ᠪᠦᠬᠦ ᠰᠢᠶᠠᠨ ᠤ ᠥᠷᠭᠡᠨ ᠤᠯᠠᠨ ᠺᠠᠳ᠋ᠷ ᠤᠯᠠᠨ ᠲᠦᠮᠡᠨ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠳ᠋ᠦᠩᠨᠡᠯᠲᠡ ᠬᠢᠵᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠤᠨ ᠦᠪᠡᠳᠡᠭᠰᠢ ᠪᠠᠶᠢᠳᠠᠯ ᠢ ᠬᠦᠯᠢᠶᠡᠨ ᠠᠪᠴᠤ ᠰᠣᠨᠣᠰᠪᠠ
ᠨᠡᠶᠢᠲᠡᠯᠡᠭᠰᠡᠨ ᠴᠠᠭ᠄
2021/3/1
      ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠳ᠋ᠦᠩᠨᠡᠯᠲᠡ ᠬᠢᠵᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ 2 ᠳ᠋ᠤᠭᠠᠷ ᠰᠠᠷ᠎ᠠ ᠶᠢᠨ 25 ᠤ ᠦᠳᠡ ᠶᠢᠨ ᠡᠮᠦᠨ᠎ᠡ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠪᠦᠬᠦ ᠰᠢᠶᠠᠨ ᠤ ᠥᠷᠭᠡᠨ ᠣᠯᠠᠨ ᠺᠠᠳ᠋ᠷ ᠣᠯᠠᠨ ᠲᠦᠮᠡᠨ ᠬᠤᠶᠢᠨ᠎ᠠ ᠬᠤᠶᠢᠨ᠎ᠠ ᠠᠴᠠ ᠪᠠᠨ ᠷᠠᠳᠢᠣ᠋ ᠨᠡᠪᠲᠡᠷᠡᠭᠦᠯᠭᠡ᠂ ᠲᠧᠯᠸᠢᠰ᠂ ᠰᠦᠯᠵᠢᠶ᠎ᠡ ᠵᠡᠷᠭᠡ ᠬᠡᠯᠪᠡᠷᠢ ᠪᠠᠷ ᠶᠡᠭᠡ ᠬᠤᠷᠠᠯ ᠤᠨ ᠦᠪᠡᠳᠡᠭᠰᠢ ᠪᠠᠶᠢᠳᠠᠯ ᠢ ᠬᠦᠯᠢᠶᠡᠨ ᠠᠪᠴᠤ ᠰᠣᠨᠣᠰᠪᠠ᠃      ᠬᠤᠷᠠᠯ ᠳᠡᠭᠡᠷ᠎ᠡ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ  ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ︽ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠢᠱᠢᠶᠡᠴᠢ︾ ᠶᠢᠨ ᠢᠷᠠᠭᠤ ᠠᠯᠳᠠᠷ ᠤᠨ ᠴᠣᠯᠠ ᠬᠦᠷᠳᠡᠭᠰᠡᠳ ᠮᠠᠤ ᠰᠢᠶᠠᠩ ᠯᠢᠨ ᠵᠡᠷᠭᠡ 10 ᠨᠥᠬᠦᠳ᠂ ᠾᠧᠪᠸᠢ ᠮᠤᠵᠢ ᠶᠢᠨ ᠰᠠᠶᠢᠬᠠᠨᠳᠠᠪᠠᠭ᠎ᠠ ᠶᠢᠨ ᠮᠠᠰᠢᠨ ᠮᠧᠬᠠᠨᠢᠭ ᠤᠢ ᠰᠢᠭᠤᠢ  ᠶᠢᠨ ᠲᠠᠯᠠᠪᠠᠢ ᠵᠡᠷᠭᠡ 10 ᠬᠠᠮᠲᠤ ᠱᠠᠩᠨᠠᠯ ᠣᠯᠭᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠶᠡᠭᠡ ᠬᠤᠷᠠᠯ  ᠠᠴᠠ ᠪᠠᠰᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤᠮᠳᠠᠬᠢ ᠲᠡᠷᠢᠭᠦᠨ ᠤ ᠬᠤᠪᠢ ᠬᠥᠮᠦᠨ᠂ ᠲᠡᠷᠢᠭᠦᠨ ᠤ ᠬᠠᠮᠲᠤ ᠶᠢ ᠬᠥᠬᠢᠭᠦᠯᠦᠨ ᠰᠠᠶᠢᠰᠢᠶᠠᠪᠠ᠃ ᠶᠡᠷᠦᠩᠬᠡᠢ ᠱᠦᠵᠢ ᠰᠢ ᠶᠢᠨ ᠫᠢᠩ᠂ ᠮᠠᠨ ᠤ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠪᠦᠬᠦ ᠲᠠᠯ᠎ᠠ ᠶᠢᠨ ᠢᠯᠠᠯᠲᠠ ᠣᠯᠵᠤ᠂ ᠬᠠᠷᠢᠴᠠᠯᠠᠰᠢᠭᠦᠢ ᠶᠠᠳᠠᠭᠤ ᠬᠦᠴᠢᠷᠳᠡᠯ ᠢ ᠠᠷᠢᠯᠭᠠᠬᠤ ᠬᠠᠲᠠᠭᠤᠵᠢᠯᠲᠠᠢ ᠡᠭᠦᠷᠭᠡ ᠶᠢ ᠪᠡᠶᠡᠯᠡᠭᠦᠯᠵᠦ᠂ ᠲᠡᠦᠬᠡ ᠶᠢᠨ ᠬᠠᠭᠤᠳᠠᠰᠤᠨ᠎ᠠ ᠲᠡᠮᠳᠡᠭᠯᠡᠭᠳᠡᠬᠦ ᠬᠥᠮᠦᠨ ᠤ ᠶᠢᠷᠲᠢᠨᠴᠦ ᠶᠢᠨ ᠪᠠᠰᠠ ᠨᠢᠭᠡᠨ ᠭᠠᠶᠢᠬᠠᠮᠰᠢᠭ ᠢ ᠡᠭᠦᠳᠴᠡᠢ ᠭᠡᠵᠦ ᠲᠥᠪ ᠴᠢᠩᠭ᠎ᠠ ᠪᠠᠷ ᠲᠤᠩᠬᠠᠭᠯᠠᠪᠠ᠃      ᠲᠣᠭᠤᠷᠢᠨ ᠦᠵᠡᠬᠦ ᠶᠠᠪᠤᠴᠠ ᠳᠤ᠂ ᠤᠯᠠᠨ ᠢᠶᠠᠷ ᠢᠶᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢ ᠰᠣᠨᠣᠰᠤᠭᠰᠠᠨ ᠤ ᠲᠠᠷᠠᠭ᠎ᠠ᠂ ᠲᠤᠶᠢᠯ ᠢᠶᠠᠷ ᠵᠣᠷᠢᠭᠵᠢᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠷᠰᠢᠯᠭ᠎ᠠ ᠪᠠᠨ ᠴᠢᠨᠠᠭᠰᠢᠳᠠ ᠳ᠋ᠦᠩᠨᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠢᠯᠠᠯᠲᠠ ᠶᠢᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠦᠷᠯᠢᠭ ᠰᠠᠶᠢᠬᠠᠨ ᠵᠢᠷᠤᠭ ᠢ ᠴᠢᠷᠮᠠᠶᠢᠨ ᠵᠢᠷᠤᠭᠯᠠᠨ᠎ᠠ ᠭᠡᠵᠦ ᠢᠯᠡᠳᠬᠡᠵᠡᠭᠡᠪᠡ᠃      ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶᠠᠨ ᠤ ᠳᠠᠷᠤᠭ᠎ᠠ ᠯᠢᠦ ᠰᠢᠶᠤᠤ ᠫᠢᠩ ᠰᠤᠷᠪᠤᠯᠵᠢᠯᠠᠭᠴᠢ ᠳᠤ᠄ ᠶᠡᠷᠦᠩᠬᠡᠢ ᠱᠦᠵᠢ ᠶᠢᠨ ᠶᠠᠷᠢᠶ᠎ᠠ ᠶᠢ ᠰᠣᠨᠣᠰᠤᠭᠠᠳ ᠲᠤᠶᠢᠯ ᠢᠶᠠᠷ ᠤᠷᠮᠠᠰᠢᠨ ᠵᠣᠷᠢᠭᠵᠢᠵᠠᠢ᠃ ᠦᠨᠳᠦᠰᠦᠨ ᠱᠠᠲᠤᠨ ᠤ ᠮᠠᠯ ᠠᠵᠤ ᠠᠬᠤᠶ ᠲᠠᠷᠢᠶᠠᠯᠠᠩ ᠤᠨ ᠠᠵᠢᠯᠲᠠᠨ ᠪᠣᠯᠤᠭᠰᠠᠨ ᠤ ᠬᠤᠪᠢ ᠳᠤ᠂ ᠡᠭᠦᠷᠭᠡ ᠬᠠᠷᠢᠭᠤᠴᠠᠯᠭ᠎ᠠ ᠬᠦᠨᠳᠦ ᠭᠡᠳᠡᠭ ᠢ ᠭᠦᠨᠵᠡᠭᠡᠶ ᠣᠶᠢᠯᠠᠭᠠᠵᠤ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠪᠢᠳᠡ ᠭᠤᠣᠯ ᠬᠠᠷᠢᠭᠤᠴᠠᠯᠭ᠎ᠠ ᠭᠤᠣᠯ ᠠᠵᠢᠯ ᠢᠶᠠᠨ ᠦᠨᠡᠨ ᠬᠦ ᠰᠠᠶᠢᠲᠤᠷ ᠡᠭᠦᠷᠭᠡᠯᠡᠵᠦ᠂ ︿ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ﹀ ᠤ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠮᠠᠨ ᠤ ᠰᠢᠶᠠᠨ ᠤ ︿ᠠᠷᠪᠠᠨ ᠳᠥᠷᠪᠡᠳᠦᠭᠡᠷ ᠲᠠᠪᠤᠨ ᠵᠢᠯ ﹀ ᠤᠨ ᠲᠠᠷᠢᠶᠠᠯᠠᠩ ᠬᠥᠳᠡᠭᠡ ᠲᠣᠰᠬᠤᠨ ᠤ ᠬᠥᠭᠵᠢᠯᠲᠡ ᠳᠤ ᠰᠠᠶᠢᠨ ᠡᠬᠢᠯᠡᠯᠲᠡ᠂ ᠰᠠᠶᠢᠨ ᠡᠬᠢᠯᠡᠯᠲᠡ ᠲᠠᠢ ᠪᠣᠯᠭᠠᠨ᠎ᠠ ᠃ ᠨᠢᠭᠡ ᠳᠤ᠂ ᠡᠯ᠎ᠡ ᠭᠠᠵᠠᠷ ᠤᠨ ᠡᠬᠢ ᠪᠠᠶᠠᠯᠢᠭ ᠤᠨ ᠤᠭ ᠰᠤᠷᠪᠤᠯᠵᠢ ᠳᠤ ᠲᠦᠰᠢᠭᠯᠡᠨ᠂ ᠰᠢᠯᠢᠳᠡᠭ ᠢ ᠨᠢ ᠡᠷᠢᠵᠦ ᠲᠦᠯᠬᠢᠨ ᠠᠬᠢᠭᠤᠯᠵᠤ᠂ ᠰᠣᠯᠪᠢᠴᠠᠭᠤᠯᠤᠨ ᠬᠥᠭᠵᠢᠭᠦᠯᠵᠦ᠂ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠪᠦᠬᠦᠢ ᠳᠠᠪᠠᠭᠤᠯᠢᠭ ᠣᠨᠴᠠᠯᠢᠭᠲᠤ ᠠᠵᠤ ᠦᠶᠯᠡᠰ ᠤᠨ ᠰᠢᠰᠲ᠋ᠧᠮᠵᠢ ᠶᠢ ᠲᠦᠷᠭᠡᠳᠬᠡᠨ ᠪᠤᠶ ᠪᠣᠯᠭᠠᠨ᠎ᠠ ᠭᠡᠪᠡ᠃ ᠬᠤᠶᠠᠷ ᠲᠤ ᠂ ᠲᠤᠭᠳᠠᠬᠤ ᠰᠢᠶᠠᠨ ᠤ ᠬᠠᠲᠤᠨ ᠭᠤᠤᠯ ᠤᠨ ᠮᠥᠷᠭᠦ ᠵᠢᠭᠠᠰᠤ᠂ ᠲᠤᠭᠳᠠᠬᠤ ᠰᠢᠶᠠᠨ ᠤ ᠯᠠᠵᠤᠤ ᠵᠡᠷᠭᠡ 9 ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ  ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠳᠠᠪᠠᠭᠤᠯᠢᠭ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ  ᠶᠢᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ᠠᠯᠳᠠᠷᠰᠢᠯ ᠢ ᠳᠡᠭᠡᠭᠰᠢᠯᠡᠭᠦᠯᠦᠨ᠎ᠡ᠃ ᠭᠤᠷᠪᠠ ᠳᠤ᠂ ᠨᠢᠭᠡ ᠪᠦᠯᠦᠭ ᠲᠠᠷᠢᠵᠤ ᠲᠡᠵᠢᠭᠡᠬᠦ᠂ ᠡᠳ᠋ᠰᠢᠭᠦᠯᠬᠦ ᠲᠥᠷᠥᠯ ᠵᠦᠢᠯ ᠢ ᠳᠠᠷᠤᠢ ᠲᠦᠷᠭᠡᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠭᠠᠵᠠᠷ ᠰᠢᠷᠣᠶ ᠶᠢ ᠡᠷᠭᠢᠯᠳᠦᠭᠦᠯᠬᠦ᠂ ᠬᠤᠪᠢ ᠣᠷᠣᠭᠤᠯᠤᠨ ᠠᠰᠢᠭ ᠬᠤᠪᠢᠶᠠᠬᠤ ᠵᠡᠷᠭᠡ ᠵᠠᠭᠪᠤᠷ  ᠢᠶᠠᠷ ᠳᠠᠮᠵᠢᠭᠤᠯᠤᠨ᠂ ᠶᠠᠳᠠᠭᠤ ᠬᠦᠴᠢᠷᠳᠡᠯᠲᠡᠶ ᠡᠷᠦᠬᠡ ᠶᠢᠨ ᠣᠷᠣᠯᠭ᠎ᠠ ᠪᠠᠨ ᠲᠣᠭᠲᠠᠭᠤᠨ ᠢᠶᠠᠷ ᠨᠡᠮᠡᠭᠳᠡᠭᠦᠯᠬᠦ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠦᠷᠭᠦᠯᠵᠢᠯᠡᠨ ᠬᠥᠭᠵᠢᠬᠦ ᠳᠤ ᠬᠦᠴᠦᠲᠡᠶ ᠬᠥᠳᠡᠯᠭᠡᠬᠦ ᠬᠦᠴᠦᠨ ᠨᠡᠮᠡᠷᠢᠯᠡᠨ᠎ᠡ ᠭᠡᠪᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1