ᠮᠠᠨ ᠤ ᠣᠷᠤᠨ ᠳ᠋ᠣᠺᠲ᠋ᠣᠷᠠᠨᠲ ᠬᠥᠮᠦᠵᠢᠭᠦᠯᠬᠦ ᠨᠢᠭᠡᠴᠢ ᠨᠦᠭᠦᠳ ᠤᠨ ᠵᠢᠯᠣᠭᠤᠳᠣᠭᠴᠢ ᠪᠠᠭᠰᠢ ᠶᠢᠨ ᠠᠵᠢᠯ ᠤᠨ ᠪᠠᠶᠢᠷᠢ ᠶᠢᠨ ᠬᠠᠮᠢᠶᠠᠷᠤᠯᠲᠠ ᠶᠢ ᠴᠢᠩᠭᠠᠳᠬᠠᠬᠤ ᠪᠤᠢ
ᠨᠡᠶᠢᠲᠡᠯᠡᠭᠰᠡᠨ ᠴᠠᠭ᠄
2021/3/12
      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ︽ᠳ᠋ᠣᠺᠲ᠋ᠣᠷᠠᠨᠲ ᠤᠨ ᠵᠢᠯᠣᠭᠤᠳᠣᠭᠴᠢ ᠪᠠᠭᠰᠢ ᠶᠢᠨ ᠠᠵᠢᠯ ᠤᠨ ᠪᠠᠶᠢᠷᠢ ᠶᠢᠨ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠰᠤᠷᠭᠠᠨ ᠬᠥᠮᠦᠵᠢᠯ ᠤᠨ ᠶᠠᠮᠤᠨ ᠤ ᠰᠠᠨᠠᠯ ᠤᠳ︾ ︵ᠵᠢᠭᠠᠨ ᠰᠤᠳᠤᠯᠬᠤ ﹇2020﹈11 ᠳ᠋ᠦ᠋ᠭᠡᠷ ᠲᠣᠭᠠᠲᠤ᠂ ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠳ᠋ᠣᠺᠲ᠋ᠣᠷᠠᠨᠲ ᠬᠥᠮᠦᠵᠢᠭᠦᠯᠬᠦ ᠨᠢᠭᠡᠴᠢ ᠨᠦᠭᠦᠳ ᠲᠤ ᠤᠯᠠᠮᠵᠢᠯᠠᠨ ᠲᠠᠷᠬᠠᠭᠠᠪᠠ᠂ ᠲᠡᠷᠡᠴᠢᠯᠡᠨ ᠡᠯ᠎ᠡ ᠨᠢᠭᠡᠴᠢ ᠳ᠋ᠣᠺᠲ᠋ᠣᠷᠠᠨᠲ ᠤᠨ ᠵᠢᠯᠣᠭᠤᠳᠣᠭᠴᠢ ᠪᠠᠭᠰᠢ ᠶᠢᠨ ᠠᠵᠢᠯ ᠤᠨ ᠪᠠᠶᠢᠷᠢ ᠶᠢᠨ ᠬᠠᠮᠢᠶᠠᠷᠤᠯᠲᠠ ᠶᠢ ᠴᠢᠩᠭᠠᠳᠬᠠᠬᠤ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ︽ᠰᠠᠨᠠᠯ︾ ᠤᠨ ᠱᠠᠭᠠᠷᠳᠠᠯᠭ᠎ᠠ ᠶᠣᠰᠣᠭᠠᠷ᠂ ᠪᠥᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠪᠠ ᠪᠥᠬᠦ ᠤᠯᠤᠰ ᠤᠨ ᠰᠣᠳᠤᠯᠬᠤ ᠰᠤᠷᠤᠭᠴᠢ ᠶᠢᠨ ᠰᠤᠷᠭᠠᠨ ᠬᠥᠮᠦᠵᠢᠯ ᠤᠨ ᠬᠤᠷᠠᠯ ᠤᠨ ᠵᠣᠷᠢᠭ ᠰᠠᠨᠠᠭ᠎ᠠ ᠂ ᠰᠤᠷᠭᠠᠨ ᠬᠥᠮᠦᠵᠢᠯ ᠤᠨ ᠶᠠᠮᠤᠨ ᠤ ︽ᠰᠣᠳᠤᠯᠬᠤ ᠰᠤᠷᠤᠭᠴᠢ ᠶᠢᠨ ᠵᠢᠯᠣᠭᠤᠳᠣᠭᠴᠢ ᠪᠠᠭᠰᠢ ᠶᠢᠨ ᠵᠢᠯᠣᠭᠤᠳᠬᠤ ᠠᠵᠢᠯᠯᠠᠭ᠎ᠠ ᠶᠢᠨ ᠪᠠᠷᠢᠮᠵᠢᠶ᠎ᠠ︾ ︵ᠵᠢᠭᠠᠨ ᠰᠤᠳᠤᠯᠬᠤ ︹2020︺ 12 ᠳ᠋ᠤᠭᠠᠷ ᠲᠣᠭᠠᠲᠤ᠂ ᠳᠣᠷᠣᠭᠰᠢ ︽ᠪᠠᠷᠢᠮᠵᠢᠶ᠎ᠠ︾ ᠭᠡᠵᠦ ᠲᠣᠪᠴᠢᠯᠠᠨ᠎ᠠ︶ ᠲᠠᠢ ᠤᠶᠠᠯᠳᠤᠭᠤᠯᠤᠨ᠂ ᠲᠣᠰ ᠨᠢᠭᠡᠴᠢ ᠶᠢᠨ ᠢᠶᠠᠨ ᠳ᠋ᠣᠺᠲ᠋ᠣᠷᠠᠨᠲ ᠤᠨ ᠵᠢᠯᠣᠭᠤᠳᠣᠭᠴᠢ ᠪᠠᠭᠰᠢ ᠶᠢᠨ ᠠᠵᠢᠯ ᠤᠨ ᠪᠠᠶᠢᠷᠢ ᠶᠢᠨ ᠬᠠᠮᠢᠶᠠᠷᠤᠯᠲᠠ ᠶᠢᠨ ᠲᠦᠷᠢᠮ ᠤᠨ ᠪᠢᠴᠢᠭ ᠮᠠᠲ᠋ᠧᠷᠢᠶᠠᠯ ᠢ ᠲᠤᠭᠤᠷᠪᠢᠬᠤ ᠪᠤᠶᠤ ᠵᠠᠰᠠᠪᠤᠷᠢ ᠣᠷᠣᠭᠤᠯᠬᠤ ᠶᠢᠨ ᠬᠠᠮᠲᠤ᠂ 2021 ᠣᠨ ᠤ 8 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ᠂ ᠲᠦᠷᠢᠮ ᠤᠨ ᠪᠢᠴᠢᠭ ᠮᠠᠲ᠋ᠧᠷᠢᠶᠠᠯ ᠢᠶᠠᠨ ᠥᠪᠡᠷᠲᠡᠭᠡᠨ ᠵᠠᠰᠠᠬᠤ ᠣᠷᠣᠨ ᠤ ᠡᠷᠳᠡᠮ ᠤᠨ ᠴᠣᠯᠠ ᠶᠢᠨ ᠠᠯᠪᠠᠨ ᠬᠡᠷ ᠲᠤ ᠪᠦᠷᠢᠳᠬᠦᠯᠡᠨ ᠬᠦᠷᠭᠡᠬᠦ ᠬᠡᠷᠡᠭᠲᠡᠢ ᠭᠡᠵᠦ ᠱᠠᠭᠠᠷᠳᠠᠵᠠᠢ᠃      ᠣᠶᠢᠯᠠᠭᠠᠭᠰᠠᠨ ᠢᠶᠠᠷ᠂ ᠰᠤᠷᠭᠠᠨ ᠬᠥᠮᠦᠵᠢᠯ ᠤᠨ ᠶᠠᠮᠤᠨ ᠤ ᠨᠡᠶᠢᠲᠡᠯᠡᠭᠰᠡᠨ ︽ᠰᠠᠨᠠᠯ︾ ᠳᠤ᠂ ᠳ᠋ᠣᠺᠲ᠋ᠣᠷᠠᠨᠲ ᠤᠨ ᠵᠢᠯᠣᠭᠤᠳᠣᠭᠴᠢ ᠪᠠᠭᠰᠢ ᠪᠣᠯ ᠳ᠋ᠣᠺᠲ᠋ᠣᠷᠠᠨᠲ ᠢ ᠬᠥᠮᠦᠵᠢᠭᠦᠯᠬᠦ ᠬᠡᠷᠡᠭᠴᠡᠭᠡ ᠠᠴᠠ ᠪᠣᠯᠵᠣ ᠲᠣᠬᠢᠷᠠᠭᠤᠯᠤᠭᠰᠠᠨ ᠠᠵᠢᠯ ᠤᠨ ᠪᠠᠶᠢᠷᠢ ᠮᠥᠨ᠂ ᠬᠠᠷᠢᠨ ᠮᠡᠷᠭᠡᠵᠢᠯ ᠤᠨ ᠴᠣᠯᠠ ᠶᠢᠨ ᠰᠢᠰᠲ᠋ᠧᠮ ᠳᠠᠬᠢ ᠨᠢᠭᠡᠨ ᠲᠣᠭᠲᠠᠮᠠᠯ ᠲᠠᠰ ᠳᠠᠪᠬᠤᠷᠭ᠎ᠠ ᠪᠤᠶᠤ ᠢᠷᠠᠭᠤ ᠠᠯᠳᠠᠷ ᠤᠨ ᠴᠣᠯᠠ ᠪᠢᠰᠢ ᠶᠤᠮ᠃ ᠳ᠋ᠣᠺᠲ᠋ᠣᠷᠠᠨᠲ ᠤᠨ ᠵᠢᠯᠣᠭᠤᠳᠣᠭᠴᠢ ᠪᠠᠭᠰᠢ ᠶᠢᠨ ᠲᠡᠷᠢᠭᠦᠨ ᠴᠢᠬᠤᠯᠠ ᠡᠭᠦᠷᠭᠡ ᠪᠣᠯ ᠴᠢᠳᠠᠪᠤᠷᠢᠲᠠᠨ ᠬᠥᠮᠦᠵᠢᠭᠦᠯᠬᠦ ᠶᠠᠪᠤᠳᠠᠯ ᠮᠥᠨ᠂ ᠳ᠋ᠣᠺᠲ᠋ᠣᠷᠠᠨᠲ ᠲᠤ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ᠂ ᠡᠷᠳᠡᠮ ᠰᠢᠨᠵᠢᠯᠡᠭᠡᠨ ᠤ ᠵᠢᠷᠤᠮᠵᠢᠯ ᠤᠨ ᠪᠣᠯᠪᠠᠰᠤᠷᠠᠯ᠂ ᠰᠢᠨ᠎ᠡ ᠶᠢ ᠡᠭᠦᠳᠬᠦ ᠴᠢᠳᠠᠪᠤᠷᠢ ᠶᠢᠨ ᠬᠥᠮᠦᠵᠢᠯ ᠬᠢᠬᠦ ᠵᠡᠷᠭᠡ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠳᠠᠭ ᠪᠣᠯᠬᠤᠷ ᠰᠣᠳᠤᠯᠬᠤ ᠰᠤᠷᠤᠭᠴᠢ ᠶᠢᠨ ᠵᠢᠯᠣᠭᠤᠳᠣᠭᠴᠢ ᠪᠠᠭᠰᠢ ᠶᠢᠨ ᠵᠢᠯᠣᠭᠤᠳᠬᠤ ᠠᠵᠢᠯᠯᠠᠭᠠᠨ ᠤ ᠪᠠᠷᠢᠮᠵᠢᠶ᠎ᠠ ᠶᠢ ᠴᠢᠩᠭ᠎ᠠ ᠵᠢᠷᠤᠮᠯᠠᠬᠤ ᠬᠡᠷᠡᠭᠲᠡᠶ᠃ ᠡᠷᠳᠡᠮ ᠰᠢᠨᠵᠢᠯᠡᠭᠡᠨ ᠤ ᠬᠢᠷᠢ ᠲᠦᠪᠰᠢᠨ᠂ ᠬᠥᠮᠦᠨ ᠬᠥᠮᠦᠵᠢᠭᠦᠯᠬᠦ ᠴᠢᠳᠠᠪᠤᠷᠢ᠂ ᠵᠢᠯᠣᠭᠤᠳᠬᠤ ᠲᠤᠷᠰᠢᠯᠭ᠎ᠠ ᠪᠠ ᠬᠥᠮᠦᠵᠢᠭᠦᠯᠬᠦ ᠨᠥᠬᠦᠴᠡᠯ ᠵᠡᠷᠭᠡ ᠲᠠᠯ᠎ᠠ ᠪᠠᠷ ᠳ᠋ᠣᠺᠲ᠋ᠣᠷᠠᠨᠲ ᠤᠨ ᠵᠢᠯᠣᠭᠤᠳᠣᠭᠴᠢ ᠪᠠᠭᠰᠢ ᠶᠢ ᠰᠣᠩᠭᠤᠨ ᠤᠷᠢᠬᠤ ᠪᠠᠷᠢᠮᠵᠢᠶ᠎ᠠ ᠶᠢ ᠪᠥᠬᠦ ᠲᠠᠯ᠎ᠠ ᠪᠠᠷ ᠲᠣᠭᠲᠠᠭᠠᠵᠤ᠂ ᠳᠥᠭᠦᠮᠬᠡᠨ ᠢᠶᠠᠷ ᠥᠭᠦᠯᠡᠯ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠮᠥᠩᠭᠦ ᠶᠢ ᠯᠠ ᠴᠢᠬᠤᠯᠠᠴᠢᠯᠠᠬᠤ ᠪᠠᠷ ᠰᠣᠩᠭᠤᠨ ᠤᠷᠢᠬᠤ ᠨᠥᠬᠦᠴᠡᠯ ᠪᠣᠯᠭᠠᠨ ᠲᠣᠭᠲᠠᠭᠠᠬᠤ ᠠᠴᠠ ᠵᠠᠶᠢᠯᠠᠰᠬᠢᠬᠤ ᠬᠡᠷᠡᠭᠲᠡᠢ︔ ᠳ᠋ᠣᠺᠲ᠋ᠣᠷᠠᠨᠲ ᠤᠨ ᠵᠢᠯᠣᠭᠤᠳᠣᠭᠴᠢ ᠪᠠᠭᠰᠢ ᠶᠢ ᠰᠣᠩᠭᠤᠨ ᠤᠷᠢᠬᠤ ᠪᠦᠷᠢᠨ ᠲᠡᠭᠦᠯᠳᠡᠷ ᠠᠷᠭ᠎ᠠ ᠶᠢ ᠲᠣᠭᠲᠠᠭᠠᠵᠤ᠂ ᠲᠥᠪ ᠭᠤᠤᠯᠴᠢ ᠢᠯᠡ ᠲᠣᠳᠣ ᠪᠠᠶᠢᠬᠤ ᠶᠢ ᠪᠠᠷᠢᠮᠲᠠᠯᠠᠨ᠂ ᠰᠣᠩᠭᠤᠨ ᠤᠷᠢᠬᠤ ᠲᠠᠰ ᠳᠠᠷᠠᠭᠠᠯᠠᠯ ᠢ ᠦᠨᠡᠨ ᠬᠦ ᠭᠦᠢᠴᠡᠳᠬᠡᠵᠦ᠂ ᠰᠣᠷᠣᠭᠴᠢ ᠡᠯᠰᠡᠬᠦ ᠬᠢᠷᠢ ᠬᠡᠮ ᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠬᠠᠷᠭᠤᠭᠤᠯᠬᠤ ᠪᠠ ᠬᠥᠳᠡᠯᠦᠩᠭᠦᠶ ᠪᠠᠷ ᠳᠣᠭᠢᠷᠠᠭᠤᠯᠬᠤ ᠲᠦᠷᠢᠮ ᠢ ᠪᠠᠶᠢᠭᠤᠯᠵᠤ᠂ ᠳ᠋ᠣᠺᠲ᠋ᠣᠷᠠᠨᠲ ᠤᠨ ᠵᠢᠯᠣᠭᠤᠳᠣᠭᠴᠢ ᠪᠠᠭᠰᠢ ᠶᠢ ᠰᠣᠩᠭᠤᠨ ᠤᠷᠢᠬᠤ ᠶᠠᠰᠤ ᠴᠢᠨᠠᠷ ᠢ ᠦᠨᠡᠨ ᠬᠦ ᠪᠠᠲᠤᠯᠠᠬᠤ ᠬᠡᠷᠡᠭᠲᠡᠶ︔ ᠳᠡᠳ᠋ ᠳᠡᠭᠡᠳᠦ ᠵᠡᠷᠭᠡ ᠶᠢᠨ ᠪᠠ ᠲᠡᠭᠦᠨ ᠠᠴᠠ ᠳᠣᠷᠣᠭᠰᠢᠬᠢ ᠮᠡᠷᠭᠡᠵᠢᠯ ᠤᠨ ᠴᠣᠯᠠ ᠲᠠᠢ ᠪᠠᠭᠰᠢ ᠶᠢ ᠳ᠋ᠣᠺᠲ᠋ᠣᠷᠠᠨᠲ ᠤᠨ ᠵᠢᠯᠣᠭᠤᠳᠣᠭᠴᠢ ᠪᠠᠭᠰᠢ ᠪᠠᠷ ᠰᠣᠩᠭᠤᠨ ᠤᠷᠢᠬᠤ ᠶᠢ ᠴᠢᠩᠭ᠎ᠠ ᠬᠢᠵᠠᠭᠠᠷᠯᠠᠬᠤ ᠬᠡᠷᠡᠭᠲᠡᠶ ᠃ ᠳ᠋ᠣᠺᠲ᠋ᠣᠷᠠᠨᠲ ᠤᠨ ᠵᠢᠯᠣᠭᠤᠳᠣᠭᠴᠢ ᠪᠠᠭᠰᠢ ᠪᠡᠶ᠎ᠡ ᠪᠠᠨ ᠳᠠᠭᠠᠭᠠᠵᠤ ᠳ᠋ᠣᠺᠲ᠋ᠣᠷᠠᠨᠲ ᠢ ᠵᠢᠭᠠᠨ ᠵᠢᠯᠣᠭᠤᠳᠬᠤ ᠠᠴᠠ ᠡᠮᠦᠨ᠎ᠡ᠂ ᠶᠡᠷᠦ ᠳᠤ ᠪᠠᠨ ᠠᠰᠫᠢᠷᠠᠨᠲ ᠢ ᠵᠢᠭᠠᠨ ᠵᠢᠯᠣᠭᠤᠳᠤᠭᠰᠠᠨ ᠪᠤᠶᠤ ᠳ᠋ᠣᠺᠲ᠋ᠣᠷᠠᠨᠲ ᠢ ᠬᠠᠪᠰᠤᠷᠤᠨ ᠵᠢᠯᠣᠭᠤᠳᠤᠭᠰᠠᠨ ᠲᠤᠷᠰᠢᠯᠭ᠎ᠠ ᠲᠠᠢ ᠪᠠᠶᠢᠬᠤ ᠬᠡᠷᠡᠭᠲᠡᠶ᠃ ᠬᠥᠮᠦᠵᠢᠭᠦᠯᠬᠦ ᠨᠢᠭᠡᠴᠢ ᠨᠢ ᠵᠢᠯᠣᠭᠤᠳᠣᠭᠴᠢ ᠪᠠᠭᠰᠢ ᠢᠶᠠᠨ ᠰᠣᠯᠢᠬᠤ ᠠᠯᠬᠤᠮ ᠳᠠᠷᠠᠭᠠᠯᠠᠯ ᠢ ᠲᠣᠳᠣᠷᠬᠠᠶᠢᠯᠠᠵᠤ᠂ ᠬᠥᠳᠡᠯᠦᠩᠭᠦᠶ ᠪᠥᠭᠡᠳ ᠠᠮᠢᠳᠤᠯᠢᠭ ᠳᠣᠭᠢᠷᠠᠭᠤᠯᠬᠤ ᠠᠷᠭ᠎ᠠ ᠶᠢ ᠪᠣᠢ ᠪᠣᠯᠭᠠᠬᠤ ᠬᠡᠷᠡᠭᠲᠡᠶ᠃ ᠳ᠋ᠣᠺᠲ᠋ᠣᠷᠠᠨᠲ ᠤᠨ ᠰᠤᠷᠭᠠᠭᠤᠯᠢ ᠰᠢᠯᠵᠢᠬᠦ᠂ ᠮᠡᠷᠭᠡᠵᠢᠯ ᠢᠶᠠᠨ ᠰᠣᠯᠢᠬᠤ᠂ ᠰᠤᠳᠤᠯᠭᠠᠨ ᠤ ᠴᠢᠭᠯᠡᠯ ᠢᠶᠠᠨ ᠰᠣᠯᠢᠬᠤ᠂ ᠡᠰᠡᠬᠦᠯ᠎ᠡ ᠵᠢᠯᠣᠭᠤᠳᠣᠭᠴᠢ ᠪᠠᠭᠰᠢ ᠶᠢᠨ ᠡᠷᠡᠭᠦᠯ ᠮᠡᠨᠳᠦ ᠶᠢᠨ ᠰᠢᠯᠲᠠᠭᠠᠨ᠂ ᠠᠵᠢᠯ ᠰᠢᠯᠵᠢᠬᠦ ᠵᠡᠷᠭᠡ ᠪᠠᠶᠢᠳᠠᠯ ᠳᠤ᠂ ᠰᠣᠳᠤᠯᠬᠤ ᠰᠤᠷᠤᠭᠴᠢ ᠪᠠ ᠵᠢᠯᠣᠭᠤᠳᠣᠭᠴᠢ ᠪᠠᠭᠰᠢ ᠴᠥᠮ ᠵᠢᠯᠣᠭᠤᠳᠣᠭᠴᠢ ᠪᠠᠭᠰᠢ ᠰᠣᠯᠢᠬᠤ ᠪᠠᠷ ᠭᠤᠶᠤᠴᠢᠯᠠᠵᠤ ᠪᠣᠯᠤᠨ᠎ᠠ᠃ ᠪᠠᠭᠰᠢ ᠪᠠ ᠰᠤᠷᠤᠭᠴᠢ ᠵᠥᠷᠢᠴᠡᠯ ᠭᠠᠷᠤᠭᠰᠠᠨ ᠪᠤᠶᠤ ᠰᠠᠶᠢᠨ ᠰᠠᠶᠢᠬᠠᠨ ᠪᠠᠭᠰᠢ ᠰᠤᠷᠤᠭᠴᠢ ᠶᠢᠨ ᠬᠠᠷᠢᠴᠠᠭ᠎ᠠ ᠶᠢ ᠪᠠᠲᠤᠯᠠᠬᠤ ᠳᠤ ᠠᠰᠢᠭ ᠥᠬᠡᠶ ᠪᠤᠰᠤᠳ ᠪᠠᠶᠢᠳᠠᠯ ᠳᠤ᠂ ᠬᠥᠮᠦᠵᠢᠭᠦᠯᠬᠦ ᠨᠢᠭᠡᠴᠢ ᠨᠢ ᠪᠠᠭᠰᠢ ᠰᠤᠷᠤᠭᠴᠢ ᠶᠢᠨ ᠬᠤᠶᠠᠷ ᠲᠠᠯ᠎ᠠ ᠶᠢᠨ ᠡᠷᠬᠡ ᠠᠰᠢᠭ ᠢ ᠬᠠᠮᠠᠭᠠᠯᠠᠬᠤ ᠵᠠᠷᠴᠢᠮ ᠶᠣᠰᠣᠭᠠᠷ ᠴᠠᠭ ᠲᠤᠬᠠᠶ ᠳᠤ ᠨᠢ ᠡᠶᠡᠳᠡᠭᠦᠯᠵᠦ᠂ ᠴᠢᠬᠤᠯᠠ ᠲᠠᠢ ᠦᠶ᠎ᠡ ᠳᠤ ᠵᠢᠯᠤᠭᠤᠳᠴᠤ ᠵᠢᠯᠤᠭᠤᠳᠤᠭᠤᠯᠬᠤ ᠬᠠᠷᠢᠴᠠᠭ᠎ᠠ ᠶᠢ ᠨᠢ ᠬᠦᠴᠦᠨ ᠥᠬᠡᠶ ᠪᠣᠯᠭᠠᠵᠤ᠂ ᠰᠢᠨ᠎ᠡ ᠪᠠᠷ ᠵᠢᠯᠣᠭᠤᠳᠣᠭᠴᠢ ᠪᠠᠭᠰᠢ ᠲᠣᠬᠢᠷᠠᠭᠤᠯᠬᠤ ᠬᠡᠷᠡᠭᠲᠡᠢ᠃ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠠᠨ ᠪᠦᠲᠦᠮᠵᠢᠲᠡᠶ ᠭᠦᠢᠴᠡᠳᠬᠡᠵᠦ ᠴᠢᠳᠠᠭᠰᠠᠨ ᠥᠬᠡᠶ᠂ ᠳ᠋ᠣᠺᠲ᠋ᠣᠷᠠᠨᠲ ᠤᠨ ᠰᠣᠷᠣᠭᠴᠢ ᠡᠯᠰᠡᠬᠦ᠂ ᠬᠥᠮᠦᠵᠢᠭᠦᠯᠬᠦ᠂ ᠡᠷᠳᠡᠮ ᠤᠨ ᠴᠣᠯᠠ ᠣᠯᠭᠤᠬᠤ ᠵᠡᠷᠭᠡ ᠲᠠᠯ᠎ᠠ ᠪᠠᠷ ᠬᠦᠨᠳᠦ ᠨᠣᠴᠢᠲᠠᠶ ᠠᠰᠠᠭᠤᠳᠠᠯ ᠭᠠᠷᠭᠠᠭᠰᠠᠨ ᠵᠢᠯᠣᠭᠤᠳᠣᠭᠴᠢ ᠪᠠᠭᠰᠢ ᠶᠢ᠂ ᠬᠥᠮᠦᠵᠢᠭᠦᠯᠬᠦ ᠨᠢᠭᠡᠴᠢ ᠪᠠᠶᠢᠳᠠᠯ ᠢ ᠨᠢ ᠦᠵᠡᠵᠦ ᠪᠠᠶᠢᠭᠠᠳ ᠪᠣᠯᠵᠣᠨ ᠶᠠᠷᠢᠯᠴᠠᠬᠤ᠂ ᠰᠣᠷᠣᠭᠴᠢ ᠡᠯᠰᠡᠬᠦ ᠶᠢ ᠨᠢ ᠬᠢᠵᠠᠭᠠᠷᠯᠠᠬᠤ᠂ ᠰᠣᠷᠣᠭᠴᠢ ᠡᠯᠰᠡᠬᠦ ᠶᠢ ᠨᠢ ᠵᠣᠭᠰᠣᠭᠠᠬᠤ᠂ ᠵᠢᠯᠣᠭᠤᠳᠣᠭᠴᠢ ᠪᠠᠭᠰᠢ ᠶᠢᠨ ᠠᠵᠢᠯ ᠤᠨ ᠪᠠᠶᠢᠷᠢ ᠠᠴᠠ ᠨᠢ ᠪᠠᠭᠤᠯᠭᠠᠬᠤ ᠵᠡᠷᠭᠡ ᠠᠷᠭ᠎ᠠ ᠬᠡᠮᠵᠢᠶ᠎ᠡ ᠠᠪᠬᠤ ᠬᠡᠷᠡᠭᠲᠡᠶ᠃ ᠪᠠᠭᠰᠢ ᠶᠢᠨ ᠶᠣᠰᠣ ᠮᠣᠷᠠᠯ ᠤᠨ ᠵᠢᠷᠤᠮᠵᠢᠯ ᠢᠶᠠᠨ ᠠᠯᠳᠠᠭᠰᠠᠳ ᠪᠠ ᠬᠠᠤᠯᠢ ᠶᠢ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠭᠰᠡᠳ ᠢ ᠴᠢᠩᠭ᠎ᠠ ᠰᠢᠳᠭᠡᠬᠦ ᠶᠢᠨ ᠬᠠᠮᠲᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠲᠤᠯᠭᠠᠬᠤ ᠬᠡᠷᠡᠭᠲᠡᠢ᠃ ᠵᠢᠯᠣᠭᠤᠳᠣᠭᠴᠢ ᠪᠠᠭᠰᠢ ᠨᠢ ᠵᠢᠯᠣᠭᠤᠳᠬᠤ ᠠᠵᠢᠯ ᠤᠨ ᠪᠠᠶᠢᠷᠢ ᠠᠴᠠ ᠪᠠᠨ ᠪᠠᠭᠤᠭᠰᠠᠨ ᠳᠤ ᠬᠤᠯᠪᠤᠭᠳᠠᠬᠤ ᠳ᠋ᠣᠺᠲ᠋ᠣᠷᠠᠨᠲ ᠢ ᠲᠣᠬᠢᠲᠠᠶ ᠳᠣᠭᠢᠷᠠᠭᠤᠯᠵᠤ᠂ ᠬᠤᠶᠢᠰᠢᠳᠠ ᠶᠢᠨ ᠬᠥᠮᠦᠵᠢᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠲᠣᠳᠤᠷᠬᠠᠶᠢᠯᠠᠭᠰᠠᠨ ᠪᠠᠶᠢᠳᠠᠭ᠃      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠱᠠᠭᠠᠷᠳᠠᠬᠤ ᠳᠤ ᠪᠠᠨ᠂ ᠳ᠋ᠣᠺᠲ᠋ᠣᠷᠠᠨᠲ ᠤᠨ ᠰᠣᠳᠤᠯᠬᠤ ᠰᠤᠷᠤᠭᠴᠢ ᠬᠥᠮᠦᠵᠢᠭᠦᠯᠬᠦ ᠨᠢᠭᠡᠴᠢ ᠨᠦᠭᠦᠳ ᠳ᠋ᠣᠺᠲ᠋ᠣᠷᠠᠨᠲ ᠤᠨ ᠵᠢᠯᠣᠭᠤᠳᠣᠭᠴᠢ ᠪᠠᠭᠰᠢ ᠪᠠ ᠬᠠᠮᠢᠶ᠎ᠠ ᠪᠥᠬᠦᠶ ᠬᠠᠮᠢᠶᠠᠷᠤᠯᠲᠠ ᠶᠢᠨ ᠠᠵᠢᠯᠲᠠᠳ ᠢ ᠲᠤᠰᠬᠠᠶᠢᠯᠠᠨ ᠵᠣᠬᠢᠶᠠᠨ ᠪᠠᠶᠢᠭᠤᠯᠤᠨ ︽ᠰᠠᠨᠠᠯ︾ ︽ᠪᠠᠷᠢᠮᠵᠢᠶ᠎ᠠ︾ ᠪᠠ ᠲᠣᠭᠲᠠᠭᠠᠭᠰᠠᠨ ᠬᠠᠮᠢᠶᠠᠷᠤᠯᠲᠠ ᠶᠢᠨ ᠲᠦᠷᠢᠮ ᠤᠨ ᠪᠢᠴᠢᠭ ᠮᠠᠲ᠋ᠧᠷᠢᠶᠠᠯ ᠢ ᠰᠤᠷᠤᠯᠴᠠᠭᠤᠯᠵᠤ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠠ ᠱᠠᠭᠠᠷᠳᠠᠯᠭ᠎ᠠ ᠶᠢ ᠦᠨᠡᠨ ᠬᠦ ᠣᠶᠢᠯᠠᠭᠠᠭᠤᠯᠤᠨ᠂ ᠲᠡᠷᠢᠭᠦᠨ ᠲᠠᠰ ᠤᠨ ᠳ᠋ᠣᠺᠲ᠋ᠣᠷᠠᠨᠲ ᠤᠨ ᠵᠢᠯᠣᠭᠤᠳᠣᠭᠴᠢ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠦᠨᠡᠨᠬᠦ ᠠᠬᠢᠭᠤᠯᠵᠤ᠂ ᠳ᠋ᠣᠺᠲ᠋ᠣᠷᠠᠨᠲ ᠢ ᠬᠥᠮᠦᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ ᠭᠡᠵᠡᠢ᠃
 
ᠢᠷᠡᠯᠲᠡ᠄ ᠦᠪᠤᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1