ᠲᠣᠭᠲᠠᠬᠤ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠲᠤᠰᠬᠠᠶ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠶ ᠵᠠᠷᠯᠠᠯ
ᠨᠡᠶᠢᠲᠡᠯᠡᠭᠰᠡᠨ ᠴᠠᠭ᠄
2021/3/11
      ᠡᠯ᠎ᠡ ᠪᠠᠯᠭᠠᠰᠤ᠂ ᠡᠯ᠎ᠡ ᠬᠠᠮᠢᠶ᠎ᠠ ᠪᠦᠬᠦᠢ ᠵᠥᠪᠯᠡᠯ᠂ ᠠᠯᠪᠠᠨ ᠭᠡᠷ᠂ ᠲᠣᠪᠴᠢᠶ᠎ᠠ ᠳᠤ᠄      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠰᠬᠠᠶ ᠲᠣᠭᠤᠷᠢᠨ ᠪᠠᠶᠢᠴᠠᠭᠠᠯᠲᠠ ᠶᠢᠨ ᠴᠡᠭᠴᠡᠯᠡᠨ ᠰᠠᠶᠢᠵᠢᠷᠠᠭᠤᠯᠬᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠮᠠᠨ ᠤ ᠰᠢᠶᠠᠨ ᠴᠡᠭᠴᠡᠯᠡᠨ ᠰᠠᠶᠢᠵᠢᠷᠠᠭᠤᠯᠬᠤ ᠲᠥᠰᠦᠯ ᠲᠣᠭᠲᠠᠭᠠᠵᠤ᠂ ᠤᠷᠢᠳ ᠬᠤᠵᠢᠳ ᠣᠯᠠᠨ ᠤᠳᠠᠭ᠎ᠠ ᠮᠡᠳᠡᠭᠳᠡᠯ ᠳᠠᠷᠤᠮᠠᠯᠯᠠᠨ ᠲᠠᠷᠬᠠᠭᠠᠵᠤ᠂ ᠡᠯ᠎ᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠬᠤᠲᠠ ᠶᠢᠨ ᠬᠢᠨᠠᠨ ᠵᠥᠪᠰᠢᠶᠡᠷᠡᠬᠦ ᠲᠣᠪᠴᠢᠶ᠎ᠠ ᠶᠢᠨ ᠥᠷᠨᠢᠭᠦᠯᠦᠭᠰᠡᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠳᠤ ᠣᠷᠣᠯᠴᠠᠭᠤᠯᠵᠤ᠂ ᠡᠯ᠎ᠡ ᠰᠠᠯᠠᠭ᠎ᠠ ᠮᠥᠴᠢᠷ ᠢ ᠨᠢᠭᠡ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠨᠡᠶᠢᠲᠡᠯᠡᠭᠰᠡᠨ  ᠵᠦᠢᠯᠡᠰ ᠲᠤ ᠴᠢᠭᠯᠡᠭᠦᠯᠦᠨ ᠴᠡᠭᠴᠡᠯᠡᠨ ᠰᠠᠶᠢᠵᠢᠷᠠᠭᠤᠯᠵᠤ ᠲᠡᠭᠦᠯᠳᠡᠷᠵᠢᠭᠦᠯᠬᠦ ᠬᠡᠷᠡᠭᠲᠡᠶ ᠭᠡᠵᠦ ᠱᠠᠭᠠᠷᠳᠠᠪᠠ᠃ ᠬᠤᠲᠠ ᠶᠢᠨ ᠬᠢᠨᠠᠨ ᠵᠥᠪᠰᠢᠶᠡᠷᠡᠬᠦ ᠲᠣᠪᠴᠢᠶ᠎ᠠ ᠣᠶᠢᠷ᠎ᠠ ᠶᠢᠨ ᠬᠤᠭᠤᠴᠠᠭᠠᠨ ᠳᠤ ᠲᠠᠪᠴᠠᠩ ᠤᠨ ᠵᠦᠢᠯᠡᠰ ᠢ ᠬᠠᠷᠭᠤᠭᠤᠯᠤᠨ ᠪᠠᠶᠢᠴᠠᠭᠠᠵᠤ᠂ ᠡᠳᠦᠭᠡ ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠲᠤᠰᠬᠠᠶ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠶ ᠬᠥᠬᠡᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠮᠡᠳᠡᠭᠳᠡᠯ︾ ︵ᠬᠥᠬᠡᠬᠤᠲᠠ ᠪᠠᠩᠬᠢ ᠰᠢᠭᠦᠬᠦ ᠥᠰᠥᠭ  ﹇2021﹈  35 ᠳ᠋ᠤᠭᠠᠷ ᠲᠣᠭᠠᠲᠤ︶ ᠳᠤ ᠮᠠᠨ ᠤ ᠰᠢᠶᠠᠨ ᠳᠤ ᠣᠷᠣᠰᠢᠵᠤ ᠪᠠᠶᠢᠭ᠎ᠠ ᠠᠰᠠᠭᠤᠳᠠᠯ ᠢ ᠳᠣᠤᠷᠠᠬᠢ ᠮᠡᠲᠦ ᠵᠠᠷᠯᠠᠶ᠎ᠠ᠄      ᠨᠢᠭᠡ᠂ ᠣᠷᠣᠰᠢᠵᠤ ᠪᠠᠶᠢᠭ᠎ᠠ ᠠᠰᠠᠭᠤᠳᠠᠯ      ︵ᠨᠢᠭᠡ︶ ᠬᠡᠷᠡᠭ ᠶᠠᠪᠤᠳᠠᠯ ᠢ ᠭᠦᠢᠴᠡᠳᠭᠡᠬᠦ ᠴᠠᠭ ᠤᠨ ᠬᠢᠵᠠᠭᠠᠷ ᠨᠢ ᠣᠨᠣᠪᠴᠢ ᠥᠬᠡᠶ      ︽ᠨᠠᠰᠤᠲᠠᠶᠢᠴᠤᠳ ᠤᠨ ᠠᠰᠠᠷᠠᠮᠵᠢ ᠶᠢᠨ ᠨᠥᠬᠦᠪᠥᠷᠢ︾ ᠶᠢᠨ ᠵᠦᠢᠯᠡᠰ ᠢ ᠭᠦᠢᠴᠡᠳᠭᠡᠬᠦ ᠴᠠᠭ ᠤᠨ ᠬᠢᠵᠠᠭᠠᠷ ᠨᠢ 5 ᠠᠵᠢᠯᠯᠠᠬᠤ ᠡᠳᠦᠷ ᠪᠠᠶᠢᠬᠤ ᠬᠡᠷᠡᠭᠲᠡᠶ᠂ ᠮᠠᠨ ᠤ ᠰᠢᠶᠠᠨ ᠤ ᠬᠡᠰᠡᠭ ᠰᠠᠯᠠᠭ᠎ᠠ ᠮᠥᠴᠢᠷ ᠤᠨ ᠭᠦᠢᠴᠡᠳᠭᠡᠬᠦ ᠴᠠᠭ ᠤᠨ ᠬᠢᠵᠠᠭᠠᠷ ᠨᠢ ᠪᠤᠷᠤᠭᠤᠳᠠᠵᠠᠶ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠨᠡᠶᠢᠲᠡᠯᠡᠭᠰᠡᠨ ᠵᠦᠢᠯᠡᠰ ᠲᠤ ᠴᠢᠭᠯᠡᠭᠦᠯᠦᠨ ᠨᠢᠭᠡᠳ ᠨᠢᠭᠡ ᠪᠠᠷ ᠪᠠᠶᠢᠴᠠᠭᠠᠨ ᠬᠠᠷᠭᠤᠭᠤᠯᠵᠤ᠂ ᠭᠦᠢᠴᠡᠳᠭᠡᠬᠦ ᠴᠠᠭ ᠤᠨ ᠬᠢᠵᠠᠭᠠᠷ ᠨᠢ ᠵᠥᠪ ᠣᠨᠣᠪᠴᠢᠲᠠᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ︵ᠳᠠᠭᠠᠯᠳᠤᠭᠤᠯᠤᠯ 2 ᠢ ᠨᠠᠷᠢᠪᠴᠢᠯᠠᠨ ᠦᠵᠡ︶      ︵ᠬᠤᠶᠠᠷ︶ ᠮᠠᠲ᠋ᠧᠷᠢᠶᠠᠯ ᠤᠨ ᠬᠤᠭᠤᠰᠣᠨ ᠬᠦᠰᠦᠨᠦᠭᠲᠦ᠂ ᠥᠯᠢᠭᠡᠷ ᠤᠨ ᠬᠦᠰᠦᠨᠦᠭᠲᠦ ᠶᠢ ᠳᠡᠭᠡᠭᠰᠢ ᠳᠠᠮᠵᠢᠭᠤᠯᠤᠭᠰᠠᠨ ᠥᠭᠡᠢ      ᠮᠠᠨ ᠤ ᠰᠢᠶᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ 36 ᠵᠦᠢᠯ ᠤᠨ ᠤᠴᠢᠷ ᠶᠠᠪᠤᠳᠠᠯ ᠢ ᠰᠢᠢᠳᠪᠦᠷᠢᠯᠡᠬᠦ ᠮᠠᠲ᠋ᠧᠷᠢᠶᠠᠯ ᠤᠨ ᠳᠣᠲᠣᠷ᠎ᠠ ︽※ ※ ※  ᠭᠤᠶᠤᠴᠢᠯᠠᠯ ᠤᠨ ᠬᠦᠰᠦᠨᠦᠭᠲᠦ︾ ᠶᠢᠨ ᠲᠦᠷᠦᠯ ᠤᠨ ᠮᠠᠲ᠋ᠧᠷᠢᠶᠠᠯ ᠨᠢ ᠬᠤᠭᠤᠰᠣᠨ ᠬᠦᠰᠦᠨᠦᠭ ᠪᠤᠶᠤ ᠦᠯᠢᠭᠡᠷ ᠬᠦᠰᠦᠨᠦᠭᠲᠦ ᠶᠢ ᠪᠠᠭᠤᠯᠭᠠᠨ ᠠᠪᠬᠤ ᠶᠢ ᠬᠠᠩᠭᠠᠭᠰᠠᠨ ᠦᠭᠡᠢ᠃ ᠡᠯ᠎ᠡ ᠰᠠᠯᠠᠭ᠎ᠠ ᠮᠥᠴᠢᠷ ᠤᠨ ᠬᠢᠨ ᠬᠦᠰᠦᠨᠦᠭᠲᠦ ᠳᠤ ᠵᠢᠭᠠᠵᠤ ᠭᠠᠷᠭᠠᠭᠰᠠᠨ ᠵᠦᠢᠯᠡᠰ ᠲᠠᠢ ᠠᠯᠢ ᠲᠦᠷᠭᠡᠨ ᠢᠶᠠᠷ ᠬᠠᠷᠢᠴᠠᠭᠤᠯᠤᠨ ᠬᠢᠨᠠᠨ ᠪᠠᠶᠢᠴᠠᠭᠠᠬᠤ ᠶᠢᠨ ᠬᠠᠮᠲᠤ ᠬᠤᠭᠤᠰᠣᠨ ᠣᠷᠣᠨ ᠲᠤᠭ᠎ᠠ ᠲᠠᠢ ᠬᠤᠭᠤᠰᠣᠨ ᠬᠦᠰᠦᠨᠦᠭ ᠵᠢᠴᠢ ᠦᠯᠢᠭᠡᠷ ᠬᠦᠰᠦᠨᠦᠭᠲᠦ ᠶᠢ ᠳᠡᠭᠡᠭᠰᠢ ᠳᠠᠮᠵᠢᠭᠤᠯᠬᠤ ᠬᠡᠷᠡᠭᠲᠡᠶ᠃ ︵ᠳᠠᠭᠠᠯᠳᠤᠭᠤᠯᠤᠯ 3 ᠳᠤ ᠨᠠᠷᠢᠪᠴᠢᠯᠠᠨ ᠦᠵᠡ︶      ︵ᠭᠤᠷᠪᠠ︶ ᠭᠦᠢᠴᠡᠳᠬᠡᠭᠰᠡᠨ ᠴᠠᠭ᠂ ᠭᠦᠢᠴᠡᠳᠬᠡᠭᠰᠡᠨ ᠭᠠᠵᠠᠷ ᠢ ᠲᠠᠭᠯᠠᠭᠰᠠᠨ ᠨᠢ ᠣᠨᠣᠪᠴᠢ ᠦᠭᠡᠢ      ᠭᠦᠢᠴᠡᠳᠬᠡᠭᠰᠡᠨ ᠭᠠᠵᠠᠷ ᠨᠢ ᠲᠣᠳᠣᠷᠬᠠᠶ ᠵᠡᠭᠡᠯᠢ ᠭᠤᠳᠤᠮᠵᠢ ᠶᠢᠨ ᠨᠡᠷᠡᠶᠢᠳᠦᠯ᠂ ᠡᠭᠦᠳᠡᠨ ᠨᠣᠮᠧᠷ᠂ ᠥᠷᠥᠭᠡᠨ ᠤ ᠨᠣᠮᠧᠷ ᠪᠤᠶᠤ ᠴᠣᠩᠬᠤᠨ ᠤ ᠨᠣᠮᠧᠷ ᠲᠠᠢ ᠪᠠᠶᠢᠬᠤ ᠶᠢ ᠱᠠᠭᠠᠷᠳᠠᠨ᠎ᠠ᠂ ᠵᠢᠱᠢᠶᠡᠯᠡᠪᠡᠯ ᠴᠡᠯᠡᠭᠡᠷ ᠲᠠᠯ᠎ᠠ ᠶᠡᠭᠡ ᠵᠡᠭᠡᠯᠢ ᠶᠢᠨ 6 ᠳ᠋ᠤᠭᠠᠷ ᠨᠣᠮᠧᠷᠲᠤ ᠬᠥᠬᠡᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ 3 ᠳ᠋ᠤᠭᠠᠷ ᠳᠠᠪᠬᠤᠷᠭ᠎ᠠ ᠶᠢᠨ C ᠲᠣᠭᠤᠷᠢᠭ ᠤᠨ 6 ᠳ᠋ᠤᠭᠠᠷ ᠨᠣᠮᠧᠷᠲᠤ ᠴᠣᠩᠬᠤᠨ ᠤ ᠭᠦᠢᠴᠡᠳᠭᠡᠬᠦ ᠴᠠᠭ ᠨᠢ ᠲᠣᠰ ᠬᠡᠷᠡᠭ ᠶᠠᠪᠤᠳᠠᠯ ᠢ ᠭᠥᠯᠢᠶᠡᠨ ᠠᠪᠴᠤ ᠰᠢᠢᠳᠪᠦᠷᠢᠯᠡᠬᠦ ᠴᠠᠭ ᠤᠨ ᠦᠶᠡᠯᠡᠯ ᠤᠨ ᠬᠤᠭᠤᠴᠠᠭ᠎ᠠ ᠶᠢ ᠲᠣᠳᠣᠷᠬᠠᠶᠢᠯᠠᠬᠤ ᠬᠡᠷᠡᠭᠲᠡᠶ᠂ ᠵᠢᠱᠢᠶᠡᠯᠡᠪᠡᠯ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠪᠣᠯᠲᠠᠯ᠎ᠠ᠄ ᠦᠳᠡ ᠶᠢᠨ ᠡᠮᠦᠨᠡᠬᠢ 09᠄ 00 — 12᠄ 00᠂ ᠦᠳᠡ ᠶᠢᠨ ᠬᠤᠶᠢᠨᠠᠬᠢ 13᠄ 00 — 17᠄ 00 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶᠃ ᠡᠯ᠎ᠡ ᠰᠠᠯᠠᠭ᠎ᠠ ᠮᠥᠴᠢᠷ ᠤᠳ ᠨᠡᠶᠢᠲᠡᠯᠡᠭᠰᠡᠨ ᠵᠦᠢᠯᠡᠰ ᠲᠤ ᠴᠢᠭᠯᠡᠭᠦᠯᠦᠨ ᠨᠢᠭᠡᠳ ᠨᠢᠭᠡ ᠪᠠᠷ ᠪᠠᠶᠢᠴᠠᠭᠠᠨ ᠬᠠᠷᠭᠤᠭᠤᠯᠵᠤ᠂ ᠭᠦᠢᠴᠡᠳᠭᠡᠬᠦ ᠴᠠᠭ᠂ ᠭᠦᠢᠴᠡᠳᠭᠡᠬᠦ ᠭᠠᠵᠠᠷ ᠤᠨ ᠵᠥᠪ ᠣᠨᠣᠪᠴᠢᠲᠠᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃      ᠬᠤᠶᠠᠷ᠂ ᠬᠤᠯᠪᠣᠭᠳᠠᠯ ᠪᠦᠬᠦᠢ ᠱᠠᠭᠠᠷᠳᠠᠯᠭ᠎ᠠ      ᠡᠯ᠎ᠡ ᠰᠠᠯᠠᠭ᠎ᠠ ᠮᠥᠴᠢᠷ ᠤᠨ ᠬᠠᠷᠢᠴᠠᠭᠤᠯᠤᠨ ᠵᠢᠭᠠᠵᠤ ᠭᠠᠷᠭᠠᠭᠰᠠᠨ ᠠᠰᠠᠭᠤᠳᠠᠯ ᠢ ᠨᠢᠭᠡ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠭᠠᠷᠴᠤ ᠨᠢᠭᠡᠳ ᠨᠢᠭᠡ ᠪᠠᠷ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠶᠢᠨ ᠬᠠᠮᠲᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠫᠤᠷᠲ᠋ᠤᠯ ᠰᠦᠯᠵᠢᠶ᠎ᠡ ᠶᠢᠨ ᠲᠣᠰ ᠰᠠᠯᠠᠭ᠎ᠠ ᠮᠥᠴᠢᠷ ᠤᠨ ᠥᠷᠲᠡᠭᠡ ︵http://zwfw.nmg.gov.cn/city_index︖ RegionCode=150122000000&record=istrue︶ ᠪᠦᠬᠦ ᠲᠠᠯ᠎ᠠ ᠪᠠᠷ ᠥᠪᠡᠷ ᠤᠨ ᠪᠠᠶᠢᠴᠠᠭᠠᠯᠲᠠ ᠬᠢᠵᠦ᠂ ᠤᠴᠢᠷ ᠶᠠᠪᠤᠳᠠᠯ ᠨᠢᠭᠡᠪᠦᠷᠢ ᠶᠢᠨ ᠤᠴᠢᠷ ᠶᠠᠪᠤᠳᠠᠯ ᠢ ᠰᠢᠢᠳᠪᠦᠷᠢᠯᠡᠬᠦ ᠵᠢᠭᠠᠯᠲᠠ ᠶᠢᠨ ᠣᠨᠣᠪᠴᠢᠲᠤ ᠴᠢᠨᠠᠷ ᠪᠠ ᠪᠦᠷᠢᠨ ᠪᠦᠲᠦᠨ ᠴᠢᠨᠠᠷ ᠢ ᠪᠠᠲᠤᠯᠠᠵᠤ᠂ 3 ᠰᠠᠷ᠎ᠠ ᠶᠢᠨ 11 ᠤ ᠡᠳᠦᠷ ᠠᠵᠢᠯ ᠠᠴᠠ ᠪᠠᠭᠤᠬᠤ ᠠᠴᠠ ᠡᠮᠦᠨ᠎ᠡ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢᠶᠠᠨ ᠠᠯᠪᠠᠨ ᠶᠣᠰᠣᠨ ᠤ ᠪᠢᠴᠢᠭ ᠮᠠᠲ᠋ᠧᠷᠢᠶᠠᠯ ᠢᠶᠠᠷ ᠠᠯᠪᠠᠨ ᠲᠠᠮᠠᠭ᠎ᠠ ᠳᠠᠷᠤᠭᠰᠠᠨ ᠤ ᠳᠠᠷᠠᠭ᠎ᠠ ᠡᠯᠧᠺᠲᠷᠣᠨ ᠪᠢᠴᠢᠭ ᠮᠠᠲ᠋ᠧᠷᠢᠶᠠᠯ ᠪᠣᠯᠭᠠᠨ ᠰᠢᠷᠪᠢᠵᠦ ᠰᠢᠦᠳᠠᠨ ᠬᠠᠶᠢᠷᠴᠠᠭ ᠲᠤ ᠢᠯᠡᠭᠡᠨ᠎ᠡ᠄ ︵tktspj@sina᠃ com︶᠃ 3  ᠳ᠋ᠤᠭᠠᠷ ᠰᠠᠷ᠎ᠠ ᠶᠢᠨ 11 ᠤ ᠡᠳᠦᠷ ᠠᠵᠢᠯ ᠠᠴᠠ ᠪᠠᠭᠤᠬᠤ ᠠᠴᠠ ᠡᠮᠦᠨ᠎ᠡ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢᠶᠠᠨ ᠠᠯᠪᠠᠨ ᠶᠣᠰᠣᠨ ᠤ ᠪᠢᠴᠢᠭ ᠮᠠᠲ᠋ᠧᠷᠢᠶᠠᠯ ᠢᠶᠠᠷ ᠠᠯᠪᠠᠨ ᠲᠠᠮᠠᠭ᠎ᠠ ᠳᠠᠷᠤᠭᠰᠠᠨ ᠤ ᠳᠠᠷᠠᠭ᠎ᠠ ᠡᠯᠧᠺᠲᠷᠣᠨ ᠪᠢᠴᠢᠭ ᠮᠠᠲ᠋ᠧᠷᠢᠶᠠᠯ ᠪᠣᠯᠭᠠᠨ ᠰᠢᠷᠪᠢᠵᠦ ︵tktspj@sina᠃ com︶᠂ ᠬᠥᠬᠡᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠬᠠᠷᠢᠭᠤ ᠲᠤᠰᠬᠠᠭᠰᠠᠨ ᠪᠠᠶᠢᠳᠠᠯ ᠢ ᠦᠨᠳᠦᠰᠦᠯᠡᠨ ᠳᠠᠬᠢᠨᠲᠠ ᠪᠠᠶᠢᠴᠠᠭᠠᠯᠲᠠ ᠬᠢᠬᠦ ᠶᠢᠨ ᠬᠠᠮᠲᠤ ᠪᠠᠶᠢᠴᠠᠭᠠᠭᠰᠠᠨ ᠪᠠᠶᠢᠳᠠᠯ ᠢᠶᠠᠨ ᠰᠢᠭᠤᠳ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠬᠢᠨᠠᠨ ᠪᠠᠶᠢᠴᠠᠭᠠᠬᠤ ᠵᠥᠪᠯᠡᠯ ᠳᠤ ᠮᠡᠳᠡᠭᠦᠯᠵᠦ ᠬᠠᠷᠢᠭᠤᠴᠠᠯᠭ᠎ᠠ ᠨᠡᠬᠡᠮᠵᠢᠯᠡᠨ᠎ᠡ᠃      ᠳᠠᠭᠠᠯᠳᠤᠭᠤᠯᠤᠯ ᠤᠨ ᠠᠭᠤᠯᠭ᠎ᠠ ᠨᠡᠯᠢᠶᠡᠳ ᠣᠯᠠᠨ ᠤᠴᠢᠷ ᠠᠴᠠ ᠡᠯᠧᠺᠲᠷᠣᠨ ᠬᠡᠪᠯᠡᠯ ᠤᠨ ᠠᠪᠴᠢᠭᠤᠯᠤᠭᠰᠠᠨ ᠪᠣᠭᠤᠯᠲᠠ ᠶᠢ ᠲᠣᠭᠲᠠᠬᠤ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠥᠳᠡᠯᠦᠩᠭᠦᠶ ᠲᠣᠬᠢᠷᠠᠭᠤᠯᠤᠯᠲᠠ ᠶᠢᠨ ᠠᠵᠢᠯ ᠤᠨ ᠪᠦᠯᠦᠭ ᠲᠤ ᠲᠠᠷᠬᠠᠭᠠᠵᠤ᠂ ᠡᠯ᠎ᠡ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠠᠵᠢᠯᠲᠠᠳ ᠥᠪᠡᠰᠦᠪᠡᠨ ᠪᠠᠭᠤᠯᠭᠠᠨ ᠠᠪᠴᠤ ᠪᠠᠶᠢᠴᠠᠭᠠᠨ ᠦᠵᠡᠬᠦ ᠶᠢ ᠬᠦᠰᠡᠵᠦ ᠪᠠᠶᠢᠨ᠎ᠠ᠃      ᠬᠠᠷᠢᠯᠴᠠᠬᠤ ᠬᠥᠮᠦᠨ᠄  ᠸᠧᠨ ᠶᠠ ᠷᠦ  ᠯᠢ ᠲᠢᠩ      ᠬᠠᠷᠢᠯᠴᠠᠬᠤ ᠤᠲᠠᠰᠤ᠄ 0471 — 8512660      ᠳᠠᠭᠠᠯᠳᠤᠭᠤᠯᠤᠯ᠄      1᠂ ︵ᠪᠠᠯᠭᠠᠰᠤ᠂ ᠰᠠᠯᠠᠭ᠎ᠠ ᠮᠥᠴᠢᠷ︶ ᠥᠪᠡᠷᠲᠡᠭᠡᠨ ᠪᠠᠶᠢᠴᠠᠭᠠᠵᠤ ᠴᠡᠭᠴᠡᠯᠡᠨ ᠥᠭᠡᠷᠡᠴᠢᠯᠡᠬᠦ ᠮᠡᠳᠡᠭᠦᠯᠦᠯᠲᠡ ᠶᠢᠨ ᠬᠡᠪ ᠵᠠᠭᠪᠤᠷ      2᠂  ᠭᠦᠢᠴᠡᠳᠭᠡᠬᠦ ᠴᠠᠭ ᠤᠨ ᠬᠢᠵᠠᠭᠠᠷ ᠨᠢ ᠠᠯᠳᠠᠭ᠎ᠠ ᠲᠠᠢ ᠵᠦᠢᠯᠡᠰ ᠤᠨ ᠨᠠᠷᠢᠨ ᠬᠠᠭᠤᠳᠠᠰᠤ ︵ᠨᠠᠰᠤᠲᠠᠶᠢᠴᠤᠳ ᠤᠨ ᠠᠰᠠᠷᠠᠮᠵᠢ ᠶᠢᠨ ᠨᠥᠬᠦᠪᠥᠷᠢ︶      3᠂ ᠬᠤᠭᠤᠰᠣᠨ ᠬᠦᠰᠦᠨᠦᠭᠲᠦ ᠶᠢᠨ ᠦᠯᠢᠭᠡᠷ ᠬᠦᠰᠦᠨᠦᠭᠲᠦ ᠶᠢᠨ ᠵᠦᠢᠯᠡᠰ ᠤᠨ ᠮᠠᠲ᠋ᠧᠷᠢᠶᠠᠯ ᠤᠨ ᠲᠣᠳᠣᠷᠬᠠᠶ ᠬᠠᠭᠤᠳᠠᠰᠤ ᠶᠢ ᠲᠤᠭᠳᠠᠬᠤ ᠰᠢᠶᠠᠨ ᠳᠠᠮᠵᠢᠭᠤᠯᠤᠭᠰᠠᠨ ᠦᠭᠡᠢ                                           2021 ᠣᠨ ᠤ 3 ᠳ᠋ᠤᠭᠠᠷ ᠰᠠᠷ᠎ᠠ ᠶᠢᠨ 5 ᠤ ᠡᠳᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1