ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠨᠢ ᠡᠷᠡᠮᠡᠬᠡᠶᠢᠯᠡᠨ ᠤᠷᠤᠭᠰᠢᠯᠠᠬᠤ ᠬᠥᠳᠡᠯᠭᠡᠬᠦ ᠬᠦᠴᠦᠨ ᠪᠣᠯᠭᠠᠵᠤ ᠥᠪᠥᠷ ᠮᠣᠩᠭᠤᠯ ᠤᠨ ᠬᠥᠭᠵᠢᠯᠲᠡ ᠶᠢᠨ ᠴᠣ ᠰᠢᠨ᠎ᠡ ᠬᠠᠭᠤᠳᠠᠰᠤ ᠶᠢ ᠪᠢᠴᠢᠭᠯᠡᠨ᠎ᠡ
ᠨᠡᠶᠢᠲᠡᠯᠡᠭᠰᠡᠨ ᠴᠠᠭ᠄
2021/3/10
      — ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶ᠎ᠠ ᠪᠦᠬᠦ ᠣᠷᠣᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠳᠤᠮᠳᠠ ᠬᠠᠯᠠᠭᠤᠨ ᠲᠤᠰᠬᠠᠯ ᠭᠠᠷᠪᠠ      ᠶᠡᠷᠦᠩᠬᠡᠢ ᠱᠦᠵᠢ ᠰᠢ ᠶᠢᠨ ᠫᠢᠩ ᠤᠨ 5 ᠤ ᠦᠳᠡ ᠶᠢᠨ ᠬᠤᠶᠢᠨ᠎ᠠ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶ᠎ᠠ ᠮᠠᠨ ᠤ ᠣᠷᠣᠨ ᠤ ᠺᠠᠳ᠋ᠷ ᠤᠯᠠᠨ ᠲᠦᠮᠡᠨ ᠤ ᠳᠤᠮᠳᠠ ᠬᠠᠯᠠᠭᠤᠨ ᠲᠤᠰᠬᠠᠯ ᠭᠠᠷᠴᠠᠢ᠃      ᠶᠡᠷᠦᠩᠬᠡᠢ ᠱᠦᠵᠢ ᠶᠢᠨ ᠶᠠᠷᠢᠶ᠎ᠠ ᠳᠤ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠤᠨ ᠠᠷᠠᠳ ᠲᠦᠮᠡᠨ ᠢ ᠳᠣᠲᠣᠨᠣ ᠪᠠᠷ ᠬᠠᠯᠠᠮᠵᠢᠯᠠᠵᠤ ᠪᠠᠶᠢᠬᠤ ᠪᠠ ᠥᠪᠥᠷ ᠮᠣᠩᠭᠤᠯ ᠤᠨ ᠠᠵᠢᠯ ᠳᠤ ᠴᠢᠩ ᠰᠡᠳᠬᠢᠯ ᠤᠨ ᠬᠦᠰᠡᠯ ᠨᠠᠶᠢᠳᠠᠯᠭ᠎ᠠ ᠲᠠᠯᠪᠢᠵᠤ ᠪᠠᠶᠢᠬᠤ ᠶᠢ ᠢᠯᠡᠷᠡᠬᠦᠯᠦᠭᠰᠡᠨ ᠪᠠᠶᠢᠨ᠎ᠠ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠶ᠂ ᠪᠦᠬᠦ ᠲᠠᠯ᠎ᠠ ᠪᠠᠷ ᠣᠶᠢᠯᠠᠭᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠡᠷᠡᠭᠳᠡᠢ᠂ ᠨᠠᠮ ᠤᠨ ᠵᠠᠭᠤᠨ ᠵᠢᠯ ᠤᠨ ᠠᠭᠤᠤ ᠶᠡᠭᠡ ᠲᠡᠮᠡᠴᠡᠯ ᠤᠨ ᠥᠩᠭᠡᠷᠡᠯᠲᠡ ᠳᠤᠮᠳᠠ ᠠᠴᠠ ᠦᠷᠭᠦᠯᠵᠢᠯᠡᠨ ᠤᠷᠤᠭᠰᠢᠯᠠᠬᠤ ᠣᠶᠤᠨ ᠤᠬᠠᠭᠠᠨ ᠪᠠ ᠬᠦᠴᠦᠨ ᠴᠢᠳᠠᠯ ᠢ ᠰᠢᠩᠭᠡᠭᠡᠵᠦ᠂ ᠰᠠᠬᠢᠨ ᠪᠠᠷᠠᠯᠠᠨ ᠬᠠᠷᠢᠯᠴᠠᠨ ᠬᠠᠪᠰᠤᠷᠤᠯᠴᠠᠵᠦ᠂ ᠵᠡᠮ ᠨᠡᠭᠡᠭᠡᠨ ᠰᠢᠨ᠎ᠡ ᠶᠢ ᠡᠭᠦᠳᠤᠨ᠂ ᠪᠦᠯᠬᠦᠮᠳᠡᠨ ᠲᠡᠮᠡᠴᠡᠵᠦ᠂ ᠶᠡᠷᠦᠩᠬᠡᠢ ᠱᠦᠵᠢ ᠶᠢᠨ ᠬᠦᠰᠡᠯ ᠨᠠᠶᠢᠳᠠᠯᠭ᠎ᠠ ᠶᠢ ᠤᠷᠤᠭᠰᠢᠯᠠᠨ ᠳᠠᠪᠰᠢᠬᠤ ᠬᠥᠳᠡᠯᠭᠡᠬᠦ ᠬᠦᠴᠦᠨ ᠪᠣᠯᠭᠠᠨ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠥᠪᠥᠷ ᠮᠣᠩᠭᠤᠯ ᠤᠨ ᠬᠥᠭᠵᠢᠯᠲᠡ ᠶᠢᠨ ᠴᠣ ᠰᠢᠨ᠎ᠡ ᠬᠠᠭᠤᠳᠠᠰᠤ ᠶᠢ ᠪᠢᠴᠢᠭᠯᠡᠨ᠎ᠠ ᠬᠡᠵᠤ ᠪᠦᠬᠦᠳᠡᠭᠡᠷ ᠢᠯᠡᠷᠬᠡᠶᠢᠯᠠᠵᠡᠬᠡᠪᠠ᠃      ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠬᠦ ᠲᠠᠯ᠎ᠠ ᠪᠠᠷ ᠲᠤᠭᠤᠰᠢᠯᠠᠭᠤᠯᠵᠤ ᠰᠠᠶᠢᠨ ᠰᠠᠶᠢᠬᠠᠨ ᠡᠬᠢᠯᠡᠯᠲᠡ ᠶᠢ ᠪᠤᠢ ᠪᠤᠯᠭᠠᠨ᠎ᠠ      ᠥᠪᠥᠷ ᠮᠣᠩᠭᠤᠯ ᠤᠨ ᠫᠸᠡᠭ ᠴᠧᠩ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠡᡁᠦ᠋ᠸᠧ ᠭᠠᠩ᠄ ︽ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠬᠥᠭᠵᠢᠯᠲᠡ ᠶᠢ ᠠᠩᠬᠠᠷᠤᠨ ᠬᠠᠯᠠᠮᠵᠢᠯᠠᠭᠰᠠᠭᠠᠷ ᠢᠷᠡᠭᠰᠡᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠪᠢ ᠶᠡᠷᠦᠩᠬᠡᠢ ᠱᠦᠵᠢ ᠶᠢᠨ ︽ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠪᠣᠯ ᠨᠢᠭᠡᠨ ᠪᠦᠬᠦ᠋ᠢᠯᠡ ᠴᠣᠭᠴᠠ ᠮᠦᠨ᠂ ᠡᠷᠬᠡᠪᠰᠢ ᠪᠦᠷᠢᠨ ᠪᠦᠲᠦᠨ᠂ ᠵᠥᠪ ᠣᠨᠣᠪᠴᠢᠲᠠᠢ᠂ ᠪᠦᠬᠦ ᠲᠠᠯ᠎ᠠ ᠪᠠᠷ ᠤᠢᠢᠯᠠᠭᠠᠨ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠬᠦᠴᠦᠯᠡᠨ ᠦᠢᠯᠡᠴᠢᠯᠡᠬᠦᠯᠬᠦ ᠪᠠ ᠠᠭᠤᠰᠤᠯᠴᠠᠭᠤᠯᠬᠤ ᠬᠡᠷᠡᠭᠲᠡᠢ︾ ᠭᠡᠬᠦ ᠮᠡᠳᠤ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠵᠠᠮᠨᠠᠨ᠎ᠠ︾ ᠬᠡᠪᠡ᠃       ︽ᠶᠡᠷᠦᠩᠬᠡᠶ ᠱᠦᠵᠢ ᠰᠢ ᠶᠢᠨ ᠫᠢᠩ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠂ ︿ᠨᠢᠭᠡ ᠪᠦᠰᠡ ᠨᠢᠭᠡ ᠵᠠᠮ﹀ ᠢ ᠬᠠᠮᠲᠤ ᠪᠠᠷ ᠪᠥᠲᠥᠭᠡᠨ ᠪᠠᠶᠢᠭᠤᠯᠬᠤ ᠳᠤ ᠢᠳᠡᠪᠬᠢᠲᠡᠶ ᠣᠷᠣᠯᠴᠠᠵᠤ᠂ ᠥᠨᠳᠥᠷ ᠲᠦᠪᠰᠢᠨ ᠪᠥᠬᠦᠶ ᠨᠡᠭᠡᠭᠡᠯᠲᠡ ᠪᠠᠷ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃ ᠣᠳᠣᠬᠠᠨ᠂ ᠪᠢᠳᠡ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠰᠬᠠᠶ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠪᠠᠷ ᠲᠣᠬᠢᠶᠠᠯ ᠪᠣᠯᠭᠠᠵᠤ᠂ ᠦᠢᠯᠡᠴᠢᠯᠡᠭᠡᠨ ᠤ ᠦᠷ᠎ᠡ ᠪᠦᠲᠦᠮᠵᠢ ᠶᠢ ᠤᠯᠠᠮ ᠴᠢᠨᠠᠭᠰᠢᠳᠠ ᠳᠡᠬᠦᠯᠳᠡᠷᠵᠢᠬᠦᠯᠵᠦ ᠪᠠᠶᠢᠨ᠎ᠠ︾ ᠬᠡᠵᠤ ᠬᠤᠷᠢᠨᠭᠡᠷ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠣᠪᠴᠢᠶᠠᠨ ᠤ ᠳᠠᠷᠤᠭ᠎ᠠ ᠵᠠᠩ ᠭᠦᠸᠧ ᠬᠤᠸᠠ ᠢᠯᠡᠷᠬᠡᠶᠢᠯᠡᠬᠦ ᠶᠢᠨ ᠳᠠᠭᠠᠤ᠂ ᠲᠠᠷᠠᠭᠠᠴᠢ ᠶᠢᠨ ᠠᠯᠬᠤᠮ ᠳᠤ᠂ ᠬᠤᠷᠢᠨᠭᠡᠷ ᠰᠢᠶᠠᠨ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠯ᠎ᠠ ᠪᠠᠷ ᠬᠦᠴᠦᠯᠡᠨ ᠴᠢᠷᠮᠠᠶᠢᠵᠤ᠂ ︽ᠨᠢᠭᠡ ᠤᠴᠢᠷ ᠢ ᠨᠢᠭᠡ ᠯᠡ ᠤᠳᠠᠭ᠎ᠠ ᠳᠡᠭᠡᠷ᠎ᠠ ᠰᠢᠢᠳᠪᠦᠷᠢᠯᠡᠬᠦ︾ ᠶᠡᠷᠦᠩᠬᠡᠶᠢᠯᠡᠭᠰᠡᠨ ᠦᠢᠯᠡᠴᠢᠯᠡᠭᠡᠨ ᠤ ᠴᠣᠩᠬᠤᠪᠴᠢ ᠭᠠᠷᠭᠠᠵᠤ᠂ ᠨᠡᠶᠢᠯᠡᠭᠦᠯᠦᠨ ᠬᠢᠨᠠᠨ ᠵᠥᠪᠰᠢᠶᠡᠷᠡᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠠᠵᠤ ᠠᠬᠤᠶᠢᠯᠠᠯ ᠢ ᠬᠠᠪᠰᠤᠷᠤᠨ ᠠᠰᠠᠭᠤᠳᠠᠯ ᠢ ᠰᠢᠢᠳᠪᠦᠷᠢᠯᠡᠵᠦ᠂ ᠢᠲᠡᠭᠡᠯ ᠨᠠᠶᠢᠳᠠᠪᠤᠷᠢᠳᠠᠢ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠠᠵᠦ ᠠᠬᠤᠶᠢᠯᠡᠯ ᠤᠨ ᠤᠯᠠᠨ ᠳᠤ ᠮᠡᠳᠡᠷᠡᠭᠳᠡᠬᠦ ᠭᠡᠮᠵᠢᠶ᠎ᠠ ᠬᠢᠭᠡᠳ ᠤᠯᠠᠨ ᠳᠦᠮᠡᠨ ᠤ ᠰᠡᠳᠬᠢᠯ ᠳᠤ ᠬᠦᠷᠬᠦ ᠭᠡᠮᠵᠢᠶ᠎ᠠ ᠶᠢ ᠳᠡᠭᠡᠭᠰᠢᠯᠡᠭᠦᠯᠦᠨ᠎ᠡ ᠭᠡᠯ᠎ᠡ᠃      ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ ᠬᠠᠮᠳᠤ ᠪᠠᠷ ᠬᠥᠭᠵᠢᠨ ᠴᠡᠴᠡᠭᠯᠡᠵᠦ ᠤᠷᠤᠭᠰᠢᠯᠠᠨ ᠲᠠᠪᠰᠢᠨ᠎ᠠ      ︽ᠶᠡᠷᠦᠩᠬᠡᠢ ᠱᠦᠵᠢ ᠰᠢ ᠶᠢᠨ ᠫᠢᠩ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠬᠦ ᠲᠠᠯ᠎ᠠ ᠪᠠᠷ ᠲᠤᠭᠤᠰᠢᠯᠠᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠡᠷᠭᠡ ᠲᠠᠯ᠎ᠠ ᠪᠠᠷ ᠲᠣᠳᠣᠷᠬᠠᠢ ᠱᠠᠭᠠᠷᠳᠠᠯᠭ᠎ᠠ ᠳᠤᠷᠠᠳᠴᠤ᠂ ᠥᠪᠥᠷ ᠮᠣᠩᠭᠤᠯ ᠤᠨ ᠬᠥᠭᠵᠢᠯᠲᠡ ᠳᠤ ᠠᠷᠭ᠎ᠠ ᠵᠠᠮ ᠵᠢᠭᠠᠨ ᠦᠭᠴᠦ᠂ ᠰᠠᠶᠢᠨ ᠵᠣᠷ ᠭᠠᠷᠭᠠᠵᠤ ᠥᠭᠴᠡᠢ︾᠃ ᠣᠷᠴᠣᠨ ᠦᠨᠳᠦᠰᠦᠳᠡᠨ ᠤ ᠦᠪᠡᠷᠳᠡᠭᠡᠨ ᠵᠠᠰᠠᠬᠤ ᠬᠤᠰᠢᠭᠤᠨ ᠤ ᠬᠦ᠋ ᠯᠢ ᠰᠢᠶᠠᠩ ᠤᠨ ᠲᠠᠷᠤᠭ᠎ᠠ ᠪᠠᠢ ᠫᠧᠩ ᠶᠢᠩ᠂ ᠤᠷᠴᠤᠨ ᠦᠨᠳᠦᠰᠦᠲᠡᠨ ᠤ ᠵᠠᠯᠠᠭᠤ ᠺᠠᠳ᠋ᠷ ᠪᠣᠯᠤᠭᠰᠠᠨ ᠤ ᠬᠤᠪᠢ ᠳᠤ᠂ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠦᠨᠵᠡᠬᠡᠢ ᠤᠢᠢᠯᠠᠭᠠᠨ᠂ ᠡᠷᠡᠰ ᠲᠤᠭᠤᠰᠢᠯᠠᠭᠤᠯᠵᠤ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠲᠠᠯ᠎ᠠ ᠪᠠᠷ ᠬᠢ ᠠᠵᠢᠯ ᠢ ᠨᠠᠷᠢᠯᠢᠭ ᠪᠣᠳᠠᠲᠠᠶ ᠬᠢᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠲᠤᠬᠠᠢ ᠬᠠᠮᠳᠤ ᠶᠢᠨ ᠲᠠᠨᠢᠯᠳᠡ ᠶᠢ ᠴᠢᠩᠭᠠᠳᠬᠠᠵᠤ᠂ ᠲᠡᠰᠪᠦᠷᠢ ᠬᠠᠳᠠᠭᠤᠵᠢᠯᠳᠠᠢ᠂ ᠴᠤᠴᠠᠯᠲᠠ ᠦᠭᠡᠢ ᠤᠷᠤᠭᠰᠢᠯᠠᠬᠤ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠦᠷᠬᠦᠯᠵᠢᠯᠡᠨ ᠪᠠᠳᠠᠷᠠᠭᠤᠯᠵᠤ᠂ ᠰᠢᠨ᠎ᠡ ᠣᠶᠤᠨ ᠰᠠᠨᠠᠭᠠᠨ ᠤ ᠳᠦᠷᠰᠦ ᠪᠠᠶᠢᠳᠠᠯ ᠪᠤᠯᠤᠨ ᠲᠡᠮᠡᠴᠡᠯ ᠤᠨ ᠳᠦᠷᠰᠦ ᠪᠠᠶᠢᠳᠠᠯ ᠢᠶᠠᠷ᠂ ᠪᠤᠶᠢᠳᠠ ᠪᠥᠭᠯᠡᠭᠦᠤ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠤ ᠠᠮᠢ ᠠᠬᠤᠶ ᠶᠢ ᠤᠷᠢᠳ ᠢᠶᠠᠷ ᠪᠤᠳᠤᠯᠬᠢᠯᠠᠬᠤ ᠪᠤᠬᠢᠷᠳᠤᠯ ᠦᠬᠡᠢ ᠬᠦᠭᠵᠢᠯᠳᠡ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠳᠠᠢ ᠬᠦᠭᠵᠢᠯᠳᠡ ᠶᠢᠨ ᠰᠢᠨ᠎ᠠ ᠵᠠᠮ ᠢᠶᠠᠷ ᠡᠷᠡᠰ ᠭᠤᠶᠢᠪᠢᠰᠢ ᠥᠬᠡᠢ ᠤᠷᠤᠭᠰᠢᠯᠠᠵᠤ᠂ ᠲᠠᠷᠢᠶᠠᠴᠢᠨ ᠠᠩᠴᠢᠨ ᠤ ᠠᠮᠢᠳᠤᠷᠠᠯ ᠪᠠᠶᠠᠨ ᠴᠢᠨᠡᠭᠡᠯᠢᠭ᠂ ᠠᠮᠢᠳᠤᠷᠠᠯ ᠵᠣᠯ ᠵᠢᠷᠭᠠᠯ ᠲᠠᠢ ᠪᠠᠶᠢᠬᠤ ᠶᠢ ᠪᠡᠶᠡᠯᠡᠬᠦᠯᠬᠦ ᠪᠠᠷ ᠴᠢᠷᠮᠠᠶᠢᠨ᠎ᠠ ᠬᠡᠵᠤ ᠢᠯᠡᠷᠭᠡᠶᠢᠯᠡᠪᠡ᠃      3 ᠰᠠᠷ᠎ᠠ ᠶᠢᠨ 5 ᠤ ᠡᠳᠦᠷ ᠤᠨ 19 ᠴᠠᠭ ᠲᠤ᠂ ᠤᠷᠠᠳ ᠤᠨ ᠡᠮᠦᠨᠡᠲᠦ ᠬᠤᠰᠢᠭᠤᠨ ᠤ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ ᠶᠢᠨ ᠬᠡᠰᠡᠭ ᠪᠠᠭᠰᠢ ᠪᠣᠯᠤᠨ ᠪᠠᠶᠢᠷᠢ ᠲᠤ ᠰᠠᠭᠤᠭ᠎ᠠ ᠰᠤᠷᠤᠭᠴᠢᠳ ᠲᠣᠭᠲᠠᠭᠰᠠᠨ ᠴᠠᠭ ᠲᠠᠭᠠᠨ ᠰᠤᠷᠭᠠᠭᠤᠯᠢ ᠶᠢᠨ ᠮᠡᠳᠡᠭᠦᠯᠦᠯᠲᠡ ᠶᠢᠨ ᠲᠢᠩᠬᠢᠮ ᠤᠨ ᠲᠧᠯᠸᠢᠰ ᠤᠨ ᠡᠮᠦᠨ᠎ᠡ ᠰᠠᠭᠤᠵᠤ᠂ ᠲᠥᠪ ᠲᠧᠯᠸᠢᠰ ᠤᠨ ᠰᠣᠨᠢᠨ ᠮᠡᠳᠡᠭᠡᠨ ᠤ ᠳᠠᠮᠵᠢᠭᠤᠯᠬᠤ ᠨᠡᠪᠲᠡᠷᠡᠭᠦᠯᠭᠡ ᠶᠢ ᠭᠥᠯᠢᠶᠡᠨ ᠠᠪᠴᠤ ᠦᠵᠡᠵᠡᠭᠡᠪᠡ᠃ ᠰᠤᠷᠭᠠᠭᠤᠯᠢ ᠶᠢᠨ ᠳᠡᠳ᠋ ᠵᠠᠬᠢᠷᠤᠯ ᠤᠶᠤᠨᠴᠢᠮᠡᠭ᠄ ︽ᠶᠡᠷᠦᠩᠬᠡᠢ ᠱᠦᠵᠢ ᠰᠢ ᠶᠢᠨ ᠫᠢᠩ ᠮᠠᠨ ᠤ ᠰᠤᠷᠭᠠᠭᠤᠯᠢ ᠶᠢᠨ ᠨᠠᠷᠠᠨᠲᠤᠶᠠᠭ᠎ᠠ ᠪᠠᠭᠰᠢ ᠲᠠᠢ ᠳᠣᠲᠣᠨᠣᠰᠤᠭ ᠢᠶᠠᠷ ᠶᠠᠷᠢᠯᠴᠠᠵᠤ ᠪᠠᠶᠢᠬᠤ ᠶᠢ ᠬᠠᠷᠠᠭᠠᠳ ᠪᠢ ᠲᠦᠢᠯ ᠢᠶᠠᠷ ᠰᠡᠳᠬᠢᠯ ᠳᠣᠭᠳᠣᠯᠪᠠ᠂ ᠪᠢᠳᠡ ᠡᠷᠬᠡᠪᠰᠢ ᠶᠡᠷᠦᠩᠬᠡᠢ ᠱᠦᠵᠢ ᠶᠢᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠡᠷᠡᠰ ᠭᠤᠶᠢᠪᠢᠰᠢ ᠦᠭᠡᠢ ᠪᠠᠷ ᠳᠡᠯᠭᠡᠷᠡᠭᠦᠯᠦᠨ ᠬᠡᠷᠡᠭᠯᠡᠵᠦ᠂ ᠬᠡᠦᠬᠡᠳ ᠤᠳ ᠲᠤ ᠨᠡᠩ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠡᠳ᠋ᠯᠡᠭᠦᠯᠵᠦ᠂ ᠡᠬᠡ ᠤᠯᠤᠰ ᠲᠠᠭᠠᠨ ᠨᠡᠩ ᠤᠯᠠᠨ ᠰᠢᠯᠢᠳᠡᠭ ᠴᠢᠳᠠᠪᠤᠷᠢᠲᠠᠨ ᠢ ᠬᠦᠮᠦᠵᠢᠬᠦᠯᠵᠤ ᠦᠭᠬᠦᠨ᠎ᠠ︾ ᠬᠡᠵᠤ ᠬᠡᠯᠡᠪᠡ᠃ ᠲᠤᠰ ᠰᠤᠷᠭᠠᠭᠤᠯᠢ ᠶᠢᠨ ᠨᠠᠮ ᠤᠨ ᠡᠭᠦᠷ ᠤᠨ ᠱᠦᠵᠢ ᠴᠡᠴᠡᠭ᠄ ︽ᠰᠤᠷᠭᠠᠨ ᠬᠥᠮᠦᠵᠢᠯ ᠤᠨ ᠠᠵᠢᠯᠳᠠᠨ ᠪᠣᠯᠤᠭᠰᠠᠨ ᠤ ᠬᠤᠪᠢ ᠳᠤ᠂ ᠪᠢᠳᠡ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ ᠢ ᠡᠷᠬᠡᠪᠰᠢ ᠨᠠᠷᠢᠨ ᠬᠢᠨᠠᠮᠠᠭᠠᠢ ᠰᠠᠶᠢᠲᠤᠷ ᠬᠢᠵᠦ᠂ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠢ ᠴᠢᠩᠭᠠᠳᠬᠠᠵᠤ᠂ ᠤᠯᠤᠰ ᠢᠶᠠᠨ ᠬᠠᠶᠢᠷᠠᠯᠠᠬᠤ ᠦᠵᠡᠯ ᠤᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠠᠮᠳᠤ ᠶᠢᠨ ᠲᠠᠨᠢᠯᠳᠡ ᠶᠢ ᠬᠡᠦᠬᠡᠳ ᠤᠨ ᠰᠡᠳᠬᠢᠯ ᠳᠤ ᠭᠦᠨ ᠬᠠᠳᠠᠩᠰᠢᠭᠤᠯᠤᠨ᠎ᠠ︾ ᠬᠡᠯ᠎ᠡ᠃        ᠠᠯᠠᠱᠠ ᠵᠡᠭᠦᠨ ᠬᠤᠰᠢᠭᠤᠨ ᠤ ᠥᠭᠡᠯᠡᠳ ᠵᠡᠭᠡᠯᠢ ᠭᠤᠳᠤᠮᠵᠢ ᠶᠢᠨ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠷᠬᠢᠯᠡᠭᠴᠢ ᠯᠢ ᠷᠦᠸᠧ ᠹᠠᠨ᠄ ︽ᠶᠡᠷᠦᠩᠬᠡᠢ ᠱᠦᠵᠢ ︿ᠰᠣᠶᠣᠯ ᠤᠨ ᠬᠠᠮᠳᠤ ᠶᠢᠨ ᠲᠠᠨᠢᠯᠳᠡ ᠪᠣᠯ ᠬᠠᠮᠤᠭ ᠤᠨ ᠳᠡᠭᠡᠳᠦ ᠬᠡᠮᠵᠢᠶᠡᠨ ᠤ ᠬᠠᠮᠳᠤ ᠶᠢᠨ ᠲᠠᠨᠢᠯᠳᠡ ᠮᠦᠨ᠂ ᠦᠨᠳᠦᠰᠦᠳᠡᠨ ᠤ ᠪᠦᠯᠬᠦᠮᠳᠡᠯ ᠤᠨ ᠦᠨᠳᠦᠰᠦ᠂ ᠦᠨᠳᠦᠰᠦᠲᠡᠨ ᠤ ᠡᠶ᠎ᠡ ᠨᠠᠶᠢᠷᠰᠠᠭ ᠤᠨ ᠰᠦᠭ ᠰᠦᠨᠡᠰᠦ ᠮᠥᠨ﹀ ᠭᠡᠵᠦ ᠴᠢᠬᠤᠯᠠᠴᠢᠯᠠᠪᠠ᠃ ᠨᠠᠮ ᠤᠨ ᠭᠡᠰᠢᠭᠦᠨ᠂ ᠦᠨᠳᠦᠰᠦᠨ ᠱᠠᠲᠤᠨ ᠤ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠠᠵᠢᠯᠳᠠᠨ ᠪᠣᠯᠤᠭᠰᠠᠨ ᠤ ᠬᠤᠪᠢ ᠲᠤ᠂ ᠪᠢ ᠵᠢᠱᠢᠶ᠎ᠡ ᠦᠵᠡᠭᠦᠯᠵᠦ ᠳᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠨᠠᠶᠢᠳᠠᠪᠤᠷᠢᠵᠢᠭᠤᠯᠤᠯᠲᠠ ᠶᠢ ᠲᠡᠷᠡ ᠶᠣᠰᠣᠭᠠᠷ ᠨᠢ ᠰᠠᠶᠢᠲᠤᠷ ᠠᠳᠬᠤᠨ᠎ᠠ᠃ ᠡᠭᠦᠨ ᠤ ᠬᠠᠮᠲᠤ᠂ ᠵᠡᠭᠡᠯᠢ ᠭᠤᠳᠤᠮᠵᠢ ᠶᠢᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠦᠢᠯᠡᠳᠦᠯ ᠢ ᠪᠦᠬᠦ ᠲᠠᠯ᠎ᠠ ᠪᠠᠷ ᠪᠠᠳᠠᠷᠠᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠷᠠᠳᠴᠢᠯᠠᠯ ᠢ ᠪᠠᠳᠠᠷᠠᠭᠤᠯᠤᠨ᠂ ᠠᠷᠭ᠎ᠠ ᠪᠤᠳᠤᠯᠭ᠎ᠠ ᠶᠢ ᠠᠷᠠᠳ ᠠᠴᠠ ᠠᠰᠠᠭᠤᠵᠤ᠂ ᠦᠨᠳᠦᠰᠦᠨ ᠱᠠᠲᠤᠨ ᠤ ᠨᠠᠮ ᠤᠨ ᠭᠡᠰᠢᠭᠦᠨ ᠤᠯᠠᠨ ᠲᠦᠮᠡᠨ ᠤ ᠰᠠᠨᠠᠯ ᠰᠠᠨᠠᠭᠤᠯᠭ᠎ᠠ ᠶᠢ ᠭᠦᠢᠴᠡᠳ ᠰᠢᠩᠭᠡᠭᠡᠨ ᠠᠪᠴᠤ᠂ ᠨᠠᠮ ᠤᠨ ᠭᠡᠰᠢᠭᠦᠨ ᠤᠯᠠᠨ ᠲᠦᠮᠡᠨ ᠤ ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠲᠠᠭᠠᠬᠤ ᠰᠦᠷ ᠳᠠᠯᠠᠶᠢᠴᠠᠲᠠᠢ ᠬᠦᠴᠦᠨ ᠢ ᠲᠠᠰᠤᠷᠠᠯᠳᠠ ᠦᠭᠡᠢ ᠨᠢᠭᠲᠠᠷᠠᠭᠤᠯᠵᠤ᠂ ᠨᠡᠩ ᠴᠤᠭ ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ ᠪᠤᠯᠤᠨ ᠲᠡᠮᠡᠴᠡᠯ ᠤᠨ ᠳᠦᠷᠰᠦ ᠪᠠᠶᠢᠳᠠᠯ ᠢᠶᠠᠷ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ︾ ᠬᠡᠪᠡ᠃        ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ ᠶᠠᠳᠠᠭᠤ ᠠᠴᠠ ᠠᠩᠭᠢᠵᠢᠷᠠᠭᠤᠯᠤᠭᠰᠠᠨ ᠰᠠᠭᠤᠷᠢ ᠶᠢ ᠨᠡᠩ ᠪᠠᠭᠢᠵᠢᠬᠦᠯᠵᠤ ᠦᠷ᠎ᠡ ᠪᠦᠲᠦᠮᠵᠢ ᠶᠢ ᠨᠡᠩ ᠥᠷᠭᠡᠳᠬᠡᠨ᠎ᠡ      ᠶᠡᠷᠦᠩᠬᠡᠢ ᠱᠦᠵᠢ᠂ ᠶᠠᠳᠠᠭᠤ ᠠᠴᠠ ᠠᠩᠭᠢᠵᠢᠷᠠᠭᠤᠯᠬᠤ ᠪᠣᠯ ᠡᠴᠦᠰ ᠤᠨ ᠴᠡᠭ ᠪᠢᠰᠢ᠂ ᠬᠠᠷᠢᠨ ᠰᠢᠨ᠎ᠡ ᠠᠮᠢᠳᠤᠷᠠᠯ᠂ ᠰᠢᠨ᠎ᠡ ᠲᠡᠮᠡᠴᠡᠯ ᠤᠨ ᠡᠬᠢᠯᠡᠯᠲᠡ ᠪᠣᠯᠤᠨ᠎ᠠ᠃ ᠬᠥᠭᠵᠢᠯᠲᠡ ᠲᠡᠩᠴᠡᠭᠦᠷᠢ ᠦᠭᠡᠢ ᠭᠦᠢᠴᠡᠳ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠬᠤᠳᠠ ᠬᠥᠳᠡᠭᠡ ᠣᠷᠣᠨ ᠪᠦᠰᠡ ᠶᠢᠨ ᠬᠥᠭᠵᠢᠯᠲᠡ ᠶᠢᠨ ᠵᠦᠷᠢᠶ᠎ᠡ ᠶᠢ ᠪᠠᠭᠠᠰᠬᠠᠨ᠂ ᠬᠥᠮᠦᠨ ᠤ ᠪᠦᠬᠦ ᠲᠠᠯ᠎ᠠ ᠶᠢᠨ ᠬᠥᠭᠵᠢᠯᠲᠡ ᠪᠠ ᠪᠦᠬᠦ ᠠᠷᠠᠳ ᠲᠦᠮᠡᠨ ᠤ ᠬᠠᠮᠲᠤ ᠶᠢᠨ ᠴᠢᠨᠡᠭᠡᠯᠢᠭᠵᠢᠯ ᠢ ᠪᠡᠶᠡᠯᠡᠭᠦᠯᠬᠦ ᠳᠤ ᠮᠥᠨ ᠯᠡ ᠡᠭᠦᠷᠭᠡ ᠬᠦᠨᠳᠦ ᠵᠠᠮ ᠬᠤᠯᠠ ᠪᠠᠶᠢᠨ᠎ᠠ ᠭᠡᠵᠦ ᠴᠢᠬᠤᠯᠠᠴᠢᠯᠠᠪᠠ᠃      ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠶᠢ ᠰᠣᠨᠣᠰᠤᠭᠠᠳ ᠵᠠᠯᠠᠶᠢᠳ ᠬᠤᠰᠢᠭᠤᠨ ᠤ ᠠᠯᠲᠠᠷᠲᠤ ᠰᠤᠮᠤ ᠶᠢᠨ ᠨᠠᠮ ᠤᠨ ᠬᠤᠷᠢᠶᠠᠨ ᠤ ᠱᠦᠵᠢ ᠶᠦᠨ ᠹᠧᠩ᠄ ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠪᠠᠯ ᠰᠠᠶ᠋ᠢ ᠶᠠᠳᠠᠭᠤ ᠶᠢᠨ ᠦᠨᠳᠦᠰᠦ ᠶᠢ ᠲᠦᠢᠯᠪᠤᠷᠢᠲᠠᠢ ᠲᠠᠰᠤᠯᠵᠤ ᠴᠢᠳᠠᠨ᠎ᠠ᠃ ᠦᠨᠳᠦᠰᠦᠨ ᠱᠠᠲᠤᠨ ᠤ ᠺᠠᠳ᠋ᠷ ᠪᠣᠯᠤᠭᠰᠠᠨ ᠤ ᠬᠤᠪᠢ ᠳᠤ᠂ ᠶᠡᠷᠦᠩᠬᠡᠢ ᠱᠦᠵᠢ ᠶᠢᠨ ᠱᠠᠭᠠᠷᠳᠠᠯᠭ᠎ᠠ ᠶᠢ ᠯᠠᠪᠳᠠᠭᠤᠨ ᠪᠠᠲᠤᠲᠠᠢ ᠰᠠᠶᠢᠲᠤᠷ ᠨᠠᠶᠢᠳᠠᠪᠤᠷᠢᠵᠢᠭᠤᠯᠤᠨ᠎ᠠ᠃ ᠲᠠᠷᠠᠭᠠᠴᠢ ᠶᠢᠨ ᠠᠯᠬᠤᠮ ᠳᠤ᠂ ᠠᠯᠲᠠᠷᠲᠤ ᠰᠤᠮᠤ ᠶᠠᠳᠠᠭᠤ ᠶᠢ ᠲᠡᠳᠬᠦᠬᠦ ᠠᠵᠤ ᠦᠢᠯᠡᠰ ᠢ ᠦᠷᠭᠦᠯᠵᠢᠯᠡᠨ ᠬᠥᠭᠵᠢᠭᠦᠯᠦᠨ ᠪᠤᠵᠠᠭᠠᠶᠢᠷᠠᠭᠤᠯᠵᠤ᠂ ᠬᠦᠷᠢᠶ᠎ᠡ ᠬᠠᠰᠢᠶᠠᠨ ᠤ ᠠᠵᠤ ᠠᠬᠤᠶ ᠶᠢ ᠶᠡᠭᠡ ᠪᠠᠷ ᠬᠥᠭᠵᠢᠭᠦᠯᠦᠨ᠂ ᠨᠡᠭᠦᠯᠭᠡᠭᠰᠡᠨ ᠤ ᠳᠠᠷᠠᠭᠠᠬᠢ ᠶᠠᠳᠠᠭᠤ ᠶᠢ ᠲᠡᠳᠬᠦᠬᠦ ᠪᠠᠨ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠲᠣᠭᠲᠠᠭᠤᠨ ᠢᠶᠠᠷ ᠠᠵᠢᠯ ᠤᠯᠬᠤ ᠶᠢ ᠠᠬᠢᠭᠤᠯᠵᠤ᠂ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠡᠷᠭᠢᠯᠡᠬᠦ ᠨᠥᠬᠦᠴᠡᠯ ᠪᠠ ᠡᠮ ᠡᠮᠨᠡᠯᠭᠡ ᠡᠷᠡᠭᠦᠯ ᠬᠠᠮᠠᠭᠠᠯᠠᠯ ᠤᠨ ᠰᠠᠭᠤᠷᠢ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠰᠠᠭᠤᠷᠢ ᠶᠢ ᠨᠠᠩ ᠪᠠᠲᠤ ᠪᠠᠬᠢ᠂ ᠦᠷ᠎ᠡ ᠪᠦᠲᠦᠮᠵᠢ ᠶᠢ ᠨᠡᠩ ᠥᠷᠭᠡᠨ ᠬᠦᠨᠵᠡᠭᠡᠢ ᠪᠤᠯᠭᠠᠨ᠎ᠠ︾ ᠭᠡᠪᠡ᠃      ᠤᠯᠠᠭᠠᠨᠴᠠᠪ ᠬᠤᠳᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶᠠᠨ ᠤ ᠳᠠᠷᠤᠭ᠎ᠠ ᠸᠠᠩ ᠬᠤᠢ ᠢᠦᠢ᠄ ︽ᠤᠯᠠᠭᠠᠨᠴᠠᠪ ᠤᠨ ᠶᠠᠳᠠᠭᠤ ᠬᠦᠴᠢᠷᠳᠡᠯᠲᠡᠢ ᠬᠥᠮᠦᠨ ᠠᠮᠠ ᠨᠡᠯᠢᠶᠡᠳ ᠤᠯᠠᠨ ᠪᠠᠶᠢᠵᠠᠢ᠂ ᠢᠯᠠᠩᠭᠤᠶ᠎ᠠ ᠡᠪᠡᠳᠴᠢᠨ ᠠᠴᠠ ᠪᠤᠯᠵᠤ ᠶᠠᠳᠠᠭᠤᠷᠠᠭᠰᠠᠨ ᠬᠥᠮᠦᠨ ᠠᠮᠠ ᠶᠢᠨ ᠡᠵᠡᠯᠡᠬᠦ ᠬᠠᠷᠢᠴᠠᠯ ᠶᠡᠭᠡ᠂ ᠡᠪᠡᠳᠴᠢᠨ ᠠᠴᠠ ᠪᠤᠯᠵᠤ ᠶᠠᠳᠠᠭᠤᠷᠠᠬᠤ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠪᠣᠯ ᠮᠠᠨ ᠤ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠤᠨ ᠨᠡᠶᠢᠳᠡᠮ ᠠᠩᠬᠠᠷᠴᠤ ᠪᠠᠶᠢᠭ᠎ᠠ ᠭᠤᠣᠯᠳᠠᠯᠭ᠎ᠠ ᠪᠣᠯᠤᠨ᠎ᠠ᠃ ᠪᠢᠳᠡ ᠶᠡᠷᠦᠩᠬᠡᠶ ᠱᠦᠵᠢ ᠶᠢᠨ ᠬᠦᠰᠡᠯ ᠨᠠᠶᠢᠳᠠᠯᠭ᠎ᠠ ᠶᠢ ᠢᠮᠠᠭᠲᠠ ᠪᠠᠲᠤ ᠴᠡᠭᠡᠵᠢᠯᠡᠵᠦ᠂ ᠡᠮ ᠡᠮᠨᠡᠯᠭᠡ ᠶᠢᠨ ᠳᠠᠭᠠᠳᠬᠠᠯ ᠢᠶᠠᠷ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠬᠦ᠂ ᠬᠦᠨᠳᠦ ᠡᠪᠡᠳᠴᠢᠨ ᠣᠨᠴᠠ ᠬᠦᠨᠳᠦ ᠡᠪᠡᠳᠴᠢᠨ ᠡᠮᠭᠡᠭ ᠤᠨ ᠡᠮ ᠡᠮᠨᠡᠯᠭᠡ ᠶᠢᠨ ᠳᠠᠭᠠᠳᠬᠠᠯ ᠪᠣᠯᠤᠨ ᠡᠮ ᠡᠮᠨᠡᠯᠭᠡ ᠶᠢᠨ ᠠᠪᠤᠷᠠᠨ ᠲᠤᠰᠠᠯᠠᠬᠤ ᠲᠦᠷᠢᠮ ᠢ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠡᠪᠡᠳᠴᠢᠨ ᠠᠴᠠ ᠪᠣᠯᠵᠣ ᠶᠠᠳᠠᠭᠤᠷᠠᠬᠤ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠲᠦᠮᠵᠢᠲᠡᠶ ᠵᠣᠯᠭᠠᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠲᠤᠯᠠᠭ᠎ᠠ ᠶᠢᠨ ᠲᠣᠤᠷ ᠢ ᠤᠯᠠᠮ ᠴᠢᠨᠠᠭᠰᠢᠳᠠ ᠪᠠᠬᠢᠵᠢᠭᠦᠯᠵᠦ᠂ ᠬᠡᠪᠴᠢᠶᠡᠵᠢᠯ ᠤᠨ ᠴᠢᠨᠠᠷᠲᠠᠶ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠤᠷᠢᠭ᠎ᠠ ᠱᠤᠭᠤᠮ ᠢ ᠪᠠᠲᠤ ᠰᠠᠬᠢᠨ᠎ᠠ︾ ᠭᠡᠯ᠎ᠡ᠃      ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠡᠷᠡᠮᠡᠬᠡᠶᠢᠯᠡᠨ ᠤᠷᠤᠭᠰᠢᠯᠠᠨ᠎ᠠ      ᠲᠦᠩᠯᠢᠶᠣᠤ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠠᠵᠢᠯᠲᠠᠨ ᠸᠠᠩ ᠬᠠᠶ ᠰᠢᠶᠠ᠄ ︽ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠵᠤ᠂ ᠪᠥᠬᠦ ᠨᠠᠮ ᠤᠨ ᠭᠡᠰᠢᠭᠦᠨ ᠢ ᠬᠥᠮᠦᠵᠢᠭᠦᠯᠦᠨ ᠳᠠᠭᠠᠭᠤᠯᠵᠤ᠂ ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠡᠳ᠋ᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠠᠷ ᠡᠷᠡᠰ ᠭᠤᠶᠢᠪᠢᠰᠢ ᠥᠬᠡᠶ ᠴᠢᠷᠮᠠᠶᠢᠬᠤ ᠬᠡᠷᠡᠭᠲᠡᠶ ᠭᠡᠵᠦ ᠶᠡᠷᠦᠩᠬᠡᠶ ᠱᠦᠵᠢ ᠵᠢᠭᠠᠵᠤ ᠭᠠᠷᠭᠠᠪᠠ᠃ ᠡᠪ ᠬᠠᠮᠲᠤ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠬᠠᠷᠢᠭᠤᠴᠠᠯᠭ᠎ᠠ ᠬᠦᠨᠳᠦ ᠪᠤᠢ᠃ ᠬᠤᠶᠢᠰᠢᠳᠠ ᠶᠢᠨ ᠠᠵᠢᠯ ᠤᠨ ᠳᠤᠮᠳᠠ᠂ ᠪᠢ ᠠᠷᠠᠳ ᠲᠦᠮᠡᠨ ᠳᠤ ᠦᠢᠯᠡᠴᠢᠯᠡᠬᠦ ᠬᠠᠷᠢᠭᠤᠴᠠᠯᠭ᠎ᠠ ᠶᠢ ᠨᠠᠩ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠲᠦᠩᠯᠢᠶᠣᠤ ᠬᠤᠲᠠ ᠶᠢᠨ ᠠᠵᠢᠯ ᠣᠯᠭᠤᠵᠤ ᠦᠢᠯᠡᠰ ᠪᠤᠰᠬᠠᠬᠤ᠂ ᠨᠡᠶᠢᠭᠡᠮ ᠤᠨ ᠪᠠᠲᠤᠯᠠᠭ᠎ᠠ᠂ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠬᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ᠂ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠵᠡᠷᠭᠡ ᠲᠠᠯ᠎ᠠ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠠᠶᠢᠲᠤᠷ ᠬᠢᠵᠦ᠂ ᠣᠯᠠᠨ ᠲᠦᠮᠡᠨ ᠳᠤ ᠢᠯᠡᠭᠦᠬᠡᠨ ᠪᠣᠳᠠᠲᠤ ᠶᠠᠪᠤᠳᠠᠯ ᠬᠢᠵᠦ᠂ ᠨᠠᠩ ᠣᠯᠠᠨ ᠠᠷᠠᠳ ᠲᠦᠮᠡᠨ ᠳᠤ ᠲᠥᠷᠥ ᠶᠢᠨ ᠪᠣᠳᠣᠯᠭ᠎ᠠ ᠶᠢᠨ ᠠᠰᠢᠭ ᠬᠦᠷᠲᠡᠭᠡᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠦᠨ᠎ᠡ︾ ᠭᠡᠵᠦ ᠶᠠᠷᠢᠪᠠ᠃      ︽ᠶᠡᠷᠦᠩᠬᠡᠢ ᠱᠦᠵᠢ ᠰᠢ ᠶᠢᠨ ᠫᠢᠩ ᠶᠠᠷᠢᠶᠠᠨ ᠳᠠᠭᠠᠨ ︿ᠡᠭᠡ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ﹀ ᠭᠡᠵᠦ ᠳᠠᠬᠢᠨᠲᠠ ᠵᠠᠬᠢᠪᠠ᠃ ᠪᠢᠳᠠ ︿ᠠᠮᠵᠢᠯᠲᠠ ᠠᠨᠤ ᠭᠠᠭᠴᠠ ᠮᠢᠨᠦ ᠭᠠᠪᠢᠶ᠎ᠠ ᠪᠤᠰᠤ﹀ ᠭᠡᠬᠦ ᠵᠣᠷᠢᠭ ᠰᠠᠨᠠᠭ᠎ᠠ ᠪᠣᠯᠤᠨ ︿ᠠᠮᠵᠢᠯᠲᠠ ᠤᠯᠬᠤ ᠳᠤ ᠯᠠᠪᠲᠠᠢ ᠪᠢ ᠪᠠᠶᠢᠬᠤ﹀ ᠬᠠᠷᠢᠭᠤᠴᠠᠯᠭ᠎ᠠ ᠡᠭᠦᠷᠭᠡᠯᠡᠯ ᠢᠶᠠᠷ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠨᠡᠩ ᠶᠡᠭᠡ ᠡᠷᠴᠢ ᠵᠣᠷᠢᠭ ᠢᠶᠠᠷ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠨᠠᠶᠢᠳᠠᠪᠤᠷᠢᠵᠢᠭᠤᠯᠵᠤ᠂ ︿ᠪᠣᠬᠢᠷᠲᠤᠯ ᠦᠭᠡᠢ﹀ ᠶᠢ ᠬᠥᠭᠵᠢᠯᠲᠡ ᠶᠢᠨ ᠬᠤᠪᠢᠷᠠᠰᠢ ᠦᠭᠡᠢ ᠲᠡᠪᠢᠰᠭᠡᠷ ᠦᠩᠭᠡ ᠪᠣᠯᠭᠠᠬᠤ ᠬᠡᠷᠡᠭᠲᠡᠢ︾ ᠭᠡᠵᠦ ᠤᠳᠤᠭ ᠤᠨ ᠡᠮᠦᠨᠡᠲᠦ ᠬᠤᠰᠢᠭᠤᠨ ᠤ ᠤᠯᠵᠠᠴᠢ ᠪᠠᠯᠭᠠᠰᠤᠨ ᠤ ᠭᠠᠳᠠᠭᠠᠳᠤ ᠤᠬᠠᠭᠤᠯᠭ᠎ᠠ ᠶᠢᠨ ᠲᠠᠰᠤᠭ ᠤᠨ ᠡᠷᠬᠢᠯᠡᠭᠴᠢ ᠲᠡᠷᠭᠡᠯ ᠬᠡᠯᠡᠪᠡ᠃ ᠰᠥᠨᠢᠳ ᠪᠠᠷᠠᠭᠤᠨ ᠬᠤᠰᠢᠭᠤᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠳᠠᠷᠤᠭ᠎ᠠ ᠯᠢᠦ ᠰᠢᠤ ᠹᠧᠩ᠄ ︽ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠠᠭ᠎ᠠ ᠮᠥᠴᠢᠷ ᠤᠨ ᠬᠤᠪᠢ ᠠᠴᠠ᠂ ᠪᠢᠳᠡ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ᠂ ᠰᠠᠶᠢᠲᠤᠷ ᠣᠶᠢᠯᠠᠭᠠᠵᠤ᠂ ᠰᠠᠶᠢᠲᠤᠷ ᠲᠤᠭᠤᠰᠢᠯᠠᠭᠤᠯᠵᠤ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠤᠬᠠᠮᠰᠠᠷ ᠪᠠ ᠲᠡᠤᠬᠡᠨ ᠡᠭᠦᠷᠭᠡᠳᠦ ᠤᠬᠠᠮᠰᠠᠷ ᠢᠶᠠᠷ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠡᠷᠡᠮᠡᠬᠡᠶᠢᠯᠡᠨ ᠤᠷᠤᠭᠰᠢᠯᠠᠵᠤ᠂ ᠪᠥᠬᠦ ᠰᠡᠳᠬᠢᠯ ᠪᠥᠬᠦ ᠵᠣᠷᠢᠭ ᠢᠶᠠᠷ ᠡᠯ᠎ᠡ ᠵᠦᠢᠯ ᠤᠨ ᠠᠵᠢᠯ ᠳᠤ ᠣᠷᠣᠯᠴᠠᠵᠤ᠂ ᠪᠥᠬᠦ ᠬᠤᠰᠢᠭᠤᠨ ᠤ ᠠᠷᠠᠳ ᠲᠦᠮᠡᠨ ᠳᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠰᠠᠶᠢᠨ ᠰᠠᠶᠢᠬᠠᠨ ᠣᠷᠴᠢᠨ ᠲᠣᠭᠤᠷᠢᠨ ᠢ ᠡᠬᠦᠳᠴᠦ᠂ ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠤᠭᠲᠤᠨ᠎ᠠ︾ ᠭᠡᠵᠦ ᠶᠠᠷᠢᠵᠤ ᠪᠠᠶᠢᠯ᠎ᠠ᠃      ᠪᠤᠭᠤᠲᠤ ᠬᠤᠲᠠ ᠶᠢᠨ ᠬᠥᠨᠳᠡᠯᠡᠨ ᠲᠣᠭᠤᠷᠢᠭ ᠤᠨ ᠨᠥᠬᠦᠷᠯᠡᠯ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠶᠢᠨ ᠹᠸᠢ ᠯᠦᠩ ᠢᠯᠡᠷᠬᠡᠶᠢᠯᠡᠬᠦ ᠳᠡᠭᠡᠨ᠂ ᠶᠡᠷᠦᠩᠬᠡᠶ ᠱᠦᠵᠢ ᠶᠢᠨ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠢᠯᠠᠩᠭᠤᠶ᠎ᠠ ᠶᠡᠷᠦᠩᠬᠡᠶ ᠱᠦᠵᠢ ᠶᠢᠨ ︽ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢ ᠪᠦᠲᠦᠭᠡᠨ ᠪᠠᠶᠢᠭᠤᠯᠬᠤ︾ ᠵᠡᠷᠭᠡ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠠᠰᠢᠭᠯᠠᠨ ᠨᠠᠮ ᠤᠨ ᠲᠡᠦᠬᠡ ᠶᠢ ᠰᠤᠷᠤᠯᠴᠠᠬᠤ ᠲᠤᠬᠠᠶ ᠵᠢᠭᠠᠪᠤᠷᠢ ᠶᠢ ᠰᠠᠶᠢᠲᠤᠷ ᠨᠠᠶᠢᠳᠠᠪᠤᠷᠢᠵᠢᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠤᠷᠢᠳᠴᠢᠯᠠᠨ ᠲᠥᠯᠥᠪᠵᠢᠭᠦᠯᠬᠦ ᠪᠠ ᠯᠠᠪᠳᠠᠭᠤᠨ ᠢᠶᠠᠷ ᠠᠬᠢᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠵᠣᠬᠢᠶᠠᠨ ᠪᠠᠶᠢᠭᠤᠯᠬᠤ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠦᠨᠳᠦᠰᠦᠨ ᠱᠠᠲᠤᠨ ᠤ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ ᠲᠠᠢ ᠤᠶᠠᠯᠳᠤᠭᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠭᠰᠠᠨ ᠪᠣᠳᠠᠲᠤ ᠦᠷ᠎ᠡ ᠪᠦᠲᠦᠮᠵᠢ ᠪᠠᠷ ᠨᠠᠮ ᠤᠨ ᠵᠠᠭᠤᠨ ᠵᠢᠯ ᠤᠨ ᠤᠢ ᠶᠢ ᠤᠭᠲᠤᠬᠤ ᠬᠡᠷᠡᠭᠲᠡᠢ ᠭᠡᠵᠡᠢ᠃
 
ᠢᠷᠡᠯᠲᠡ᠄ ᠦᠪᠤᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1