ᠰᠢᠨ᠎ᠡ ᠵᠢᠷᠤᠮ ᠢᠶᠠᠷ ᠶᠠᠪᠤᠭᠳᠠᠬᠤ ᠬᠦᠨᠳᠦ ᠡᠪᠡᠳᠴᠢᠨ ᠤ ᠳᠠᠭᠠᠳᠬᠠᠯ ᠢᠷᠡᠵᠡᠢ
ᠨᠡᠶᠢᠲᠡᠯᠡᠭᠰᠡᠨ ᠴᠠᠭ᠄
2021/3/11
      ᠰᠢᠨᠬᠤᠸᠠ ᠬᠤᠷᠢᠶᠠᠨ ᠤ ᠪᠡᠭᠡᠵᠢᠩ ᠤᠨ 2 ᠰᠠᠷ᠎ᠠ ᠶᠢᠨ 1 ᠤ ᠡᠳᠦᠷ ᠤᠨ ᠮᠡᠳᠡᠭᠡ ︵ᠰᠤᠷᠪᠤᠯᠵᠢᠯᠠᠭᠴᠢ ᠲᠠᠨ  ᠮᠥᠸᠧ ᠰᠢᠶᠤᠤ︶       2 ᠰᠠᠷ᠎ᠠ ᠶᠢᠨ 1 ᠤ ᠡᠳᠦᠷ ᠠᠴᠠ ᠡᠬᠢᠯᠡᠨ᠂ ᠰᠢᠨ᠎ᠡ ᠵᠢᠷᠤᠮᠵᠢᠯ ᠳᠤ ᠰᠠᠭᠤᠷᠢᠯᠠᠨ ᠨᠡᠭᠡᠭᠡᠨ ᠬᠥᠭᠵᠢᠭᠦᠯᠦᠭᠰᠡᠨ ᠬᠦᠨᠳᠦ ᠶᠡᠭᠡ ᠡᠪᠡᠳᠴᠢᠨ ᠡᠮᠭᠡᠭ ᠤᠨ ᠳᠠᠭᠠᠳᠬᠠᠯ ᠤᠨ ᠦᠢᠯᠡᠳᠬᠦᠨ ᠢ ᠵᠠᠬ᠎ᠠ ᠳᠡᠯᠭᠡᠭᠦᠷ ᠲᠤ ᠵᠠᠯᠭᠠᠭ᠎ᠠ ᠪᠠᠷ ᠣᠷᠣᠭᠤᠯᠬᠤ ᠪᠣᠯᠤᠨ᠎ᠠ᠃ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠣᠯᠠᠨ  ᠳᠠᠭᠠᠳᠬᠠᠯ ᠤᠨ ᠺᠣᠮᠫᠠᠨᠢ ᠨᠢᠭᠡᠨᠲᠡ ᠬᠦᠨᠳᠦ ᠡᠪᠡᠳᠴᠢᠨ ᠤ ᠰᠢᠨ᠎ᠡ ᠬᠡᠯᠪᠡᠷᠢ ᠶᠢᠨ ᠦᠢᠯᠡᠳᠭᠦᠨ ᠭᠠᠷᠭᠠᠭᠰᠠᠨ ᠪᠥᠭᠡᠳ ᠲᠥᠯᠥᠪᠦᠷᠢ ᠥᠭᠬᠦ ᠦᠢᠯᠡᠴᠢᠯᠡᠭᠡ  ᠪᠠᠨ ᠲᠠᠰ ᠳᠡᠪᠰᠢᠭᠦᠯᠵᠦ ᠪᠠᠶᠢᠨ᠎ᠠ᠃              ᠡᠨᠡ ᠬᠦ ᠰᠢᠨ᠎ᠡ ᠵᠢᠷᠤᠮᠵᠢᠯ ᠢ ︽ᠬᠦᠨᠳᠦ  ᠡᠪᠡᠳᠴᠢᠨ ᠤ  ᠳᠠᠭᠠᠳᠬᠠᠯ ᠤᠨ ᠡᠪᠡᠳᠴᠢᠨ ᠡᠮᠭᠡᠭ ᠤᠨ ᠲᠣᠮᠢᠶᠠᠯᠠᠯ ᠢ ᠬᠡᠷᠡᠭᠯᠡᠬᠦ  ᠵᠢᠷᠤᠮᠵᠢᠯ ︵2020 ᠣᠨ ᠤ ᠵᠠᠰᠠᠪᠤᠷᠢ ᠣᠷᠣᠭᠤᠯᠤᠭᠰᠠᠨ ᠬᠡᠪᠯᠡᠯ︶︾ ᠭᠡᠳᠡᠭ᠂ ᠳᠤᠮᠳᠠᠳᠤ ᠤᠯᠤᠰ ‍ᠤᠨ‌‍ᠲ᠋ᠠᠭᠠᠳᠬᠠᠯ ᠤᠨ ᠠᠵᠢᠯ ᠲᠥᠷᠥᠯ ᠤᠨ  ᠨᠡᠶᠢᠭᠡᠮᠯᠢᠭ ᠠᠴᠠ ᠳᠤᠮᠳᠠᠳᠤ ᠤᠯᠤᠰ ᠤᠨ ᠡᠮᠴᠢ ᠶᠢᠨ ᠨᠡᠶᠢᠭᠡᠮᠯᠢᠭ ᠲᠠᠢ ᠬᠠᠮᠲᠤᠷᠠᠨ 2007 ᠣᠨ ᠤ ᠬᠡᠪᠯᠡᠯ ᠤᠨ ᠰᠠᠭᠤᠷᠢᠨ ᠳᠡᠭᠡᠷ᠎ᠡ ᠵᠠᠰᠠᠪᠤᠷᠢ ᠣᠷᠣᠭᠤᠯᠤᠭᠰᠠᠨ ᠶᠤᠮ᠃              ᠣᠶᠢᠯᠠᠭᠠᠭᠰᠠᠨ ᠢᠶᠠᠷ᠂ ᠲᠣᠰ ᠤᠳᠠᠭ᠎ᠠ ᠬᠦᠨᠳᠦ ᠡᠪᠡᠳᠴᠢᠨ ᠤ ᠲᠠᠰ ᠬᠤᠪᠢᠶᠠᠬᠤ ᠰᠢᠰᠲ᠋ᠧᠮ ᠳᠤ  ᠵᠠᠰᠠᠪᠤᠷᠢ‌ᠣᠷᠣᠭᠤᠯᠵᠤ᠂ ᠠᠩᠬ᠎ᠠ ᠤᠳᠠᠭ᠎ᠠ ᠬᠥᠩᠭᠡᠨ ᠡᠪᠡᠳᠴᠢᠨ ᠤ  ᠲᠣᠮᠢᠶᠠᠯᠠᠯ ᠢ  ᠣᠷᠣᠭᠤᠯᠤᠨ᠂ ᠬᠤᠤᠷᠲᠤ  ᠬᠠᠪᠤᠳᠠᠷ᠂  ᠲᠦᠷᠭᠡᠨ‌‍ᠴᠢᠨᠠᠷᠲᠠᠶ ᠵᠢᠷᠦᠬᠡᠨ ᠪᠤᠯᠴᠢᠩ ᠤᠨ ᠲᠦᠭᠵᠢᠷᠡᠯ᠂ ᠲᠠᠷᠢᠬᠢᠨ ᠤ ᠰᠠ ᠡᠪᠡᠳᠴᠢᠨ ᠤ ᠦᠯᠡᠳᠡᠭᠳᠡᠯ ᠬᠡᠮ ᠵᠡᠷᠭᠡ 3 ᠵᠦᠢᠯ ᠤᠨ ᠭᠤᠤᠯ ᠡᠪᠡᠳᠴᠢᠨ ᠢ ᠡᠪᠡᠳᠴᠢᠨ ᠤ ᠪᠠᠶᠢᠳᠠᠯ ᠢᠶᠠᠷ ᠨᠢ ᠬᠦᠨᠳᠦ ᠡᠪᠡᠳᠴᠢᠨ ᠪᠠ ᠬᠥᠩᠭᠡᠨ ᠡᠪᠡᠳᠴᠢᠨ ᠭᠡᠵᠦ ᠬᠤᠶᠠᠷ ᠳᠡᠰ ᠬᠤᠪᠢᠶᠠᠪᠠ︔ ᠡᠪᠡᠳᠴᠢᠨ ᠤ ᠲᠥᠷᠥᠯ ᠤᠨ ᠲᠤᠭ᠎ᠠ  ᠬᠡᠮᠵᠢᠶ᠎ᠡ ᠶᠢ ᠨᠡᠮᠡᠭᠳᠡᠭᠦᠯᠵᠦ᠂ ᠤᠤᠯ ᠤᠨ 25 ᠵᠦᠢᠯ ᠤᠨ ᠬᠦᠨᠳᠦ ᠡᠪᠡᠳᠴᠢᠨ ᠤ ᠲᠣᠮᠢᠶᠠᠯᠠᠯ ᠢ ᠲᠡᠭᠦᠯᠳᠡᠷᠵᠢᠭᠦᠯᠵᠦ 28 ᠵᠦᠢᠯ ᠤᠨ ᠬᠦᠨᠳᠦ ᠡᠪᠡᠳᠴᠢᠨ ᠪᠠ 3 ᠵᠦᠢᠯ ᠤᠨ ᠬᠥᠩᠭᠡᠨ ᠡᠪᠡᠳᠴᠢᠨ‌‍ᠪᠣᠯᠭᠠᠨ ᠥᠷᠭᠡᠳᠬᠡᠬᠦ ᠶᠢᠨ  ᠬᠠᠮᠲᠤ  ᠪᠠᠲᠤᠯᠠᠭ᠎ᠠ ᠶᠢᠨ  ᠬᠡᠪᠴᠢᠶ᠎ᠡ ᠶᠢ ᠵᠣᠬᠢᠰᠲᠠᠶ ᠦᠷᠭᠡᠳᠬᠡᠪᠡ︔ ᠡᠪᠡᠳᠴᠢᠨ ᠡᠮᠭᠡᠭ ‍ᠤᠨ‌‍ᠲ᠋ᠣᠳᠣᠷᠬᠠᠶᠢᠯᠠᠯᠲᠠ ᠶᠢᠨ ᠬᠡᠪᠴᠢᠶ᠎ᠡ ᠶᠢ ᠥᠷᠭᠡᠳᠬᠡᠵᠦ᠂ ᠬᠠᠮᠤᠭ ᠰᠢᠨ᠎ᠡ ᠠᠨᠠᠭᠠᠬᠤ  ᠤᠬᠠᠭᠠᠨ ᠤ  ᠠᠬᠢᠴᠠ ᠶᠢ ᠦᠨᠳᠦᠰᠦᠯᠡᠨ᠂ᠴᠢᠬᠤᠯᠠ ᠶᠡᠭᠡ ᠡᠷᠬᠡᠲᠡᠨ ᠰᠢᠯᠵᠢᠭᠦᠯᠬᠦ ᠮᠡᠷᠭᠡᠵᠢᠯ᠂ ᠲᠢᠲᠢᠮᠯᠢᠭ ᠯᠤᠭᠰᠢᠭᠤᠨ ᠰᠤᠳᠠᠯ ᠤᠨ ᠬᠥᠭᠦᠷᠭᠡ ᠲᠠᠯᠪᠢᠬᠤ ᠮᠡᠷᠭᠡᠵᠢᠯ᠂ᠵᠢᠷᠦᠬᠡᠨ ᠤ ᠬᠠᠪᠬᠠᠭᠯᠠᠭ᠎ᠠ ᠶᠢᠨ ᠮᠡᠰᠡ ᠵᠠᠰᠠᠯ᠂ ᠭᠤᠤᠯ ᠯᠤᠭᠰᠢᠭᠤᠨ ᠰᠤᠳᠠᠯ ᠤᠨ ᠮᠡᠰᠡ ᠵᠠᠰᠠᠯ ᠵᠡᠷᠭᠡ 8 ᠵᠦᠢᠯ ᠤᠨ ᠡᠪᠡᠳᠴᠢᠨ‌ᠡᠮᠭᠡᠭ ᠤᠨ ᠪᠠᠲᠤᠯᠠᠭ᠎ᠠ ᠶᠢᠨ ᠬᠡᠪᠴᠢᠶ᠎ᠡ ᠶᠢ ᠥᠷᠭᠡᠳᠬᠡᠵᠦ᠂ ᠬᠦᠨᠳᠦ ᠨᠣᠴᠢᠲᠠᠶ ᠤᠳᠠᠭᠠᠨ ᠴᠢᠨᠠᠷᠲᠠᠶ ᠪᠥᠭᠡᠷ᠎ᠡ ᠶᠢᠨ ᠮᠠᠭᠤᠳᠠᠯ ᠵᠡᠷᠭᠡ 7 ᠵᠦᠢᠯ ᠤᠨ ᠡᠪᠡᠳᠴᠢᠨ ᠡᠮᠭᠡᠭ ᠤᠨ ᠲᠣᠳᠣᠷᠬᠠᠶᠢᠯᠠᠯᠲᠠ ᠶᠢ ᠲᠡᠭᠦᠯᠳᠡᠷᠵᠢᠭᠦᠯᠦᠨ ᠰᠢᠯᠢᠳᠡᠭᠵᠢᠭᠦᠯᠪᠡ᠃              ᠳᠠᠭᠠᠳᠬᠠᠯ ᠤᠨ ᠬᠡᠷᠡᠭᠯᠡᠭᠴᠢ ᠣᠯᠵᠤ ᠬᠠᠷᠠᠬᠤ ᠨᠢ᠂ ᠬᠦᠨᠳᠦ ᠡᠪᠡᠳᠴᠢᠨ ᠤ ᠳᠠᠭᠠᠳᠬᠠᠯ ᠤᠨ ᠪᠠᠲᠤᠯᠠᠭ᠎ᠠ ᠵᠢᠨ‌‍ᠬᠡᠪᠴᠢᠶ᠎ᠡ ᠨᠢ ᠬᠠᠭᠤᠴᠢᠨ ᠵᠢᠷᠤᠮᠵᠢᠯ ᠤᠨ ᠡᠪᠡᠳᠴᠢᠨ ᠤ ᠬᠡᠪᠴᠢᠶ᠎ᠡ ᠶᠢᠨ ᠰᠠᠭᠤᠷᠢᠨ ᠳᠡᠭᠡᠷ᠎ᠡ᠂ ᠠᠮᠢᠰᠬᠤᠯ ᠤᠨ ᠮᠠᠭᠤᠳᠠᠯ᠂ ᠺᠷᠤᠨ‌ᠡᠪᠡᠳᠴᠢᠨ᠂ ᠬᠦᠨᠳᠦ ᠰᠢᠷᠬᠠᠯᠠᠭ᠎ᠠ ᠶᠢᠨ ᠴᠢᠨᠠᠷᠲᠠᠶ ᠬᠤᠲᠣᠷᠢᠩᠬᠠᠶ ᠭᠡᠳᠡᠰᠦᠨ ᠤ ᠦᠷᠪᠢᠰᠦᠯ ᠵᠡᠷᠭᠡ 3  ᠵᠦᠢᠯ ᠤᠨ  ᠬᠦᠨᠳᠦ ᠡᠪᠡᠳᠴᠢᠨ ᠢ ᠰᠢᠨ᠎ᠡ ᠪᠠᠷ ᠨᠡᠮᠡᠵᠡᠶ᠃              ᠬᠢᠨᠠᠨ ᠬᠠᠮᠢᠶᠠᠷᠬᠤ ᠰᠠᠯᠠᠭ᠎ᠠ ᠮᠥᠴᠢᠷ ᠤᠨ ᠱᠠᠭᠠᠷᠳᠠᠯᠭ᠎ᠠ ᠶᠢ ᠦᠨᠳᠦᠰᠦᠯᠡᠪᠡᠯ᠂ ᠳᠠᠭᠠᠳᠬᠠᠯ ᠤᠨ  ᠺᠣᠮᠫᠠᠨᠢ ᠵᠢᠨ‌‍ᠰᠢᠨ᠎ᠡ ᠪᠠᠷ ᠨᠡᠭᠡᠭᠡᠨ ᠬᠥᠭᠵᠢᠭᠦᠯᠦᠭᠰᠡᠨ ᠬᠦᠨᠳᠦ ᠡᠪᠡᠳᠴᠢᠨ ᠤ ᠳᠠᠭᠠᠳᠬᠠᠯ ᠤᠨ ᠦᠢᠯᠡᠳᠬᠦᠨ ᠨᠢ ᠰᠢᠨ᠎ᠡ  ᠵᠢᠷᠤᠮᠵᠢᠯ ᠤᠨ ᠡᠯ᠎ᠡ ᠵᠦᠢᠯ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠂ ᠬᠠᠭᠤᠴᠢᠨ ᠵᠢᠷᠤᠮᠵᠢᠯ ᠳᠤ ᠰᠠᠭᠤᠷᠢᠯᠠᠨ ᠨᠡᠭᠡᠭᠡᠨ ᠠᠰᠢᠭᠯᠠᠭᠰᠠᠨ‌‍ᠬᠦ᠋ᠨᠳᠦ ᠡᠪᠡᠳᠴᠢᠨ ᠤ ᠳᠠᠭᠠᠳᠬᠠᠯ ᠤᠨ ᠦᠢᠯᠡᠳᠬᠦᠨ ᠢ ᠦᠷᠭᠦᠯᠵᠢᠯᠡᠨ ᠪᠣᠷᠣᠯᠠᠭᠤᠯᠵᠤ ᠪᠣᠯᠬᠤ ᠥᠬᠡᠶ᠃              ᠫᠢᠩ ᠠᠨ ᠠᠮᠢ  ᠨᠠᠰᠤᠨ ᠤ ᠳᠠᠭᠠᠳᠬᠠᠯ ᠤᠨ ᠶᠡᠷᠦᠩᠬᠡᠶ ᠳᠠᠭᠠᠭᠠᠮᠠᠯ ᠤᠨ ᠲᠤᠰᠠᠯᠠᠭᠴᠢ ᠰᠦᠨ ᠬᠠᠨ ᠵᠢᠶᠧ ᠢᠯᠡᠷᠬᠡᠶᠢᠯᠡᠬᠦ ᠳᠡᠭᠡᠨ᠂ ᠺᠣᠮᠫᠠᠨᠢ ᠬᠦᠨᠳᠦ ᠡᠪᠡᠳᠴᠢᠨ ᠤ ᠰᠢᠨ᠎ᠡ‌ᠦᠢᠯᠡᠳᠬᠦᠨ  ᠭᠠᠷᠭᠠᠵᠤ᠂ ᠳᠠᠭᠠᠳᠬᠠᠯ ᠤᠨ ᠬᠠᠷᠢᠭᠤᠴᠠᠯᠭ᠎ᠠ ᠶᠢ ᠥᠷᠭᠡᠳᠬᠡᠨ᠂ ᠬᠡᠷᠡᠭᠯᠡᠭᠴᠢᠳ ᠤᠨ ᠵᠦᠷᠢᠶᠡᠴᠢᠯᠡᠭᠰᠡᠨ ᠪᠠᠲᠤᠯᠠᠭ᠎ᠠ ᠶᠢᠨ ᠬᠡᠷᠡᠭᠴᠡᠭᠡ ᠶᠢ ᠬᠠᠩᠭᠠᠬᠤ ᠪᠠᠷ  ᠪᠠᠶᠢᠨ᠎ᠠ᠃ ᠡᠭᠦᠨ ‍ᠤ‌ᠬᠠᠮᠲᠤ ᠬᠥᠭᠵᠢᠯᠲᠡ ᠶᠢᠨ ᠰᠡᠳᠬᠢᠮᠵᠢ ᠪᠠᠨ ᠬᠤᠪᠢᠷᠠᠭᠤᠯᠵᠤ᠂ ᠬᠡᠷᠡᠭᠯᠡᠭᠴᠢᠳ ᠤᠨ ᠡᠷᠡᠭᠦᠯ ᠮᠡᠨᠳᠦ ᠶᠢᠨ ᠬᠠᠮᠢᠶᠠᠷᠤᠯᠲᠠ᠂ ᠡᠷᠡᠭᠦᠯ ᠮᠡᠨᠳᠦ ᠶᠢᠨ ᠠᠶᠤᠯ ᠲᠦᠭᠰᠢᠭᠦᠷᠢ ᠳᠤ ᠭᠠᠷ ᠲᠦᠷᠦᠭᠦ ᠰᠡᠳᠬᠢᠮᠵᠢ ᠠᠴᠠ ᠰᠢᠨ᠎ᠡ ᠬᠥᠭᠵᠢᠯᠲᠡ ᠶᠢᠨ ᠠᠷᠭ᠎ᠠ ᠵᠠᠮ ᠢ ᠣᠯᠵᠤ᠂ ᠳᠠᠭᠠᠳᠬᠠᠯ ᠢ ᠵᠥᠪᠬᠡᠨ ᠠᠵᠤ ᠠᠬᠤᠶ ᠶᠢᠨ ᠲᠥᠯᠥᠪᠦᠷᠢ ᠳᠤ ᠯᠡ ᠬᠢᠵᠠᠭᠠᠷᠯᠠᠭᠳᠠᠬᠤ ᠪᠢᠰᠢ ᠪᠣᠯᠭᠠᠨ᠎ᠠ ᠭᠡᠵᠡᠶ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1