ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ︽ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠶ ᠳᠤᠨᠢ ᠰᠢᠢᠳᠪᠦᠷᠢᠯᠡᠬᠦ︾ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/3/16
      3 ᠳ᠋ᠤᠭᠠᠷ ᠰᠠᠷ᠎ᠠ ᠶᠢᠨ 12 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠪᠥᠬᠦ ᠰᠢᠶᠠᠨ ᠤ ︽ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠶ ᠰᠢᠢᠳᠪᠦᠷᠢᠯᠡᠬᠦ︾ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠦᠨ᠂ ᠪᠥᠬᠦ ᠲᠠᠯ᠎ᠠ ᠶᠢᠨ ᠦᠵᠡᠯᠲᠡ ᠶᠢ ᠪᠣᠶ ᠪᠣᠯᠭᠠᠵᠤ᠂ ᠲᠣᠰ ᠪᠡᠶ᠎ᠡ ᠶᠢᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠨ᠂ ︽ᠠᠷᠠᠳ ᠲᠦᠮᠡᠨ ᠢ ᠳᠡᠭᠡᠳᠦᠯᠡᠬᠦ︾ ᠣᠶᠢᠯᠠᠭᠠᠭᠳᠠᠬᠤᠨ ᠢ ᠴᠠᠭ ᠢᠮᠠᠭᠲᠠ ᠦᠢᠯᠡᠳᠦᠯᠵᠢᠭᠦᠯᠵᠦ᠂ ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠶ ᠰᠢᠢᠳᠪᠦᠷᠢᠯᠡᠬᠦ ᠠᠵᠢᠯ ᠢ ᠦᠨᠡᠨ ᠬᠦ᠋‍ ᠨᠢᠭᠡ  ᠵᠦᠢᠯ ᠤᠨ ᠴᠢᠬᠤᠯᠠ ᠠᠵᠢᠯ ᠪᠣᠯᠭᠠᠨ ᠳᠥᠯᠭᠢᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠯᠢ ᠴᠦᠨ ᠶᠠᠨ ᠵᠢᠭᠠᠵᠤ ᠭᠠᠷᠭᠠᠭᠰᠠᠨ ᠨᠢ᠂ ︽ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠶ ᠰᠢᠢᠳᠪᠦᠷᠢᠯᠡᠬᠦ ︾ ᠠᠵᠢᠯ ᠪᠣᠯ ᠣᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠵᠢᠭᠦᠯᠵᠦ ᠴᠢᠬᠤᠯᠠ ᠠᠴᠢᠶᠠᠯᠠᠪᠤᠷᠢ ᠮᠥᠨ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠴᠢᠬᠤᠯᠠ ᠭᠦᠢᠴᠡᠳᠭᠡᠯ ᠲᠤᠭ᠎ᠠ ᠮᠥᠨ᠂ ᠡᠨᠡ ᠨᠢ ᠣᠯᠠᠨ ᠲᠦᠮᠡᠨ ᠤ ᠠᠰᠢᠭ ᠲᠤᠰᠠ ᠳᠤ ᠬᠤᠯᠪᠣᠭᠳᠠᠵᠤ᠂ ᠨᠡᠶᠢᠭᠡᠮ ᠤᠨ ᠲᠣᠭᠲᠠᠭᠤᠨ ᠪᠠᠶᠢᠳᠠᠯ ᠳᠤ ᠬᠤᠯᠪᠣᠭᠳᠠᠵᠤ ᠪᠠᠶᠢᠳᠠᠭ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ 12345 ︽ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠢ ᠰᠢᠢᠳᠪᠦᠷᠢᠯᠡᠬᠦ︾ ᠠᠵᠢᠯ ᠢ ᠤᠷᠳᠤ ᠬᠤᠭᠤᠴᠠᠭᠠᠨ ᠤ ᠴᠢᠨᠠᠷᠲᠠᠢ᠂ ᠡᠳᠦᠷ ᠲᠤᠳᠤᠮ ᠤᠨ ᠴᠢᠨᠠᠷᠲᠠᠢ ᠠᠵᠢᠯ ᠪᠣᠯᠭᠠᠨ ᠴᠢᠩᠭ᠎ᠠ ᠠᠳᠬᠤᠨ ᠪᠣᠳᠠᠲᠠᠢ ᠠᠳᠬᠤᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠠᠴᠠ ᠳᠤᠲᠠᠭᠤᠳᠠᠯ ᠪᠠ ᠬᠦᠷᠦᠯᠴᠡᠬᠦ ᠦᠭᠡᠢ ᠲᠠᠯ᠎ᠠ ᠶᠢ ᠢᠯᠡᠷᠡᠭᠦᠯᠵᠦ᠂ ᠳᠤᠲᠠᠭᠤᠳᠠᠯ ᠢ ᠨᠥᠬᠦᠪᠥᠷᠢᠯᠡᠬᠦ ᠂ ᠬᠦᠴᠦᠷᠬᠡᠭ ᠪᠠᠭᠤᠷᠠᠢ ᠲᠠᠯ᠎ᠠ ᠶᠢ ᠨᠥᠬᠦᠪᠥᠷᠢᠯᠡᠬᠦ ᠳᠡᠭᠡᠷ᠎ᠡ ᠬᠦᠴᠦ ᠣᠷᠣᠭᠤᠯᠵᠤ᠂ ᠡᠯ᠎ᠡ ᠲᠠᠯ᠎ᠠ ᠶᠢᠨ ᠬᠦᠴᠦᠨ ᠢ ᠲᠠᠶᠢᠴᠢᠯᠠᠨ ᠦᠢᠯᠡᠴᠢᠯᠡᠭᠡ ᠪᠠ ᠠᠷᠭ᠎ᠠ ᠶᠢ ᠠᠷᠠᠳ ᠤᠯᠠᠨ ᠤ ᠳᠡᠷᠭᠡᠳᠡ ᠬᠦᠷᠭᠡᠵᠦ᠂ ︽ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠢ ᠰᠢᠢᠳᠪᠦᠷᠢᠯᠡᠬᠦ︾ ᠠᠵᠢᠯ ᠤᠨ ᠲᠠᠰᠤᠷᠠᠯᠲᠠ ᠦᠭᠡᠢ ᠭᠦᠨᠵᠡᠭᠡᠶᠢᠷᠡᠬᠦ ᠶᠢ ᠠᠬᠢᠭᠤᠯᠬᠤ ᠬᠡᠷᠡᠭᠲᠡᠢ ᠭᠡᠪᠡ ᠃         ᠯᠢ ᠴᠦᠨ ᠶᠠᠨ ᠴᠢᠬᠤᠯᠠᠴᠢᠯᠠᠬᠤ ᠳᠠᠭᠠᠨ᠂ ᠡᠬᠢ ᠡᠭᠦᠰᠦᠯ ᠠᠴᠠ ᠨᠢ ᠵᠠᠰᠠᠬᠤ ᠶᠢ ᠴᠢᠬᠤᠯᠠᠴᠢᠯᠠᠵᠤ᠂ ᠢᠮᠠᠭᠲᠠ ᠣᠯᠠᠨ ᠲᠦᠮᠡᠨ ᠤ ᠬᠦᠰᠡᠯ ᠱᠠᠭᠠᠷᠳᠠᠯᠭ᠎ᠠ ᠠᠴᠠ ᠡᠭᠦᠰᠦᠨ ᠠᠷᠭ᠎ᠠ ᠪᠤᠳᠤᠵᠤ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠰᠠᠭᠤᠳᠠᠯ ᠢ ᠰᠢᠢᠳᠪᠦᠷᠢᠯᠡᠬᠦ ᠨᠣᠷᠮ᠎ᠠ ᠪᠠ ᠬᠠᠨᠤᠮᠵᠢ ᠶᠢᠨ ᠨᠣᠷᠮ᠎ᠠ ᠶᠢ ᠳᠡᠭᠡᠭᠰᠢᠯᠡᠭᠦᠯᠦᠨ᠂ ︽ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠶ ᠰᠢᠢᠳᠪᠦᠷᠢᠯᠡᠬᠦ︾ ᠶᠢ ︽ᠵᠠᠭᠠᠯᠳᠤᠭᠰᠠᠨ ᠥᠬᠡᠶ ᠪᠠᠷ ᠤᠷᠢᠳ ᠢᠶᠠᠷ ᠰᠢᠢᠳᠪᠦᠷᠢᠯᠡᠬᠦ︾ ᠪᠣᠯᠭᠠᠨ ᠬᠤᠪᠢᠷᠠᠭᠤᠯᠵᠤ᠂ ᠠᠵᠢᠯ ᠤᠨ ᠲᠤᠷᠰᠢᠯᠭ᠎ᠠ ᠲᠠᠢ ᠪᠠᠨ ᠤᠶᠠᠯᠳᠤᠭᠤᠯᠤᠨ ᠠᠳᠠᠯᠢ ᠲᠥᠷᠥᠯ ᠤᠨ ᠬᠦᠰᠡᠯ ᠱᠠᠭᠠᠷᠳᠠᠯᠭ᠎ᠠ ᠶᠢᠨ ᠦᠨᠳᠦᠰᠦᠨ ᠰᠢᠯᠲᠠᠭᠠᠨ ᠢ ᠵᠠᠳᠠᠯᠵᠤ᠂ ᠨᠢᠭᠡ ᠬᠠᠯᠠᠭᠤᠨ ᠤᠲᠠᠰᠤ ᠪᠠᠷ ᠳᠠᠮᠵᠢᠭᠤᠯᠤᠨ᠂ ᠨᠢᠭᠡ ᠲᠥᠷᠥᠯ ᠤᠨ ᠠᠰᠠᠭᠤᠳᠠᠯ ᠢ ᠰᠤᠳᠤᠯᠵᠤ᠂ ᠨᠢᠭᠡ ᠬᠡᠰᠡᠭ ᠵᠥᠷᠢᠴᠡᠯ ᠢ   ᠰᠢᠳᠪᠦᠷᠢᠡᠯᠨ᠂ ᠴᠡᠭ ᠠᠴᠠ ᠪᠥᠬᠦ ᠲᠠᠯ᠎ᠠ ᠳᠤ ᠬᠦᠷᠭᠡᠵᠦ᠂ ᠦᠢᠯᠡᠳᠦᠯᠭᠡ ᠶᠢ ᠤᠷᠢᠳ ᠢᠶᠠᠷ ᠬᠢᠬᠦ ᠬᠡᠷᠡᠭᠲᠡᠶ ᠭᠡᠵᠡᠶ᠃ ᠡᠭᠦᠨ ᠤ ᠬᠠᠮᠲᠤ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ︽ᠵᠡᠭᠡᠯᠢ ᠲᠣᠰᠬᠤᠨ ᠳᠤ ᠱᠦᠭᠯᠦ ᠦᠯᠢᠶᠡᠵᠦ᠂ ᠰᠠᠯᠠᠭ᠎ᠠ ᠮᠥᠴᠢᠷ ᠤᠨ ᠬᠢᠨ ᠨᠡᠷ᠎ᠡ ᠮᠡᠳᠡᠭᠦᠯᠬᠦ︾ ᠠᠵᠢᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ ᠂ ᠡᠯ᠎ᠡ ᠨᠡᠶᠢᠭᠡᠮ ᠲᠣᠭᠤᠷᠢᠭ᠂ ᠲᠣᠰᠬᠤᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠡᠭᠦᠨ ᠤ ᠴᠢᠳᠠᠮᠠᠭᠠᠢ ᠴᠢᠨᠠᠷ ᠢ ᠪᠠᠳᠠᠷᠠᠭᠤᠯᠵᠤ᠂ ᠭᠡᠷ ᠡᠷᠦᠭᠡ ᠳᠤ ᠬᠦᠷᠴᠦ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠣᠶᠢᠯᠠᠭᠠᠵᠤ᠂ ᠰᠠᠨᠠᠭᠠᠴᠢᠯᠠᠭ᠎ᠠ ᠠᠴᠠ ᠪᠠᠨ ᠨᠡᠪᠲᠡᠷᠡᠯᠴᠡᠵᠦ ᠵᠥᠷᠢᠴᠡᠯ ᠢ ᠴᠠᠭ ᠲᠤᠬᠠᠢ ᠳᠤᠨᠢ ᠨᠠᠮᠳᠠᠭᠤᠯᠵᠤ᠂ ︽ᠵᠠᠭᠠᠯᠳᠤᠭᠰᠠᠨ ᠦᠭᠡᠢ ᠪᠣᠯ ᠤᠷᠢᠳᠠᠪᠠᠷ ᠰᠢᠢᠳᠪᠦᠷᠢᠯᠡᠬᠦ︾ ᠳᠤ ᠯᠠᠪᠯᠠᠯᠲᠠ ᠬᠠᠩᠭᠠᠬᠤ ᠬᠡᠷᠡᠭᠲᠡᠢ᠃ ᠡᠯ᠎ᠡ ᠵᠥᠪᠯᠡᠯ ᠠᠯᠪᠠᠨ ᠬᠡᠷ ᠤᠨ ᠨᠢᠭᠡᠴᠡ ᠬᠤᠪᠢᠶᠠᠷᠢ ᠲᠥᠪ ᠲᠠᠢ ᠬᠦᠴᠦ ᠪᠠᠨ ᠬᠠᠮᠲᠤᠳᠬᠠᠨ ᠬᠠᠮᠵᠢᠯᠴᠠᠵᠤ᠂ ᠨᠢᠭᠲᠠ ᠬᠠᠮᠵᠢᠯᠴᠠᠨ᠂ ᠰᠠᠶᠢᠨ ᠲᠠᠯ᠎ᠠ ᠶᠢ ᠨᠢ ᠠᠪᠴᠤ ᠳᠤᠲᠠᠭᠳᠠᠯ ᠲᠠᠢ ᠲᠠᠯ᠎ᠠ ᠪᠠᠨ ᠨᠥᠬᠦᠪᠥᠷᠢᠯᠡᠵᠦ᠂ ᠲᠣᠰ ᠲᠣᠰ ᠤᠨ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠬᠦ ᠲᠠᠯ᠎ᠠ ᠪᠠᠷ ᠬᠢ ᠳᠠᠪᠠᠭᠤᠯᠢᠭ ᠢᠶᠠᠨ ᠪᠠᠳᠠᠷᠠᠭᠤᠯᠵᠤ᠂ ᠠᠷᠠᠳ ᠲᠤ ᠲᠥᠬᠦᠮ ᠦᠵᠡᠭᠦᠯᠬᠦ ᠲᠡᠷᠢᠭᠦᠨ ᠤ ᠦᠢᠯᠡᠴᠢᠯᠡᠭᠡᠨ ᠤ ᠲᠠᠪᠴᠠᠩ ᠢ ᠴᠢᠷᠮᠠᠶᠢᠨ ᠡᠭᠦᠳᠴᠦ᠂ ᠮᠠᠨ ᠤ ᠰᠢᠶᠠᠨ ᠤ ︽ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠶ ᠰᠢᠢᠳᠪᠦᠷᠢᠯᠡᠬᠦ︾ ᠠᠵᠢᠯ ᠤᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠬᠠᠩᠭᠠᠬᠤ ᠬᠡᠷᠡᠭᠲᠡᠶ ᠭᠡᠵᠡᠢ᠃      ᠰᠢᠶᠠᠨ ᠤ ᠤᠳᠤᠷᠢᠳᠤᠯᠭ᠎ᠠ ᠸᠧᠢ ᠰᠢᠶᠤᠤ ᠳ᠋ᠦᠩ᠂ ᠲᠢᠶᠠᠨ ᠯᠢ ᠵᠢᠶᠦ᠋ᠨ᠂ ᠠᠵᠤ ᠦᠢᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠰᠢᠶᠤᠤ ᠸᠧᠨ ᠸᠧᠢ᠂ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1