ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ ᠪᠤᠬᠢᠷᠳᠤᠯ ᠦᠭᠡᠢ ᠬᠦᠭᠵᠢᠬᠦᠯᠬᠦ ᠪᠠᠷ ᠤᠳᠤᠷᠢᠳᠤᠮᠵᠢ ᠪᠤᠯᠭᠠᠨ᠎ᠠ
ᠨᠡᠶᠢᠲᠡᠯᠡᠭᠰᠡᠨ ᠴᠠᠭ᠄
2021/3/10
     ᠱᠢ ᠲᠠᠢ ᠹᠧᠩ ᠲᠦᠯᠦᠭᠡᠯᠡᠭᠴᠢ ︵ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠦᠪᠡᠷᠲᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ︶      ᠨᠠᠮ ᠤᠨ ᠲᠦᠪ ᠬᠤᠷᠢᠶᠠᠨ ᠠᠴᠠ ᠤᠯᠭᠤᠬᠰᠠᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠤᠭᠳᠠᠭᠠᠯᠳᠠ ᠶᠢ ᠤᠯᠤᠰ ᠲᠦᠷᠦ ᠶᠢ ᠡᠷᠬᠢᠮᠯᠡᠬᠦ ᠦᠨᠳᠦᠷᠴᠡ ᠠᠴᠠ ᠰᠠᠶᠢᠳᠤᠷ ᠨᠠᠶᠢᠳᠠᠪᠤᠷᠢᠵᠢᠭᠤᠯᠵᠦ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ ᠪᠤᠬᠢᠷᠳᠤᠯ ᠦᠭᠡᠢ ᠬᠦᠭᠵᠢᠬᠦᠯᠬᠦ ᠵᠠᠮ ᠢᠶᠠᠷ ᠭᠤᠶᠢᠪᠢᠰᠢ ᠦᠭᠡᠢ ᠵᠠᠮᠨᠠᠨ᠎ᠠ      ᠥᠪᠦᠷ ᠮᠤᠩᠭᠤᠯ ᠢ ᠮᠠᠨ ᠤ ᠤᠯᠤᠰ ᠤᠨ ᠤᠮᠠᠷᠠᠳᠦ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠠ ᠡᠭᠡ ᠤᠯᠤᠰ ᠤᠨ ᠤᠮᠠᠷᠠᠳᠦ ᠬᠢᠯᠢ ᠶᠢᠨ ᠠᠮᠤᠷ ᠲᠦᠪᠰᠢᠨ ᠲᠤᠭᠳᠠᠭᠤᠨ ᠤ ᠬᠠᠯᠬᠠᠪᠴᠢ ᠪᠤᠯᠭᠠᠨ ᠪᠦᠳᠦᠭᠡᠨ ᠪᠠᠶᠢᠭᠤᠯᠬᠤ᠂ ᠤᠯᠤᠰ ᠤᠨ ᠴᠢᠬᠤᠯᠠ ᠡᠨᠧᠷᠬᠢ ᠪᠠ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ᠂ ᠮᠠᠯ ᠤᠨ ᠠᠰᠢᠬ ᠰᠢᠮ᠎ᠠ ᠲᠠᠷᠢᠶᠠᠯᠠᠩ ᠤᠨ ᠪᠦᠳᠦᠭᠡᠭᠳᠡᠬᠦᠨ ᠤ ᠦᠢᠯᠡᠳᠪᠤᠷᠢᠯᠡᠯ ᠤᠨ ᠰᠠᠭᠤᠷᠢᠨ ᠢ ᠪᠦᠳᠦᠭᠡᠨ ᠪᠠᠶᠢᠭᠤᠯᠬᠤ᠂ ᠮᠠᠨ ᠤ ᠤᠯᠤᠰ ᠤᠨ ᠤᠮᠠᠷᠠᠰᠢ ᠨᠡᠭᠡᠭᠡᠯᠳᠠ ᠬᠢᠬᠦ ᠴᠢᠬᠤᠯᠠ ᠪᠠᠬᠢᠯᠡᠯᠳᠠ ᠶᠢ ᠴᠤᠬᠴᠠᠯᠠᠬᠤ ᠪᠤᠯ ᠶᠡᠷᠦᠩᠭᠡᠢ ᠱᠦᠵᠢ ᠰᠢ ᠶᠢᠨ ᠫᠢᠩ ᠪᠤᠯᠤᠨ ᠨᠠᠮ ᠤᠨ ᠲᠦᠪ ᠬᠤᠷᠢᠶᠠᠨ ᠠᠴᠠ ᠥᠪᠦᠷ ᠮᠤᠩᠭᠤᠯ ᠳᠤ ᠲᠤᠭᠳᠠᠭᠠᠵᠦ ᠦᠭᠬᠦᠭᠰᠡᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠤᠭᠳᠠᠭᠠᠯᠳᠠ ᠪᠤᠯᠤᠨ᠎ᠠ᠃ ᠪᠢᠳᠠ ᠰᠢᠨ᠎ᠠ ᠬᠦᠭᠵᠢᠯᠳᠠ ᠶᠢᠨ ᠱᠠᠳᠤ ᠶᠢ ᠤᠨᠤᠴᠠᠳᠠᠢ ᠡᠵᠡᠮᠳᠡᠵᠦ᠂ ᠰᠢᠨ᠎ᠠ ᠬᠦᠭᠵᠢᠯᠳᠠ ᠶᠢᠨ ᠤᠢᠢᠯᠠᠭᠠᠭᠳᠠᠬᠤᠨ ᠢ ᠬᠦᠨᠵᠡᠭᠡᠢ ᠲᠤᠭᠤᠰᠢᠯᠠᠭᠤᠯᠤᠨ᠂ ᠰᠢᠨ᠎ᠠ ᠬᠦᠭᠵᠢᠯᠳᠠ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ ᠶᠢᠨ ᠬᠠᠮᠤᠭ ᠤᠨ ᠦᠨᠳᠦᠰᠦᠨ ᠵᠦᠢᠯ ᠪᠤᠯ ᠤᠯᠤᠰ ᠲᠦᠷᠦ ᠶᠢᠨ ᠵᠦᠭᠯᠡᠬᠦᠷ ᠢᠶᠠᠷ ᠥᠪᠦᠷ ᠮᠤᠩᠭᠤᠯ ᠤᠨ ᠬᠦᠭᠵᠢᠯᠳᠠ ᠶᠢᠨ ᠪᠠᠶᠢᠷᠢ ᠴᠢᠭᠯᠡᠯ ᠢ ᠲᠤᠭᠳᠠᠭᠠᠵᠤ᠂ ᠨᠠᠮ ᠤᠨ ᠲᠦᠪ ᠬᠤᠷᠢᠶᠠᠨ ᠠᠴᠠ ᠤᠯᠭᠤᠬᠰᠠᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠤᠭᠳᠠᠭᠠᠯᠳᠠ ᠶᠢ ᠤᠯᠤᠰ ᠲᠦᠷᠦ ᠶᠢ ᠡᠷᠬᠢᠮᠯᠡᠬᠦ ᠦᠨᠳᠦᠷᠴᠡ ᠠᠴᠠ ᠰᠠᠶᠢᠳᠤᠷ ᠨᠠᠶᠢᠳᠠᠪᠤᠷᠢᠵᠢᠭᠤᠯᠵᠦ᠂ ᠴᠢᠨᠠᠷ ᠰᠠᠶᠢᠳᠠᠢ ᠬᠦᠭᠵᠢᠯᠳᠠ ᠶᠢ ᠪᠠᠷᠢᠮᠳᠠᠯᠠᠨ᠂ ᠬᠦᠭᠡᠮᠳᠦᠭ ᠨᠤᠭᠤᠭᠠᠨ ᠠᠭᠤᠯᠠ ᠤᠰᠤ ᠪᠤᠯ ᠠᠯᠳᠠ ᠮᠦᠩᠬᠦᠨ ᠠᠭᠤᠯᠠ ᠮᠦᠨ ᠭᠡᠬᠦ ᠤᠢᠢᠯᠠᠭᠠᠭᠳᠠᠬᠤᠨ ᠢ ᠪᠠᠷᠢᠮᠳᠠᠯᠠᠵᠦ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ ᠪᠤᠬᠢᠷᠳᠤᠯ ᠦᠭᠡᠢ ᠬᠦᠭᠵᠢᠬᠦᠯᠬᠦ ᠵᠠᠮ ᠢᠶᠠᠷ ᠭᠤᠶᠢᠪᠢᠰᠢ ᠦᠭᠡᠢ ᠵᠠᠮᠨᠠᠬᠤ ᠶᠠᠪᠤᠳᠠᠯ ᠪᠤᠯᠤᠨ᠎ᠠ᠃ ᠪᠢᠳᠠ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ ᠪᠤᠬᠢᠷᠳᠤᠯ ᠦᠭᠡᠢ ᠬᠦᠭᠵᠢᠬᠦᠯᠬᠦ ᠪᠠᠷ ᠤᠳᠤᠷᠢᠳᠤᠮᠵᠢ ᠪᠤᠯᠭᠠᠨ ᠬᠦᠮᠦᠨ ᠠᠮᠠ ᠪᠤᠯᠤᠨ ᠦᠢᠯᠡᠳᠪᠦᠷᠢᠯᠡᠯ ᠤᠨ ᠬᠦᠴᠦᠨ ᠤ ᠪᠠᠶᠢᠷᠢᠰᠢᠭᠤᠯᠤᠯᠳᠠ ᠶᠢ ᠲᠤᠬᠢᠷᠠᠭᠤᠯᠤᠨ ᠰᠢᠯᠢᠳᠡᠭᠵᠢᠬᠦᠯᠵᠦ᠂ ᠵᠡᠬᠦᠨ ᠳᠤᠮᠳᠠ ᠪᠠᠷᠠᠭᠤᠨ ᠪᠡᠶ᠎ᠠ ᠶᠢᠨ ᠡᠯ᠎ᠠ ᠠᠶᠢᠮᠠᠬ ᠬᠤᠳᠠ ᠶᠢᠨ ᠡᠬᠢ ᠪᠠᠶᠠᠯᠢᠭ ᠤᠷᠴᠢᠨ ᠲᠤᠭᠤᠷᠢᠨ ᠤ ᠳᠠᠭᠠᠭᠠᠴᠠ ᠶᠢᠨ ᠴᠢᠳᠠᠪᠤᠷᠢ ᠪᠤᠯᠤᠨ ᠬᠦᠭᠵᠢᠯᠳᠠ ᠶᠢᠨ ᠬᠠᠷᠢᠴᠠᠭᠤᠯᠤᠭᠰᠠᠨ ᠲᠠᠪᠠᠭᠤᠯᠢᠭ ᠲᠤ ᠰᠠᠭᠤᠷᠢᠯᠡᠨ᠂ ᠤᠯᠤᠰ ᠤᠨ ᠨᠤᠳᠤᠭ ᠲᠡᠪᠢᠰᠭᠡᠷ  ᠤᠨ ᠤᠷᠤᠨ ᠵᠠᠢ ᠶᠢᠨ ᠪᠠᠶᠢᠷᠢᠰᠢᠭᠤᠯᠤᠯᠳᠠ᠂ ᠠᠵᠤ ᠦᠢᠯᠡᠰ ᠤᠨ ᠰᠠᠭᠤᠷᠢᠨ ᠤ ᠪᠠᠶᠢᠷᠢᠰᠢᠭᠤᠯᠤᠯᠳᠠ᠂ ᠤᠷᠤᠨ ᠪᠦᠰᠡ ᠶᠢᠨ ᠠᠵᠤ ᠠᠬᠤᠢ ᠶᠢᠨ ᠪᠠᠶᠢᠷᠢᠰᠢᠭᠤᠯᠤᠯᠳᠠ᠂ ᠬᠤᠳᠠ ᠶᠢᠨ ᠪᠦᠳᠦᠭᠡᠨ ᠪᠠᠶᠢᠭᠤᠯᠤᠯᠳᠠ ᠶᠢᠨ ᠪᠠᠶᠢᠷᠢᠰᠢᠭᠤᠯᠤᠯᠳᠠ ᠶᠢᠨ ᠲᠦᠯᠦᠪᠵᠢᠬᠦᠯᠭᠡ ᠪᠡ ᠲᠦᠷᠦ ᠶᠢᠨ ᠪᠤᠳᠤᠯᠭ᠎ᠠ ᠶᠢ ᠳᠡᠬᠦᠯᠳᠡᠷᠵᠢᠬᠦᠯᠵᠦ᠂ ᠡᠬᠢ ᠪᠠᠶᠠᠯᠢᠭ ᠢ ᠠᠷᠪᠢᠯᠠᠬᠤ ᠪᠠ ᠤᠷᠴᠢᠨ ᠲᠤᠭᠤᠷᠢᠨ ᠢ ᠬᠠᠮᠠᠭᠠᠯᠠᠬᠤ ᠤᠷᠤᠨ ᠵᠠᠢ ᠶᠢᠨ ᠪᠠᠶᠢᠷᠢᠰᠢᠯ᠂ ᠠᠵᠤ ᠦᠢᠯᠡᠰ ᠤᠨ ᠪᠦᠳᠦᠴᠡ᠂ ᠦᠢᠯᠡᠳᠪᠤᠷᠢᠯᠡᠯ ᠤᠨ ᠠᠷᠭ᠎ᠠ ᠭᠡᠯᠪᠡᠷᠢ᠂ ᠠᠮᠢᠳᠤᠷᠠᠯ ᠤᠨ ᠠᠷᠭ᠎ᠠ ᠭᠡᠯᠪᠡᠷᠢ ᠶᠢ ᠲᠦᠷᠭᠡᠳᠬᠡᠨ ᠪᠦᠷᠢᠯᠳᠦᠬᠦᠯᠤᠨ᠎ᠡ᠃       ᠪᠢᠳᠠ ᠮᠠᠨ ᠤ ᠤᠯᠤᠰ ᠤᠨ ᠤᠮᠠᠷᠠᠳᠤ ᠶᠢᠨ ᠴᠢᠬᠤᠯᠠ ᠠᠮᠢ ᠠᠬᠤᠢ ᠶᠢᠨ ᠬᠠᠯᠬᠠᠪᠴᠢ ᠶᠢ ᠪᠠᠳᠤ ᠴᠤᠬᠴᠠᠯᠠᠬᠤ ᠶᠢ ᠲᠠᠶᠢᠯᠤᠩᠭᠦᠢ ᠲᠠᠪᠠᠭᠤᠯᠢᠭ ᠪᠠᠶᠢᠷᠢᠨ ᠳᠤ ᠲᠠᠯᠪᠢᠵᠤ᠂ ᠶᠡᠭᠡ ᠬᠠᠮᠠᠭᠠᠯᠠᠯᠳᠠ ᠶᠢ ᠬᠠᠮᠳᠤ ᠪᠠᠷ ᠠᠳᠬᠤᠬᠤ᠂ ᠶᠡᠭᠡ ᠪᠠᠷ ᠨᠡᠭᠡᠭᠡᠯᠳᠠ ᠬᠢᠬᠦ ᠦᠭᠡᠢ ᠪᠠᠶᠢᠬᠤ ᠶᠢ ᠪᠠᠷᠢᠮᠳᠠᠯᠠᠨ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢ ᠪᠦᠬᠦ ᠲᠠᠯ᠎ᠠ ᠪᠦᠬᠦ ᠤᠷᠤᠨ ᠪᠦᠰᠡ ᠶᠢᠨ ᠬᠡᠪᠴᠢᠶᠠᠨ ᠳᠤ ᠴᠢᠩᠭᠠᠳᠬᠠᠵᠤ᠂ ᠪᠦᠬᠦ ᠠᠵᠢᠯ ᠲᠦᠷᠦᠯ ᠪᠦᠬᠦ ᠬᠦᠷᠢᠶ᠎ᠠ ᠴᠠᠷᠠᠭ᠎ᠠ ᠶᠢᠨ ᠪᠤᠬᠢᠷᠳᠤᠯ ᠦᠬᠡᠢ ᠬᠦᠭᠵᠢᠯᠳᠠ ᠲᠡᠶᠢᠰᠢ ᠰᠢᠯᠵᠢᠬᠦ ᠶᠢ ᠠᠬᠢᠭᠤᠯᠤᠨ᠎ᠠ᠃ ᠨᠤᠳᠤᠭ ᠪᠡᠯᠴᠢᠭᠡᠷ ᠪᠠ ᠤᠢ ᠰᠢᠭᠤᠢ ᠶᠢ ᠬᠠᠮᠠᠭᠠᠯᠠᠬᠤ ᠶᠢ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠳᠠ ᠶᠢᠨ ᠲᠡᠷᠢᠬᠦᠨ ᠴᠢᠬᠤᠯᠠ ᠡᠬᠦᠷᠭᠡ ᠪᠤᠯᠭᠠᠵᠤ᠂ ᠠᠭᠤᠯᠠ ᠤᠰᠤ ᠤᠢ ᠮᠤᠳᠤ ᠭᠠᠵᠠᠷ ᠲᠠᠷᠢᠶ᠎ᠡ ᠨᠠᠭᠤᠷ ᠪᠦᠷᠢᠳᠤ ᠨᠤᠳᠤᠭ ᠪᠠᠯᠴᠢᠭᠡᠷ ᠡᠯᠡᠰᠤ ᠮᠠᠩᠬ᠎ᠠ ᠶᠢ ᠰᠢᠰᠲ᠋ᠧᠮ ᠲᠠᠢ ᠪᠠᠷ ᠵᠠᠰᠠᠬᠤ ᠶᠢ ᠨᠢᠭᠡᠳᠤᠯᠳᠠᠢ ᠲᠦᠯᠦᠪᠵᠢᠬᠦᠯᠤᠨ ᠠᠬᠢᠭᠤᠯᠵᠤ᠂ ᠪᠤᠬᠢᠷᠳᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠦᠷᠬᠦᠯᠵᠢᠯᠡᠨ ᠰᠠᠶᠢᠳᠤᠷ ᠬᠢᠵᠤ᠂ ᠴᠢᠩᠭ᠎ᠠ ᠬᠦᠴᠤᠳᠠᠢ ᠲᠦᠷᠢᠮ ᠤᠨ ᠬᠢᠵᠠᠭᠠᠷᠯᠠᠯ ᠪᠠ ᠪᠤᠭᠤᠮᠳᠠ ᠰᠢᠪᠳᠤᠯᠬᠤ ᠠᠷᠭ᠎ᠠ ᠬᠡᠮᠵᠢᠶ᠎ᠡ ᠪᠠᠷ ᠡᠪᠳᠡᠭᠳᠡᠭᠰᠡᠨ ᠪᠠᠶᠢᠭᠠᠯᠢ ᠶᠢᠨ ᠠᠮᠢ ᠠᠬᠤᠢ ᠶᠢᠨ ᠰᠢᠰᠲ᠋ᠧᠮ  ᠢ ᠵᠠᠰᠠᠨ ᠰᠡᠷᠬᠦᠭᠡᠵᠤ᠂ ᠥᠪᠥᠷ ᠮᠤᠩᠭᠤᠯ ᠤᠨ ᠬᠦᠬᠡᠮᠳᠦᠭ ᠨᠤᠭᠤᠭᠠᠨ ᠠᠭᠤᠯᠠ ᠤᠰᠤ ᠶᠢ ᠰᠠᠶᠢᠳᠤᠷ ᠰᠠᠬᠢᠨ ᠬᠠᠮᠠᠭᠠᠯᠠᠨ᠎ᠠ᠃      ᠪᠢᠳᠠ ᠰᠢᠨ᠎ᠡ ᠶᠢ ᠡᠬᠦᠳᠬᠦ ᠪᠠᠷ ᠬᠦᠭᠵᠢᠯᠳᠠ ᠶᠢᠨ ᠬᠦᠳᠡᠯᠭᠡᠬᠦᠷ ᠪᠤᠯᠭᠠᠬᠤ ᠪᠠᠶᠢᠯᠳᠤᠬᠤ ᠪᠤᠳᠤᠯᠭ᠎ᠠ ᠶᠢ ᠶᠡᠭᠡ ᠪᠠᠷ ᠭᠡᠷᠡᠭᠵᠢᠬᠦᠯᠵᠤ᠂ ᠰᠤᠳᠤᠯᠤᠨ ᠬᠦᠭᠵᠢᠬᠦᠯᠬᠦ ᠪᠡᠯᠡ ᠤᠷᠤᠭᠤᠯᠤᠯᠳᠠ ᠶᠢᠨ ᠪᠤᠭᠤᠮᠳᠠ ᠰᠢᠪᠳᠤᠯᠤᠯᠳᠠ᠂ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠤᠭᠤᠮᠳᠠ ᠰᠢᠪᠳᠤᠯᠤᠯᠳᠠ᠂ ᠰᠢᠨ᠎ᠡ ᠶᠢ ᠡᠬᠦᠳᠬᠦ ᠭᠤᠤᠯ ᠴᠤᠬᠴᠠ ᠶᠢᠨ ᠪᠤᠶᠢᠵᠢᠭᠤᠯᠤᠯᠳᠠ ᠵᠡᠷᠭᠡ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠬᠦᠨᠵᠡᠭᠡᠶᠢᠷᠡᠬᠦᠯᠤᠨ ᠪᠤᠳᠠᠳᠠᠶᠢᠵᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠬᠦᠳᠬᠦ ᠠᠮᠢ ᠠᠬᠤᠢ ᠶᠢ ᠪᠦᠬᠦ ᠲᠠᠯ᠎ᠡ ᠪᠠᠷ ᠰᠠᠶᠢᠵᠢᠷᠠᠭᠤᠯᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠬᠦᠳᠬᠦ ᠰᠢᠰᠲ᠋ᠧᠮ ᠢ ᠲᠡᠬᠦᠯᠳᠡᠷᠵᠢᠬᠦᠯᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠬᠦᠳᠬᠦ ᠴᠢᠳᠠᠪᠤᠷᠢ ᠶᠢ ᠲᠡᠭᠡᠭᠰᠢᠯᠡᠬᠦᠯᠵᠤ᠂ ᠰᠢᠨ᠎ᠡ ᠵᠠᠮ ᠢᠶᠠᠷ ᠰᠠᠶᠢᠳᠤᠷ ᠵᠠᠮᠨᠠᠬᠤ ᠳᠤ ᠰᠢᠨ᠎ᠡ ᠬᠦᠳᠡᠯᠭᠡᠬᠦᠷ ᠬᠠᠨᠭ᠍ᠭᠠᠨ ᠰᠢᠨ᠎ᠡ ᠬᠦᠳᠡᠯᠭᠡᠬᠦ ᠬᠦᠴᠤᠨ ᠨᠠᠮᠠᠷᠢᠯᠡᠨ᠎ᠡ᠃      ᠪᠢᠳᠠ ᠪᠤᠬᠢᠷᠳᠤᠯ ᠦᠭᠡᠢ ᠲᠠᠪᠠᠭᠤᠯᠢᠭᠳᠤ ᠦᠪᠡᠷᠮᠢᠴᠡ ᠤᠨᠴᠠᠯᠢᠬ ᠲᠠᠢ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠴᠤᠭᠴᠠᠯᠠᠬᠤ ᠪᠠᠷ ᠭᠤᠤᠯ ᠭᠠᠷᠳᠠᠴᠠ ᠪᠤᠯᠭᠠᠨ᠂ ᠦᠨᠳᠤᠷ ᠲᠦᠪᠰᠢᠨ ᠪᠦᠬᠦᠢ ᠬᠠᠮᠠᠭᠠᠯᠠᠯᠳᠠ ᠪᠠ ᠴᠢᠨᠠᠷ ᠰᠠᠶᠢᠳᠠᠢ ᠬᠦᠭᠵᠢᠯᠳᠠ ᠶᠢ ᠤᠷᠭᠠᠨᠢᠭ ᠢᠶᠠᠷ ᠨᠢᠭᠡᠳᠭᠡᠬᠦ ᠶᠢ ᠪᠡᠷᠢᠮᠳᠠᠯᠠᠵᠤ᠂ ᠬᠦᠭᠵᠢᠯᠳᠠ ᠪᠠ ᠠᠮᠤᠷ ᠲᠦᠪᠰᠢᠨ ᠢ ᠨᠢᠭᠡᠳᠤᠯᠳᠠᠢ ᠲᠦᠯᠦᠪᠵᠢᠬᠦᠯᠤᠨ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ᠂ ᠡᠨᠧᠷᠬᠢ ᠶᠢᠨ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ ᠢ ᠪᠠᠳᠤᠯᠠᠬᠤ ᠵᠡᠷᠭᠡ ᠶᠢᠨ ᠲᠤᠭᠤᠷᠢᠨ ᠳᠤ ᠠᠵᠤ ᠦᠢᠯᠡᠰ ᠤᠨ ᠬᠦᠭᠵᠢᠯᠳᠠ ᠶᠢ ᠲᠦᠯᠦᠪᠵᠢᠬᠦᠯᠵᠦ᠂ ᠪᠤᠬᠢᠷᠳᠤᠯ ᠦᠭᠡᠢ ᠬᠦᠭᠵᠢᠯᠳᠡ᠂ ᠲᠡᠭᠡᠳᠤ ᠲᠡᠰᠵᠢᠯᠳᠡ᠂ ᠤᠶᠤᠨᠴᠢᠯᠠᠯᠳᠠ ᠶᠢᠨ ᠴᠢᠭᠯᠡᠯ ᠢᠶᠠᠷ ᠠᠵᠤ ᠦᠢᠯᠡᠰ ᠤᠨ ᠰᠠᠭᠤᠷᠢᠨ ᠢ ᠪᠦᠳᠦᠭᠡᠨ ᠪᠠᠶᠢᠭᠤᠯᠵᠤ᠂ ᠨᠡᠬᠦᠷᠡᠰᠤ᠂ ᠬᠤᠪᠤᠷ ᠰᠢᠷᠤᠢ ᠵᠡᠷᠭᠡ ᠡᠬᠢ ᠪᠠᠶᠠᠯᠢᠭ ᠢ ᠲᠤᠬᠠᠢ ᠶᠢᠨ ᠭᠠᠵᠠᠷ ᠲᠤᠨᠢ ᠤᠨᠳᠤᠤᠰᠢᠭᠤᠯᠬᠤ ᠨᠤᠷᠮ᠎ᠡ ᠪᠠ ᠨᠠᠷᠢᠯᠢᠭ ᠡᠳ᠋ᠰᠢᠬᠦᠯᠤᠨ ᠪᠤᠯᠪᠠᠰᠤᠷᠠᠭᠤᠯᠬᠤ ᠬᠡᠮᠵᠢᠶ᠎ᠡ ᠶᠢ ᠶᠡᠭᠡ ᠪᠠᠷ ᠲᠡᠭᠡᠭᠰᠢᠯᠡᠬᠦᠯᠵᠤ᠂ ᠮᠠᠯ ᠠᠵᠤ ᠠᠬᠤᠢ ᠲᠠᠷᠢᠶᠠᠯᠠᠩ ᠢ ᠴᠢᠨᠠᠷ ᠰᠠᠶᠢᠳᠠᠢ ᠦᠨᠳᠤᠷ ᠦᠷ᠎ᠡ ᠪᠦᠳᠦᠮᠵᠢᠳᠠᠢ ᠪᠤᠯᠭᠠᠨ ᠬᠤᠪᠢᠷᠠᠭᠤᠯᠬᠤ ᠪᠠ ᠦᠢᠯᠡᠴᠢᠯᠡᠭᠡᠨ ᠤ ᠦᠢᠯᠡᠰ ᠤᠨ ᠲᠡᠰ ᠲᠡᠪᠰᠢᠬᠦ ᠶᠢ ᠶᠡᠭᠡ ᠪᠠᠷ ᠠᠬᠢᠭᠤᠯᠵᠤ᠂ ᠲᠠᠪᠠᠭᠤᠯᠢᠭ ᠬᠦᠷᠢᠶᠠᠨ ᠤ ᠰᠢᠨ᠎ᠡ ᠪᠠᠷ ᠮᠠᠨᠳᠤᠬᠰᠡᠨ ᠠᠵᠤ ᠦᠢᠯᠡᠰ ᠢ ᠨᠠᠷᠢᠨ ᠨᠢᠮᠪᠠᠢ ᠬᠦᠭᠵᠢᠬᠦᠯᠵᠤ᠂ ᠡᠨᠧᠷᠬᠢ ᠶᠢᠨ ᠪᠦᠳᠤᠴᠠ᠂ ᠠᠵᠤ ᠦᠢᠯᠡᠰ ᠤᠨ ᠪᠦᠳᠦᠴᠠ ᠶᠢᠨ ᠪᠦᠬᠦᠯᠢ ᠴᠤᠬᠴᠠ ᠶᠢᠨ ᠰᠢᠯᠢᠳᠡᠭᠵᠢᠯᠳᠠ ᠪᠠ ᠬᠦᠭᠵᠢᠯᠳᠠ ᠶᠢᠨ ᠠᠷᠭ᠎ᠠ ᠬᠡᠯᠪᠡᠷᠢ ᠶᠢᠨ ᠦᠨᠳᠤᠰᠤᠨ ᠬᠤᠪᠢᠷᠠᠯᠳᠠ ᠶᠢ ᠠᠬᠢᠭᠤᠯᠤᠨ᠎ᠠ᠃
 
ᠢᠷᠡᠯᠲᠡ᠄ ᠦᠪᠤᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1