【ᠬᠤᠶᠠᠷ ᠬᠤᠷᠠᠯ】ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠶᠢᠰᠦᠳᠦᠭᠡᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ ᠠᠷᠪᠠᠨ ᠲᠠᠪᠤᠳᠤᠭᠠᠷ ᠬᠤᠷᠠᠯᠳᠤᠭᠠᠨ ᠬᠤᠷᠠᠯᠳᠤᠪᠠ
ᠨᠡᠶᠢᠲᠡᠯᠡᠭᠰᠡᠨ ᠴᠠᠭ᠄
2021/2/9
      2 ᠳ᠋ᠤᠭᠠᠷ ᠰᠠᠷ᠎ᠠ ᠶᠢᠨ 2   ᠤᠨ ᠡᠳᠦᠷ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠶᠦᠨ ᠷᠦᠢ ᠵᠢᠶᠦ᠋ᠨ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠶᠢᠰᠦᠳᠦᠭᠡᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ ᠠᠷᠪᠠᠨ ᠲᠠᠪᠤᠳᠤᠭᠠᠷ ᠬᠤᠷᠠᠯᠳᠤᠭᠠᠨ ᠢ ᠡᠷᠬᠢᠯᠡᠨ ᠬᠤᠷᠠᠯᠳᠤᠭᠤᠯᠪᠠ᠃      ᠬᠤᠷᠠᠯ ᠠᠴᠠ ᠤᠯᠤᠰ ᠲᠦᠷᠦ ᠶᠢᠨ ᠵᠥᠪᠯᠡᠯᠭᠡᠨ ᠤ ᠶᠢᠰᠦᠳᠦᠭᠡᠷ ᠬᠤᠭᠤᠴᠠᠭᠠᠨ ᠤ ᠲᠠᠪᠤᠳᠤᠭᠠᠷ ᠬᠤᠷᠠᠯ ᠢ ᠬᠤᠷᠠᠯᠳᠤᠭᠤᠯᠬᠤ ᠲᠣᠭᠲᠠᠭᠠᠯ ᠢ ᠬᠢᠨᠠᠨ ᠵᠥᠪᠯᠡᠵᠦ ᠪᠠᠲᠤᠯᠠᠨ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠶᠢᠰᠦᠳᠦᠭᠡᠷ ᠬᠤᠭᠤᠴᠠᠭᠠᠨ ᠤ ᠲᠠᠪᠤᠳᠤᠭᠠᠷ ᠬᠤᠷᠠᠯ ᠤᠨ ᠪᠡᠯᠡᠳᠬᠡᠯ ᠬᠤᠷᠠᠯ ᠤᠨ ᠡᠳᠦᠷ ᠤᠨ ᠳᠠᠷᠠᠭᠠᠯᠠᠯ᠂ ᠭᠦᠢᠴᠡᠳᠬᠡᠬᠦ ᠲᠡᠷᠢᠭᠦᠯᠡᠭᠴᠢ ᠵᠢᠴᠢ ᠡᠷᠬᠢᠯᠡᠭᠴᠢ ᠶᠢᠨ ᠨᠡᠷᠡᠰ᠂ ᠳᠡᠳ᠋ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ᠂ ᠰᠤᠯᠠ ᠣᠷᠣᠯᠴᠠᠬᠤ ᠬᠥᠮᠦᠰ ᠤᠨ ᠨᠡᠷᠡᠰ᠂ ᠶᠡᠭᠡ ᠬᠤᠷᠠᠯ ᠤᠨ ᠨᠠᠷᠢᠨ ᠪᠢᠴᠢᠭ ᠤᠨ ᠭᠠᠵᠠᠷ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠵᠢᠴᠢ ᠠᠵᠢᠯᠳᠠᠨ ᠤ ᠨᠡᠷᠡᠰ ᠢ ᠬᠢᠨᠠᠨ ᠵᠥᠪᠯᠡᠵᠦ ᠪᠠᠲᠤᠯᠠᠪᠠ᠃ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠶᠢᠰᠦᠳᠦᠭᠡᠷ ᠬᠤᠭᠤᠴᠠᠭᠠᠨ ᠤ ᠪᠦᠬᠦ ᠤᠯᠤᠰ ᠤᠨ ᠬᠤᠷᠢᠶᠠᠨ ᠤ ᠲᠠᠪᠤᠳᠤᠭᠠᠷ ᠬᠤᠷᠠᠯᠳᠤᠭᠠᠨ ᠤ ᠵᠥᠪᠯᠡᠬᠦ ᠵᠦᠢᠯ ︵ᠲᠥᠰᠦᠯ︶᠂ ᠡᠳᠦᠷ ᠤᠨ ᠳᠠᠷᠠᠭᠠᠯᠠᠯ ︵ᠲᠥᠰᠦᠯ︶᠂ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ ︵ᠲᠥᠰᠦᠯ︶᠂ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠬᠤ ᠺᠣᠮᠢᠰ ᠤᠨ ᠨᠡᠷᠡᠰ ︵ᠲᠥᠰᠦᠯ︶  ᠢ ᠰᠤᠳᠤᠯᠤᠨ ᠶᠠᠷᠢᠯᠴᠠᠵᠤ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠶᠢᠰᠦᠳᠦᠭᠡᠷ ᠬᠤᠭᠤᠴᠠᠭᠠᠨ ᠤ ᠪᠦᠬᠦ ᠤᠯᠤᠰ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ︵ᠶᠠᠷᠢᠯᠴᠠᠬᠤ ᠨᠤᠤᠷᠠᠭ︶ ᠢ ᠰᠣᠨᠣᠰᠴᠤ ᠶᠠᠷᠢᠯᠴᠠᠭᠠᠳ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠶᠢᠰᠦᠳᠦᠭᠡᠷ ᠬᠤᠭᠤᠴᠠᠭᠠᠨ ᠤ ᠪᠦᠬᠦ ᠤᠯᠤᠰ ᠤᠨ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠠᠴᠠ ᠨᠠᠰᠢᠬᠢ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ ᠰᠢᠢᠳᠪᠦᠷᠢᠯᠡᠭᠰᠡᠨ ᠪᠠᠶᠢᠳᠠᠯ ᠤᠨ ᠲᠤᠬᠠᠢ ᠰᠢᠶᠠᠨ ᠤ ᠵᠠᠰᠠᠭ ᠤᠨ ᠣᠷᠳᠣᠨ ᠤ ᠮᠡᠳᠡᠭᠦᠯᠦᠯᠲᠡ ︵ᠶᠠᠷᠢᠯᠴᠠᠬᠤ ᠨᠤᠤᠷᠠᠭ︶ ᠢ ᠰᠣᠨᠣᠰᠴᠤ ᠶᠠᠷᠢᠯᠴᠠᠭᠠᠳ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠶᠢᠰᠦᠳᠦᠭᠡᠷ ᠬᠤᠭᠤᠴᠠᠭᠠᠨ ᠤ ᠪᠦᠬᠦ ᠤᠯᠤᠰ ᠤᠨ ᠬᠤᠷᠢᠶᠠᠨ ᠤ ᠭᠡᠰᠢᠭᠦᠳ ᠢ ᠲᠤᠰᠢᠶᠠᠯ ᠳᠤ ᠲᠣᠮᠢᠯᠠᠬᠤ ᠪᠠ ᠲᠤᠰᠢᠶᠠᠯ ᠠᠴᠠ ᠪᠠᠭᠤᠯᠭᠠᠬᠤ ᠤᠴᠢᠷ ᠶᠠᠪᠤᠳᠠᠯ ᠢ ᠵᠥᠪᠯᠡᠨ ᠲᠣᠭᠲᠠᠭᠠᠵᠠᠢ᠃      ᠬᠤᠷᠠᠯ ᠳᠡᠭᠡᠷ᠎ᠡ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ‌‍ᠲ᠋ᠦ᠋ᠷᠪᠡᠨ ᠭᠡᠰᠢᠭᠦᠨ ᠣᠨ ᠤ ᠲᠤᠰᠢᠶᠠᠯ ᠤᠨ ᠮᠡᠳᠡᠭᠦᠯᠦᠯᠲᠡ ᠬᠢᠵᠡᠶ᠃      ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠨᠡᠷ ᠬᠤᠷᠠᠯ  ᠳᠤ ᠣᠷᠣᠯᠴᠠᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ  ᠤᠨ ᠳᠠᠷᠤᠭ᠎ᠠ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠰᠦᠨ ᠬᠠᠢ ᠱᠧᠩ ᠤᠷᠢᠯᠭ᠎ᠠ ᠪᠠᠷ ᠬᠤᠷᠠᠯ ᠳᠤ ᠣᠷᠣᠯᠴᠠᠪᠠ᠃ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠡᠯ᠎ᠡ ᠬᠤᠷᠢᠶ᠎ᠠ ᠠᠯᠪᠠᠨ ᠭᠡᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1