2021 ᠣᠨ ᠳᠤ ᠪᠥᠬᠦ ᠰᠢᠶᠠᠨ ᠤ ᠲᠣᠰᠬᠤᠨ᠂ ᠨᠡᠶᠢᠭᠡᠮ ᠲᠣᠭᠤᠷᠢᠭ ᠤᠨ ᠺᠠᠳ᠋ᠷᠴᠤᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠪᠣᠯᠪᠠᠰᠤᠷᠠᠯ ᠤᠨ ᠠᠩᠭᠢ ᠡᠬᠢᠯᠡᠪᠡ
ᠨᠡᠶᠢᠲᠡᠯᠡᠭᠰᠡᠨ ᠴᠠᠭ᠄
2021/3/15
      ᠰᠢᠨ᠎ᠡ ᠨᠢᠭᠡ ᠬᠤᠭᠤᠴᠠᠭᠠᠨ ᠤ ᠲᠣᠰᠬᠤᠨ᠂ ᠨᠡᠶᠢᠭᠡᠮ ᠲᠣᠭᠤᠷᠢᠭ ᠤᠨ ᠺᠠᠳ᠋ᠷ ᠤᠨ ᠶᠡᠷᠦᠩᠬᠡᠢ ᠬᠡᠪ ᠴᠢᠨᠠᠷ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠣᠯᠤᠨ ᠠᠵᠢᠯ ᠤᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ᠦᠨᠳᠦᠰᠦᠨ ᠱᠠᠲᠤᠨ ᠳᠤ ᠦᠢᠯᠡᠴᠢᠯᠡᠬᠦ᠂ ᠤᠯᠠᠨ ᠲᠦᠮᠡᠨ ᠳᠤ ᠦᠢᠯᠡᠴᠢᠯᠡᠬᠦ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ 3 ᠳ᠋ᠤᠭᠠᠷ ᠰᠠᠷ᠎ᠠ ᠶᠢᠨ 12 ᠤᠨ ᠡᠳᠦᠷ᠂ ᠬᠤᠶᠠᠷ ᠡᠳᠦᠷ ᠤᠨ ᠬᠤᠭᠤᠴᠠᠭ᠎ᠠ ᠲᠠᠢ ᠪᠦᠬᠦ ᠰᠢᠶᠠᠨ ᠤ ᠰᠢᠨ᠎ᠡ ᠨᠢᠭᠡ ᠬᠤᠭᠤᠴᠠᠭᠠᠨ ᠤ ᠲᠣᠰᠬᠤᠨ᠂ ᠨᠡᠶᠢᠭᠡᠮ ᠲᠣᠭᠤᠷᠢᠭ ᠤᠨ ᠺᠠᠳ᠋ᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠪᠣᠯᠪᠠᠰᠤᠷᠠᠯ ᠤᠨ ᠠᠩᠬᠢ ᠶᠦᠨ ᠵᠦᠩ ᠤᠨ ᠰᠣᠶᠣᠯ ᠤᠨ ᠣᠷᠳᠣᠨ ᠳᠤ ᠰᠤᠷᠤᠯᠭ᠎ᠠ ᠡᠬᠢᠯᠡᠪᠡ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠲᠢᠶᠠᠨ ᠸᠧᠨ ᠭᠧ ᠠᠩᠭᠢ ᠡᠬᠢᠯᠡᠬᠦ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠵᠠᠶ᠃      ᠲᠢᠶᠠᠨ ᠸᠧᠨ ᠭᠧ ᠵᠢᠭᠠᠵᠤ ᠭᠠᠷᠭᠠᠭᠰᠠᠨ ᠨᠢ᠂ ᠪᠦᠯᠬᠦᠮᠳᠡᠨ ᠪᠣᠳᠠᠲᠠᠢ ᠶᠢ ᠡᠷᠬᠢᠮᠯᠡᠬᠦ᠂ ᠠᠵᠢᠯ ᠬᠢᠵᠦ ᠦᠢᠯᠡᠰ ᠪᠤᠰᠬᠠᠬᠤ ᠰᠠᠶᠢᠨ ᠪᠠᠭ ᠪᠣᠯ ᠬᠥᠳᠡᠭᠡ ᠲᠣᠰᠬᠤᠨ ᠪᠣᠯᠤᠨ ᠨᠡᠶᠢᠭᠡᠮ ᠲᠣᠭᠤᠷᠢᠭ ᠤᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠦᠨᠳᠦᠰᠦᠨ ᠪᠠᠲᠤᠯᠠᠭ᠎ᠠ ᠮᠥᠨ᠂ ᠨᠠᠮ ᠤᠨ ᠦᠨᠳᠦᠰᠦᠨ ᠱᠠᠲᠤᠨ ᠳᠠᠬᠢ ᠪᠤᠬ᠎ᠠ ᠲᠡᠷᠭᠡ ᠂ ᠪᠠᠶᠢᠯᠳᠤᠬᠤ ᠬᠡᠯᠲᠡᠰ ᠮᠥᠨ᠃ ᠥᠷᠭᠡᠨ ᠤᠯᠠᠨ ᠲᠣᠰᠬᠤᠨ᠂ ᠨᠡᠶᠢᠭᠡᠮ ᠲᠣᠭᠤᠷᠢᠭ ᠤᠨ ᠺᠠᠳ᠋ᠷᠴᠤᠳ ᠴᠢᠷᠮᠠᠶᠢᠨ ᠰᠤᠷᠤᠯᠴᠠᠵᠤ ᠴᠢᠳᠠᠮᠠᠭᠠᠶ ᠪᠠᠷ ᠰᠡᠳᠬᠢᠨ ᠪᠣᠳᠣᠯᠬᠢᠯᠠᠬᠤ ᠶᠢᠨ ︽ᠮᠡᠷᠭᠡᠰᠢᠭᠰᠡᠨ ᠬᠥᠮᠦᠨ︾᠂ ᠤᠯᠠᠨ ᠲᠦᠮᠡᠨ ᠲᠠᠢ ᠬᠠᠷᠢᠯᠴᠠᠬᠤ ᠶᠢᠨ ︽ᠰᠡᠳᠬᠢᠯ ᠤᠨ ᠬᠥᠮᠦᠨ︾᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠶᠢᠨ ︽ᠠᠷᠢᠭᠤᠨ ᠴᠢᠬᠡᠴᠢ ᠬᠥᠮᠦᠨ︾ ᠪᠤᠯᠵᠤ᠂ ᠬᠠᠲᠠᠭᠤ ᠴᠢᠩᠭ᠎ᠠ ᠰᠤᠷᠲᠠᠯ ᠢᠶᠠᠷ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠬᠡᠬᠦ ᠬᠡᠷᠡᠭᠲᠡᠶ᠃ ᠵᠢᠭᠰᠠᠭᠠᠯ ᠤᠨ ᠭᠠᠵᠠᠷ ᠤᠨ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠤᠨᠴᠠᠯᠢᠬᠳᠤ ᠬᠢᠯᠠᠰ ᠴᠡᠭ ᠢ ᠪᠣᠯᠪᠠᠰᠤᠷᠠᠭᠤᠯᠬᠤ᠂ ᠲᠠᠶᠢᠯᠪᠤᠷᠢᠯᠠᠭᠴᠢ ᠶᠢᠨ ᠡᠩᠨᠡᠭᠡ ᠶᠢ ᠬᠥᠮᠦᠵᠢᠭᠦᠯᠬᠦ ᠵᠡᠷᠭᠡ ᠰᠢᠷᠢᠰ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠣᠯᠤᠭᠰᠠᠨ ᠲᠦᠷᠭᠡᠨ ᠠᠬᠢᠴᠠ ᠶᠢ ᠭᠦᠢᠴᠡᠳ ᠢᠯᠡᠷᠡᠭᠦᠯᠬᠦ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠪᠬᠢ ᠶᠢ ᠴᠢᠨᠠᠭᠰᠢᠳᠠ ᠰᠠᠶᠢᠲᠤᠷ ᠪᠠᠳᠠᠷᠠᠭᠤᠯᠵᠤ᠂ ︽ᠨᠠᠮ ᠤᠨ ᠪᠠᠶᠢᠭᠤᠯᠤᠯᠲᠠ ᠪᠠᠷ ᠦᠨᠳᠦᠰᠦᠲᠡᠨ ᠤ ᠪᠦᠯᠬᠦᠮᠳᠡᠯ ᠤᠨ ᠬᠠᠮᠲᠤ ᠶᠢᠨ ᠴᠣᠭᠴᠠ ᠶᠢ ᠬᠦᠳᠦᠯᠦᠨ ᠳᠠᠭᠠᠭᠤᠯᠬᠤ︾ ᠶᠢ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠤᠶᠢᠯᠠᠭᠠᠬᠤ ᠬᠡᠷᠡᠭᠳᠡᠢ ᠭᠡᠪᠡ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠪᠣᠯᠪᠠᠰᠤᠷᠠᠯ ᠤᠨ ᠠᠩᠭᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠡᠷᠡᠯ ᠰᠠᠴᠤᠷᠠᠩᠭᠤᠶ ᠥᠩᠭᠡᠷᠡᠯᠲᠡ ᠪᠠ ᠡᠷᠬᠢᠮ ᠨᠠᠨᠳᠢᠨ ᠲᠤᠷᠰᠢᠯᠭ᠎ᠠ — ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠦᠬᠡ᠂ ᠨᠠᠮ ᠪᠣᠯᠤᠨ ᠤᠯᠤᠰ ᠤᠨ ᠬᠢᠨᠠᠯᠲᠠ ᠲᠠᠯᠪᠢᠬᠤ ᠰᠢᠰᠲᠧᠮ ᠢ ᠪᠠᠷᠢᠮᠲᠠᠯᠠᠨ ᠲᠡᠭᠦᠯᠳᠡᠷᠵᠢᠭᠦᠯᠵᠦ ᠡᠷᠬᠡ ᠶᠢᠨ ᠠᠵᠢᠯᠯᠠᠭᠠᠨ ᠢ ᠬᠢᠵᠠᠭᠠᠷᠯᠠᠬᠤ ᠪᠠ ᠬᠢᠨᠠᠯᠲᠠ ᠲᠠᠯᠪᠢᠬᠤ ᠶᠢ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠵᠡᠷᠭᠡ ᠲᠠᠯ᠎ᠠ ᠶᠢᠨ ᠠᠭᠤᠯᠭ᠎ᠠ ᠶᠢ ᠲᠥᠪᠯᠡᠷᠡᠭᠦᠯᠦᠨ ᠡᠭᠡᠯᠵᠢᠯᠡᠨ ᠪᠣᠯᠪᠠᠰᠤᠷᠠᠭᠤᠯᠬᠤ ᠶᠢ ᠴᠢᠷᠮᠠᠶᠢᠨ ᠪᠡᠶᠡᠯᠡᠭᠦᠯᠵᠡᠢ᠃ ᠬᠥᠳᠡᠭᠡ ᠲᠣᠰᠬᠤᠨ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠬᠤ ᠬᠦᠴᠦᠨ᠂ ᠲᠠᠶᠢᠴᠢᠨ ᠬᠦᠴᠦᠨ ᠢ ᠤᠯᠠᠮ ᠨᠢᠭᠡ ᠠᠯᠬᠤᠮ ᠴᠢᠩᠭᠠᠳᠬᠠᠵᠤ᠂ ᠨᠠᠮᠴᠢ ᠴᠢᠨᠠᠷ ᠤᠨ ᠬᠥᠮᠦᠵᠢᠯ ᠢ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠲᠠᠢ ᠤᠶᠠᠯᠳᠤᠭᠤᠯᠬᠤ᠂ ᠤᠯᠤᠰ ᠲᠦᠷᠦ ᠶᠢᠨ ᠬᠡᠪ ᠪᠣᠯᠪᠠᠰᠤᠷᠠᠯ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠵᠡᠷᠭᠡ ᠪᠠᠷ ᠳᠡᠭᠡᠭᠰᠢᠯᠡᠭᠦᠯᠬᠦ ᠶᠢ ᠪᠡᠶᠡᠯᠡᠭᠦᠯᠦᠨ᠎ᠡ ᠭᠡᠵᠡᠢ᠃      ᠠᠩᠭᠢ ᠡᠬᠢᠯᠡᠬᠦ ᠶᠣᠰᠣᠯᠠᠯ ᠳᠡᠭᠡᠷ᠎ᠡ᠂ ᠪᠣᠯᠪᠠᠰᠤᠷᠠᠯ ᠳᠤ ᠣᠷᠣᠯᠴᠠᠭᠰᠠᠨ ᠪᠦᠬᠦ ᠬᠥᠮᠦᠰ ᠪᠠᠰᠠ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠳᠠᠪᠲᠠᠨ ᠤᠩᠰᠢᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1