣᠨ᠂ ᠰᠢᠤᠢ ᠶᠠᠩ ᠵᠦᠩ ᠷᠠᠨ ᠵᠡᠷᠭᠡ 7 ᠠᠵᠤ ᠠᠬᠤᠶᠢᠯᠠᠯ ᠤᠨ ᠲᠥᠯᠥᠭᠡᠯᠡᠭᠴᠢ ᠤᠷᠢᠳ ᠬᠤᠵᠢᠳ ᠦᠭᠡ ᠬᠡᠯᠡᠪᠡ᠃ ᠣᠯᠠᠨ ᠢᠶᠠᠷ ᠢᠶᠠᠨ᠂ ᠠᠵᠤ ᠠᠬᠤᠶᠢᠯᠠᠯ ᠤᠨ ᠬᠠᠷᠢᠭᠤᠴᠠᠯᠭ᠎ᠠ ᠪᠠ ᠡᠭᠦᠷᠭᠡ ᠶᠢ ᠢᠮᠠᠭᠲᠠ ᠪᠠᠲᠤ ᠴᠡᠭᠡᠵᠢᠯᠡᠵᠦ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾   ᠤᠨ ᠬᠥᠭᠵᠢᠯᠲᠡ ᠶᠢᠨ ᠶᠡᠭᠡ ᠲᠠᠯ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠢᠲᠡᠭᠡᠯ ᠵᠣᠷᠢᠭ ᠢᠶᠠᠨ ᠪᠠᠲᠤᠳᠬᠠᠨ᠂ ᠭᠠᠷ ᠭᠠᠷ ᠢᠶᠠᠨ ᠬᠤᠯᠪᠣᠯᠴᠠᠨ᠂ ᠠᠵᠤ ᠦᠶᠯᠡᠳᠪᠦᠷᠢ ᠶᠢᠨ ᠬᠦᠴᠦᠷᠬᠡᠭ ᠰᠢᠶᠠᠨ᠂ ᠰᠣᠶᠣᠯ ᠤᠨ ᠲᠣᠮᠣ ᠰᠢᠶᠠᠨ᠂ ᠵᠢᠭᠤᠯᠴᠢᠯᠠᠯ ᠤᠨ ᠨᠠᠷᠠᠲᠤ ᠰᠢᠶᠠᠨ ᠢ ᠴᠣᠭᠴᠠᠯᠠᠬᠤ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠵᠡᠭᠡᠪᠡ᠃      ᠣᠯᠠᠨ ᠤ ᠶᠠᠷᠢᠶ᠎ᠠ ᠶᠢ ᠨᠠᠷᠢᠨ ᠬᠢᠨᠠᠮᠠᠭᠠᠶ ᠰᠣᠨᠣᠰᠤᠭᠰᠠᠨ ᠤ ᠳᠠᠷᠠᠭ᠎ᠠ᠂  ᠯᠢ ᠴᠦᠨ ᠶᠠᠨ ᠵᠢᠭᠠᠵᠤ ᠭᠠᠷᠭᠠᠭᠰᠠᠨ  ᠨᠢ᠂ ᠰᠠᠶᠢᠬᠠᠨ ᠥᠩᠭᠡᠷᠡᠭᠰᠡᠨ 2020 ᠣᠨ ᠪᠣᠯ ᠲᠤᠶᠢᠯ ᠤᠨ ᠶᠡᠷᠦ ᠪᠤᠰᠤ ᠶᠢᠨ ᠶᠤᠮ᠂ ᠲᠤᠩ ᠠᠮᠠᠷ ᠦᠭᠡᠢ᠂ ᠮᠠᠷᠲᠠᠭᠳᠠᠰᠢ ᠦᠭᠡᠢ ᠨᠢᠭᠡ ᠵᠢᠯ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠦᠨᠳᠦ ᠶᠡᠭᠡ ᠰᠢᠯᠭᠠᠯᠲᠠ ᠶᠢᠨ ᠡᠮᠦᠨ᠎ᠡ᠂ ᠥᠷᠭᠡᠨ ᠣᠯᠠᠨ ᠠᠵᠤ ᠠᠬᠤᠶᠢᠯᠠᠯᠲᠠᠨ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ᠎ᠡ᠂ ᠴᠡᠭᠡᠵᠢ ᠲᠦᠷᠢᠨ ᠭᠠᠷᠬᠤ᠂ ᠢᠳᠡᠪᠬᠢᠲᠡᠶ ᠪᠠᠷ ᠵᠣᠭᠤᠰ ᠮᠥᠩᠭᠦ ᠡᠳ᠋ ᠪᠣᠳᠠᠰ ᠬᠠᠨᠳᠢᠪᠯᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠤᠯᠭᠦᠶ ᠦᠶᠯᠡᠳᠪᠦᠷᠢᠯᠡᠯ ᠤᠨ ︽ᠬᠤᠶᠠᠷ ᠢ ᠰᠠᠭᠠᠲᠠᠭᠠᠬᠤ ᠥᠬᠡᠶ︾ ᠪᠠᠶᠢᠬᠤ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠂ ᠮᠠᠨ ᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ︽ᠬᠤᠤᠰ ᠢᠯᠠᠯᠲᠠ︾   ᠶᠢ ᠲᠡᠮᠡᠴᠡᠨ ᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠂ ᠲᠡᠷᠡ ᠰᠢᠶᠠᠨ ᠤ ᠨᠠᠮ ᠤᠨ ᠬᠤᠷᠢᠶ᠎ᠠ ᠶᠢ ᠲᠦᠯᠦᠭᠡᠯᠡᠨ ᠰᠢᠶᠠᠨ ᠤ ᠵᠠᠰᠠᠭ  ᠤᠨ ᠣᠷᠳᠣᠨ ᠠᠴᠠ ᠪᠦᠬᠦ ᠰᠢᠶᠠᠨ ᠤ ᠥᠷᠭᠡᠨ ᠣᠯᠠᠨ ᠠᠵᠤ ᠠᠬᠤᠶᠢᠯᠠᠯᠲᠠᠨ ᠳᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ ᠭᠡᠪᠡ᠃      ᠯᠢ ᠴᠦᠨ ᠶᠠᠨ ᠬᠡᠯᠡᠬᠦ ᠳᠡᠭᠡᠨ᠂ ᠰᠢᠨ᠎ᠡ ᠨᠢᠭᠡ ᠵᠢᠯ ᠳᠤ ᠥᠷᠭᠡᠨ ᠣᠯᠠᠨ ᠠᠵᠤ ᠠᠬᠤᠶᠢᠯᠠᠯᠲᠠᠨ ᠰᠢᠨ᠎ᠡ ᠱᠠᠲᠤᠨ ᠳᠤ ᠰᠠᠭᠤᠷᠢᠯᠠᠨ᠂ ᠰᠢᠨ᠎ᠡ ᠣᠶᠢᠯᠠᠭᠠᠭᠳᠠᠬᠤᠨ ᠢ ᠪᠣᠶ ᠪᠣᠯᠭᠠᠵᠤ᠂ ᠰᠢᠨ᠎ᠡ ᠪᠠᠶᠢᠷᠢᠰᠢᠯ ᠳᠤ ᠠᠭᠤᠰᠤᠯᠴᠠᠨ᠂ ᠢᠲᠡᠭᠡᠯ ᠲᠡᠭᠦᠯᠳᠡᠷ ᠢᠶᠠᠷ ᠲᠣᠮᠣ ᠠᠯᠬᠤᠮ ᠢᠶᠠᠷ ᠤᠷᠤᠭᠰᠢᠯᠠᠵᠤ᠂ ᠠᠵᠤ ᠠᠬᠤᠶᠢᠯᠠᠯ ᠪᠠ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠤᠤᠰ ᠠᠮᠵᠢᠯᠲᠠ ᠶᠢ ᠪᠡᠶᠡᠯᠡᠭᠦᠯᠵᠦ᠂ ᠲᠣᠭᠲᠠᠬᠤ ᠶᠢᠨ ᠡᠯ᠎ᠡ ᠵᠦᠶᠯ ᠤᠨ ᠠᠵᠢᠯ ᠦᠶᠯᠡᠰ ᠤᠨ ᠰᠢᠨ᠎ᠡ ᠳᠡᠭᠲᠡᠷ ᠲᠤ ᠭᠠᠷᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ ᠭᠡᠵᠡᠶ᠃ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ᠂ ᠡᠯ᠎ᠡ ᠰᠠᠯᠠᠭ᠎ᠠ ᠮᠥᠴᠢᠷ ᠤᠨ ᠬᠢᠨ ᠲᠤᠰᠬᠠᠶ ᠠᠩᠭᠢ  ᠶᠢᠨ ᠦᠶᠯᠡᠴᠢᠯᠡᠭᠡ ᠬᠠᠩᠭᠠᠵᠤ᠂ ︽ᠵᠠᠰᠠᠭ ᠤᠨ ᠶᠠᠪᠤᠳᠠᠯ ᠢ ᠢᠯᠡᠭᠦᠬᠡᠨ ᠭᠦᠶᠴᠡᠳᠬᠡᠵᠦ᠂ ᠠᠵᠤ ᠠᠬᠤᠶᠢᠯᠠᠯ ᠢ ᠳᠤᠲᠠᠭᠤ ᠭᠦᠶᠦᠯᠭᠡᠬᠦ︾ ᠠᠵᠢᠯ ᠤᠨ ᠣᠶᠢᠯᠠᠭᠠᠭᠳᠠᠬᠤᠨ ᠢᠶᠠᠷ ᠠᠵᠤ ᠠᠬᠤᠶᠢᠯᠠᠯ ᠳᠤ ᠭᠦᠨᠵᠡᠭᠡᠶᠢᠷᠡᠵᠦ᠂ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠣᠨᠢᠨ ᠳᠡᠭᠡᠷ᠎ᠡ ᠨᠢ ᠦᠶᠯᠡᠴᠢᠯᠡᠵᠦ᠂ ᠠᠵᠤ ᠠᠬᠤᠶᠢᠯᠠᠯ ᠢ ᠬᠠᠪᠰᠤᠷᠤᠨ ᠬᠥᠭᠵᠢᠯᠲᠡ ᠶᠢᠨ ᠳᠤᠮᠳᠠᠬᠢ ᠬᠦᠴᠢᠷᠳᠡᠯ ᠪᠠ ᠠᠰᠠᠭᠤᠳᠠᠯ ᠢ ᠨᠢ ᠦᠨᠡᠨ ᠬᠦ ᠰᠢᠶᠳᠪᠦᠷᠢᠯᠡᠵᠦ᠂ ᠠᠵᠤ ᠠᠬᠤᠶᠢᠯᠠᠯ  ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠳᠡᠮᠵᠢᠬᠦ ᠬᠡᠷᠡᠭᠲᠡᠶ ᠭᠡᠵᠦ ᠴᠢᠬᠤᠯᠠᠴᠢᠯᠠᠪᠠ᠃      ᠰᠢᠶᠠᠨ ᠤ ᠤᠳᠤᠷᠢᠳᠤᠯᠭ᠎ᠠ ᠸᠠᠩ ᠯᠢ ᠰᠢᠨ᠂ ᠸᠧᠢ ᠰᠢᠶᠤᠤ ᠳ᠋ᠦᠩ᠂ ᠯᠢᠦ ᡁᠢ ᠴᠢᠶᠠᠩ᠂ ᠠᠵᠤ ᠦᠢᠯᠡᠳᠪᠦᠷᠢ ᠶᠢᠨ ᠬᠦᠷᠢᠶᠡᠯᠡᠩ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ ᠭᠦᠸᠧ ᠬᠠᠢ ᠵᠢᠶᠦ᠋ᠨ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠰᠢᠶᠤᠤ ᠸᠧᠨ ᠸᠧᠢ᠂ ᠳᠡᠳ᠋ ᠡᠷᠬᠢᠯᠡᠭᠴᠢ ᠸᠠᠩ ᠶᠢᠩ ᠬᠤᠷᠠᠯ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1