ᠬᠢᠵᠢᠭ ᠤᠨ ᠬᠤᠭᠤᠴᠠᠭᠠᠨ ᠳᠤ ᠶᠠᠭᠤ ᠶᠢ ᠠᠩᠬᠠᠷᠪᠠᠯ ᠵᠤᠬᠢᠬᠤ ᠪᠤᠢ
ᠨᠡᠶᠢᠲᠡᠯᠡᠭᠰᠡᠨ ᠴᠠᠭ᠄
2021/3/15
      2021 ᠤᠨ ᠤ 1 ᠰᠠᠷ᠎ᠠ ᠶᠢᠨ 13 ᠤ ᠡᠲᠦᠷ ᠪᠤᠯᠲᠠᠯ᠎ᠠ᠂  ᠤᠯᠤᠰ ᠤᠨ ᠲᠤᠲᠤᠭᠠᠲᠦ ᠶᠢᠨ  ᠲᠤᠮᠲᠠ  ᠦᠨᠲᠦᠷ ᠲᠦᠭᠰᠢᠬᠦᠷᠢ ᠲᠠᠢ  ᠭᠠᠵᠠᠷ  ᠤᠷᠤᠨ  ᠨᠢᠬᠡᠨᠳᠡ  85  ᠪᠤᠯᠵᠦ  ᠨᠡᠮᠡᠭᠳᠡᠨ᠂  ᠬᠢᠵᠢᠭ ᠢ ᠰᠡᠷᠭᠡᠶᠢᠯᠡᠬᠦ ᠠᠵᠢᠯ ᠢ   ᠲᠦᠪᠡᠭ‌‍ᠪᠤᠲᠤᠯᠢᠶᠠᠨ ᠲᠠᠢ ᠪᠤᠯᠭᠠᠵᠠᠢ᠃ ᠬᠢᠵᠢᠭ ᠤᠨ ᠬᠤᠭᠤᠴᠠᠭᠠᠨ ᠳᠤ ᠪᠢᠳᠡ  ᠴᠤᠬᠤᠮ ᠶᠠᠭᠤ ᠶᠢ ᠠᠩᠬᠠᠷᠪᠠᠯ  ᠵᠤᠬᠢᠬᠤ  ᠪᠢᠯᠡ︖ ᠲᠤᠤᠷ᠎ᠠ 10 ᠵᠦᠢᠯ ᠢ ᠰᠠᠨᠠᠭᠤᠯᠤᠶ᠎ᠠ᠄              1᠂ ᠲᠦᠭᠰᠢᠬᠦᠷᠢ ᠶᠢ ᠤᠮᠲᠤᠭᠠᠶᠢᠯᠠᠵᠦ ᠪᠤᠯᠬᠤ ᠦᠬᠡᠢ᠂ ᠡᠲᠦᠷ ᠬᠦᠢᠳᠡᠷᠡᠭᠰᠡᠨ ᠨᠢ ᠸᠢᠷᠦ᠋ᠰ ᠤᠨ  ᠦᠷᠡᠵᠢᠬᠦ ᠳ᠋ᠤ᠋‌‍ᠲ᠋ᠤᠬᠢᠷᠠᠬᠰᠠᠨ  ᠪᠤᠯᠬᠤᠷ  ᠬᠠᠯᠲᠠᠪᠦᠷᠢᠯᠠᠬᠲᠠᠬᠤ  ᠠᠶᠤᠯ  ᠴᠦ ᠲᠠᠭᠠᠯᠲᠤᠭᠠᠳ ᠨᠡᠮᠡᠭᠳᠡᠵᠦ   ᠪᠤᠢ᠂ ᠰᠤᠨᠤᠷ   ᠰᠡᠷᠡᠮᠵᠢ ᠪᠠᠨ ᠲᠡᠭᠡᠭᠰᠢᠯᠡᠬᠦᠯᠪᠡᠯ ᠵᠤᠬᠢᠨ᠎ᠠ᠃              2᠂ ᠬᠤᠪᠢ ᠪᠡᠶ᠎ᠡ ᠪᠠ ᠭᠡᠷ ᠤᠨ ᠬᠦᠮᠦᠰ ᠤᠨ ᠢᠶᠠᠨ ᠭᠠᠲᠠᠭᠠᠲᠦ ᠠᠴᠠ ᠪᠤᠶᠤ ᠬᠢᠵᠢᠭ ᠤᠨ ᠡᠬᠦᠰᠦᠯ ᠤᠨ ᠤᠷᠤᠨ ᠠᠴᠠ ᠪᠤᠴᠠᠵᠦ ᠢᠷᠡᠭᠰᠡᠨ ᠰᠤᠷᠠᠭ ᠢ ᠨᠢᠭᠤᠵᠦ  ᠪᠤᠯᠬᠤ  ᠦᠬᠡᠢ᠂ ᠰᠠᠨᠠᠭᠠᠴᠢᠯᠠᠭ᠎ᠠ ᠠᠴᠠ ᠪᠠᠨ ᠨᠡᠶᠢᠬᠡᠮ ᠲᠤᠭᠤᠷᠢᠭ︵ᠭᠠᠴᠠᠭ᠎ᠠ‌‍ᠲ᠋ᠤᠰᠬᠤᠨ︶ ᠲᠤ ᠪᠦᠷᠢᠳᠭᠡᠯᠭᠡᠨ᠂ ᠬᠢᠵᠢᠭ ᠠᠴᠠ ᠰᠡᠷᠭᠡᠶᠢᠯᠡᠨ ᠬᠢᠵᠢᠭ ᠢ ᠡᠵᠡᠮᠳᠡᠬᠦ  ᠪᠦᠲᠦᠮᠵᠢᠳᠡᠢ ᠠᠷᠭ᠎ᠠ ᠬᠡᠮᠵᠢᠶ᠎ᠡ  ᠠᠪᠤᠪᠠᠯ ᠵᠤᠬᠢᠨ᠎ᠠ᠃              3᠂ ᠤᠯᠠᠨ ᠲᠦᠮᠡᠨᠴᠢ ᠠᠵᠢᠯᠯᠠᠭ᠎ᠠ ᠶᠢ  ᠵᠤᠬᠢᠶᠠᠨ  ᠪᠠᠶᠢᠭᠤᠯᠵᠤ  ᠪᠤᠯᠬᠤ ᠦᠬᠡᠢ᠂ ᠪᠤᠯᠭᠤᠭᠠᠨ ᠲᠤᠬᠤᠨᠢᠭᠤᠯᠬᠤ᠂ ᠦᠳᠡᠰᠢᠯᠡᠭᠡ ᠴᠤᠭᠯᠠᠭᠠᠨ ᠡᠷᠬᠢᠯᠡᠬᠦ᠂ ᠬᠤᠭᠤᠯᠠᠯᠠᠨ ᠨᠠᠶᠢᠷᠯᠠᠬᠤ᠂ ᠰᠦᠮ᠎ᠡ ᠶᠢᠨ ᠬᠤᠷᠠᠯ ᠳᠤ ᠤᠷᠤᠯᠴᠠᠬᠤ ᠡᠰᠡᠬᠦᠯ᠎ᠡ ᠰᠢᠨ᠎ᠡ ᠵᠢᠯ ᠤᠨ ᠴᠤᠭᠯᠠᠭᠠᠨ ᠵᠡᠷᠭᠡ ᠶᠢ ᠵᠤᠬᠢᠶᠠᠨ ᠪᠠᠶᠢᠭᠤᠯᠵᠤ ᠪᠤᠯᠬᠤ ᠦᠬᠡᠢ᠃ ᠡᠷᠬᠡᠪᠰᠢ  ᠵᠤᠬᠢᠶᠠᠨ  ᠪᠠᠶᠢᠭᠤᠯᠬᠤ  ᠴᠢᠬᠤᠯᠠᠳᠠᠢ ᠪᠤᠯ ᠲᠡᠭᠡᠭᠰᠢ ᠮᠡᠳᠡᠬᠦᠯᠬᠦ ᠭᠡᠷᠡᠭᠳᠡᠢ᠃              4᠂ ᠡᠪᠡᠳᠴᠢᠯᠡᠭᠰᠡᠨ ᠪᠠᠶᠢᠳᠠᠯ ᠲᠤᠤᠷ᠎ᠠ ᠪᠡᠶ᠎ᠡ ᠪᠠᠨ ᠠᠯᠪᠠᠲᠠᠵᠦ ᠠᠵᠢᠯᠯᠠᠵᠦ ᠰᠤᠷᠤᠯᠴᠠᠬᠤ᠂ ᠵᠢᠭᠤᠯᠴᠢᠯᠠᠬᠤ᠂ᠴᠤᠭᠯᠠᠭᠠᠨ ᠳᠤ ᠤᠷᠤᠯᠴᠠᠬᠤ ᠵᠡᠷᠭᠡ ᠶᠢ ᠲᠡᠪᠴᠢᠪᠡᠯ ᠵᠤᠬᠢᠨ᠎ᠠ᠃ ᠭᠡᠷᠪᠡ ᠠᠮᠢᠰᠬᠤᠯ ᠤᠨ  ᠵᠠᠮ ᠤᠨ ᠡᠪᠡᠳᠴᠢᠨ ᠤ ᠢᠯᠡᠷᠡᠯ‌ᠡᠬᠦᠰᠬᠦ᠂ ᠤᠨᠴᠠᠭᠠᠶᠢᠯᠠᠨ ᠬᠠᠯᠠᠭᠤᠷᠠᠬᠤ᠂ ᠬᠠᠨᠢᠶᠠᠬᠤ᠂ ᠠᠮᠢᠰᠬᠤᠯ ᠪᠠᠴᠢᠮᠲᠠᠬᠤ ᠵᠡᠷᠭᠡ ᠪᠠᠶᠢᠲᠠᠯ ᠢᠯᠡᠷᠡᠪᠡᠯ ᠴᠠᠭ ᠲᠤᠬᠠᠢ ᠳᠤᠨᠢ ᠨᠡᠶᠢᠬᠡᠮ ᠲᠤᠭᠤᠷᠢᠭ︵ᠭᠠᠴᠠᠭ᠎ᠠ ᠲᠤᠰᠬᠤᠨ︶ ᠲᠠᠭᠠᠨ ᠮᠡᠳᠡᠬᠦᠯᠵᠦ᠂ ᠬᠤᠪᠢ ᠬᠦᠮᠦᠨ ᠤ ᠬᠠᠮᠠᠭᠠᠯᠠᠯᠲᠠ ᠰᠡᠷᠭᠡᠶᠢᠯᠡᠯᠳᠡ ᠪᠠᠨ‌‍ᠰᠠᠶᠢᠲᠦᠷ ᠬᠢᠬᠦ ᠶᠢᠨ ᠬᠠᠮᠳᠤ ᠡᠮᠨᠡᠯᠭᠡ ᠳᠤ ᠬᠦᠷᠴᠦ ᠡᠮᠨᠡᠬᠦᠯᠬᠦ ᠭᠡᠷᠡᠭᠳᠡᠢ᠃              5᠂ ᠲᠦᠬᠦᠬᠡᠢ ᠢᠳᠡᠭᠡᠨ᠂ ᠬᠦᠯᠳᠡᠭᠡᠭᠰᠡᠨ ᠢᠳᠡᠭᠡᠨ ᠵᠡᠷᠭᠡ ᠶᠢ ᠢᠳᠡᠬᠦ ᠦᠭᠡᠢ ᠪᠠᠶᠢᠬᠤ᠃ ᠬᠦᠯᠳᠡᠭᠡᠭᠰᠡᠨ  ᠢᠳᠡᠭᠡᠨ ᠢ ᠬᠤᠲᠠᠯᠲᠤᠨ ᠠᠪᠬᠤ ᠳᠠᠭᠠᠨ ᠡᠷᠭᠡᠪᠰᠢ ᠠᠮᠠᠪᠴᠢ ᠪᠠ ᠨᠢᠬᠡ ᠯᠠ ᠤᠲᠠᠭ᠎ᠠ ᠭᠡᠷᠡᠭᠯᠡᠬᠦ ᠪᠡᠭᠡᠯᠠᠢ ᠵᠡᠬᠦᠵᠦ᠂ ᠢᠳᠡᠭᠡᠨ ᠲᠠᠢ ᠰᠢᠭᠤᠳ ᠬᠦᠷᠦᠯᠴᠡᠬᠦ ᠦᠬᠡᠢ ᠪᠠᠶᠢᠪᠠᠯ ᠵᠤᠬᠢᠨ᠎ᠠ᠃              6᠂ ᠦᠨᠲᠦᠷ ᠲᠦᠭᠰᠢᠬᠦᠷᠢ ᠲᠠᠢ ᠤᠯᠤᠰ ᠪᠤᠶᠤ ᠭᠠᠵᠠᠷ ᠤᠷᠤᠨ ᠠᠴᠠ  ᠰᠦᠯᠵᠢᠶᠡᠨ  ᠪᠦᠲᠦᠭᠡᠭᠳᠡᠬᠦᠨ ᠬᠤᠲᠠᠯᠲᠤᠨ‌ᠠᠪᠬᠤ ᠦᠭᠡᠢ ᠪᠠᠶᠢᠬᠤ᠃ ᠪᠤᠭᠤᠲᠠᠯ ᠪᠠᠭᠯᠠᠭ᠎ᠠ ᠪᠠ ᠪᠠᠷᠠᠭ᠎ᠠ ᠲᠠᠸᠠᠷ ᠢ 75% ᠶᠢᠨ ᠰᠫᠢᠷᠲ ᠢᠶᠠᠷ ᠠᠷᠢᠭᠤᠳᠬᠠᠨ᠎ᠠ᠂ ᠭᠠᠷ ᠵᠶ᠋ᠠᠨ‌ᠠᠮᠠ᠂ ᠬᠠᠮᠠᠷ᠂ ᠨᠢᠲᠦ ᠵᠡᠷᠭᠡ ᠲᠠᠢ ᠪᠠᠨ ᠬᠦᠷᠦᠯᠴᠡᠬᠦᠯᠬᠦ ᠦᠭᠡᠢ ᠪᠠᠶᠢᠵᠤ᠂ ᠲᠠᠷᠦ᠋ᠢᠬᠠᠨ ᠤᠬᠢᠶᠠᠵᠦ ᠠᠷᠢᠭᠤᠳᠬᠠᠬᠤ ᠭᠡᠷᠡᠭᠳᠡᠢ᠃              7᠂ ᠠᠮᠠᠪᠴᠢ ᠵᠡᠬᠦᠭᠰᠡᠨ ᠦᠬᠡᠢ ᠪᠠᠶᠢᠲᠠᠯ ᠲᠤᠤᠷ᠎ᠠ ᠬᠤᠲᠠᠯᠲᠤᠭ᠎ᠠ ᠲᠡᠯᠭᠡᠬᠦᠷ᠂ ᠨᠤᠭᠤᠭ᠎ᠠ ᠶᠢᠨ ᠵᠠᠬ᠎ᠠ᠂ ᠤᠯᠠᠨ‌ᠨᠡᠶᠢᠳᠡ ᠶᠢᠨ ᠭᠠᠵᠠᠷ ᠲᠤ ᠤᠴᠢᠬᠤ ᠦᠬᠡᠢ᠂ ᠨᠡᠶᠢᠳᠡ ᠶᠢᠨ ᠮᠠᠰᠢᠨ ᠳᠤ ᠰᠠᠭᠤᠬᠤ ᠦᠬᠡᠢ ᠪᠠᠶᠢᠪᠠᠯ ᠵᠤᠬᠢᠨ᠎ᠠ᠃ ᠠᠮᠠᠪᠴᠢ ᠡᠰᠡ ᠵᠡᠬᠦᠭᠰᠡᠳ ᠢ ᠤᠯᠠᠨ ᠨᠡᠶᠢᠳᠡ ᠶᠢᠨ ᠲᠠᠯᠠᠪᠤᠷ ᠲᠤ ᠤᠷᠤᠭᠤᠯᠵᠤ ᠪᠤᠯᠬᠤ ᠦᠬᠡᠢ᠃              8᠂ ᠭᠡᠷᠡᠭᠯᠡᠵᠦ ᠦᠩᠭᠡᠷᠡᠭᠰᠡᠨ ᠠᠮᠠᠪᠴᠢ ᠪᠠᠨ ᠲᠤᠷ᠎ᠠ ᠪᠠᠷ ᠢᠶᠠᠨ ᠬᠠᠶᠠᠵᠦ ᠪᠤᠯᠬᠤ ᠦᠬᠡᠢ᠂ ᠰᠢᠨᠵᠢᠯᠡᠬᠦ‌ᠤᠬᠠᠭᠠᠨᠴᠢ ᠪᠠᠷ ᠰᠢᠢᠳᠪᠦᠷᠢᠯᠡᠵᠦ᠂ ᠬᠤᠤᠷᠲᠦ ᠬᠤᠭ ᠨᠤᠪᠰᠢ ᠶᠢ ᠰᠢᠢᠳᠪᠦᠷᠢᠯᠡᠳᠡᠭ ᠬᠤᠭ ᠤᠨ ᠰᠠᠪᠠᠨ ᠳᠤ ᠬᠠᠶᠠᠬᠤ ᠭᠡᠷᠡᠭᠳᠡᠢ᠃              9᠂ ᠪᠤᠰᠤᠳ ᠬᠦᠮᠦᠨ ᠤ ᠬᠤᠪᠢ ᠶᠢᠨ ᠨᠢᠭᠤᠴᠠ ᠶᠢ ᠲᠤᠷ᠎ᠠ ᠪᠠᠷ ᠢᠶᠠᠨ  ᠵᠠᠲᠠᠷᠠᠭᠤᠯᠵᠦ ᠪᠤᠯᠬᠤ ᠦᠬᠡᠢ᠃ ᠡᠷᠭᠡ‌‍ᠰᠦ᠋ᠷᠲᠦ ᠮᠡᠳᠡᠭᠡ ᠵᠠᠩᠬᠢ ᠶᠢᠨ ᠨᠡᠶᠢᠳᠡᠯᠡᠯ ᠢ ᠤᠯᠬᠤ ᠠᠴᠠ ᠡᠮᠦᠨ᠎ᠡ ᠴᠤᠤᠷᠬᠠᠯ ᠲᠠᠷᠬᠠᠭᠠᠵᠦ ᠪᠤᠯᠬᠤ ᠦᠬᠡᠢ᠂ ᠴᠤᠤᠷᠬᠠᠯ ᠢ ᠢᠳᠡᠭᠡᠵᠦ ᠪᠤᠯᠬᠤ ᠦᠬᠡᠢ᠂ ᠲᠤᠷ᠎ᠠ ᠪᠠᠷ ᠮᠡᠳᠡᠭᠡ ᠵᠠᠩᠬᠢ ᠲᠠᠮᠵᠢᠭᠤᠯᠤᠨ ᠲᠠᠷᠬᠠᠭᠠᠵᠦ ᠪᠤᠯᠬᠤ ᠦᠬᠡᠢ᠃              10᠂ ᠬᠢᠵᠢᠭ ᠢ ᠰᠡᠷᠭᠡᠶᠢᠯᠡᠵᠦ ᠬᠢᠵᠢᠭ ᠢ ᠡᠵᠡᠮᠳᠡᠬᠦ  ᠠᠵᠢᠯ ᠢ ᠬᠠᠷᠰᠢᠯᠠᠵᠦ᠂ ᠰᠠᠮᠠᠭᠤᠷᠠᠭᠤᠯᠵᠦ ᠪᠤᠯᠬᠤ ᠦᠬᠡᠢ᠂ ᠬᠢᠵᠢᠭ ᠢ ᠰᠡᠷᠭᠡᠶᠢᠯᠡᠵᠦ ᠬᠢᠵᠢᠭ ᠢ ᠡᠵᠡᠮᠳᠡᠬᠦ ᠲᠤᠭᠲᠠᠭᠠᠯ ᠢ ᠴᠢᠩᠭ᠎ᠠ ᠵᠢᠷᠤᠮᠯᠠᠪᠠᠯ ᠵᠤᠬᠢᠨ᠎ᠠ᠃ ᠠᠷᠠᠳ ᠤᠨ ᠰᠦᠯᠵᠢᠶ᠎ᠡ   ᠲᠤᠷᠤᠨ᠎ᠠ
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1