ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠯᠢᠦ ᠵᠢᠶ ᠶᠢᠩ ᠬᠠᠲᠤᠨ ᠭᠤᠤᠯ ᠤᠨ ᠲᠤᠭᠳᠠᠬᠤ ᠰᠢᠶᠠᠨ ᠤ ᠳ᠋ᠤᠸᠠᠨ ᠲᠠᠨ ᠬᠡᠰᠡᠭ ᠤᠨ ᠬᠠᠮᠠᠭᠠᠯᠠᠯᠲᠠ ᠪᠠ ᠬᠠᠲᠤᠨ ᠭᠤᠤᠯ ᠳᠠᠭᠠᠤ ᠶᠢᠨ ᠠᠮᠢ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2021/3/18
      3 ᠳ᠋ᠤᠭᠠᠷ ᠰᠠᠷ᠎ᠠ ᠶᠢᠨ 14 ᠤ ᠡᠳᠦᠷ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠯᠢᠦ ᠵᠢᠶ ᠢᠩ ᠬᠠᠲᠤᠨ ᠭᠤᠣᠯ ᠤᠨ ᠲᠤᠭᠳᠠᠬᠤ ᠰᠢᠶᠠᠨ ᠤ ᠳ᠋ᠤᠸᠠᠨ ᠲᠠᠨ ᠬᠡᠰᠡᠭ ᠤᠨ ᠬᠠᠮᠠᠭᠠᠯᠠᠯᠲᠠ ᠪᠣᠯᠤᠨ ᠬᠠᠲᠤᠨ ᠭᠤᠣᠯ ᠳᠠᠭᠠᠤ ᠶᠢᠨ ᠠᠮᠢ ᠠᠬᠤᠶ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠠᠲᠤᠨ ᠭᠤᠣᠯ ᠤᠨ ᠲᠤᠭᠳᠠᠬᠤ ᠰᠢᠶᠠᠨ ᠤ ᠬᠡᠰᠡᠭ ᠤᠨ ᠭᠤᠣᠯ ᠤᠨ ᠵᠠᠮ ᠤᠨ ᠥᠨᠳᠥᠷ ᠡᠰᠢᠲᠦ ᠲᠠᠷᠢᠮᠠᠯ ᠤᠨ ᠵᠦᠢᠯ ᠢ ᠬᠠᠮᠢᠶᠠᠷᠤᠨ ᠡᠵᠡᠮᠳᠡᠭᠰᠡᠨ ᠪᠠ ᠬᠠᠲᠤᠨ ᠭᠤᠣᠯ ᠳᠠᠭᠠᠤ ᠶᠢᠨ ᠠᠮᠢ ᠠᠬᠤᠢ ᠶᠢᠨ ᠬᠤᠩᠬᠢᠯ ᠵᠠᠮ ᠤᠨ ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠪᠠᠶᠢᠴᠠᠭᠠᠨ ᠦᠵᠡᠵᠦ᠂ ᠾᠧ ᠺᠸᠤ ᠬᠠᠮᠢᠶᠠᠷᠤᠯᠲᠠ ᠶᠢᠨ ᠵᠥᠪᠯᠡᠯ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠤ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠠᠢ᠃      ᠪᠠᠶᠢᠴᠠᠭᠠᠨ ᠰᠤᠳᠤᠯᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠬᠠᠲᠤᠨ ᠭᠤᠤᠯ ᠤᠨ ᠲᠠᠩ ᠭᠠᠵᠠᠷ ᠤᠨ ᠬᠠᠮᠠᠭᠠᠯᠠᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠲᠤᠨ ᠭᠤᠤᠯ ᠤᠨ ᠭᠤᠤᠯ ᠤᠨ ᠵᠠᠮ ᠤᠨ ᠥᠨᠳᠥᠷ ᠡᠰᠢ ᠲᠠᠢ ᠲᠠᠷᠢᠮᠠᠯ ᠢ ᠬᠠᠮᠢᠶᠠᠷᠤᠨ ᠡᠵᠡᠮᠳᠡᠬᠦ ᠠᠵᠢᠯ ᠢ ᠦᠨᠡᠨ ᠬᠦ ᠰᠠᠶᠢᠲᠤᠷ ᠬᠢᠵᠦ᠂ ᠡᠷᠲᠡ ᠠᠴᠠ ᠠᠷᠭ᠎ᠠ ᠰᠦᠪᠡᠭᠴᠢᠯᠡᠨ᠂ ᠬᠢᠨᠠᠮᠠᠭᠠᠶ ᠪᠠᠶᠢᠷᠢᠯᠠᠭᠤᠯᠵᠤ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠠᠵᠢᠯ ᠤᠨ ᠠᠷᠭ᠎ᠠ ᠬᠡᠮᠵᠢᠶ᠎ᠡ ᠶᠢ ᠠᠯᠢ ᠲᠦᠷᠭᠡᠨ ᠢᠶᠠᠷ ᠠᠪᠬᠤ ᠬᠡᠷᠡᠭᠲᠡᠶ᠃ ᠪᠣᠳᠠᠲᠠᠶ ᠳᠤ ᠰᠠᠭᠤᠷᠢᠯᠠᠨ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠠᠶᠢᠲᠤᠷ ᠬᠢᠵᠦ᠂ ᠣᠯᠠᠨ ᠲᠦᠮᠡᠨ ᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠪᠠᠶᠢᠭᠠᠳ ᠦᠵᠡᠯᠲᠡ ᠶᠢ ᠨᠢ ᠬᠤᠪᠢᠷᠠᠭᠤᠯᠵᠤ᠂ ᠲᠠᠩ ᠭᠠᠵᠠᠷ ᠤᠨ ᠲᠠᠷᠢᠮᠠᠯ ᠤᠨ ᠪᠦᠲᠦᠴᠡ ᠳᠤ ᠲᠣᠬᠢᠷᠠᠭᠤᠯᠤᠯᠲᠠ ᠬᠢᠵᠦ᠂ ᠭᠤᠤᠯ ᠤᠨ ᠵᠠᠮ ᠢᠶᠠᠷ ᠦᠶᠡᠷ ᠵᠠᠯᠠᠬᠤ ᠪᠠ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ ᠭᠡᠪᠡ᠃      ᠪᠠᠶᠢᠴᠠᠭᠠᠨ ᠰᠤᠳᠤᠯᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠬᠠᠪᠤᠷ ᠤᠨ ᠤᠯᠠᠷᠢᠯ ᠤᠨ ᠵᠠᠪᠰᠢᠶᠠᠨ ᠢ ᠠᠳᠬᠤᠵᠤ᠂ ᠨᠣᠭᠤᠭᠠᠷᠠᠭᠤᠯᠵᠤ ᠭᠤᠶᠤᠵᠢᠭᠤᠯᠬᠤ ᠠᠵᠢᠯᠯᠠᠭ᠎ᠠ ᠶᠢ ᠶᠡᠭᠡ ᠪᠠᠷ ᠥᠷᠨᠢᠭᠦᠯᠵᠦ᠂ ︽ᠭᠠᠵᠠᠷ ᠲᠤ ᠳᠣᠭᠢᠷᠠᠬᠤ᠂ ᠮᠣᠳᠣᠨ ᠳᠤ ᠳᠣᠭᠢᠷᠠᠬᠤ᠂ ᠴᠡᠴᠡᠭ ᠲᠤ ᠳᠣᠭᠢᠷᠠᠬᠤ᠂ ᠡᠪᠡᠰᠦᠨ ᠳᠤ ᠳᠣᠭᠢᠷᠠᠬᠤ᠂ ᠤᠯᠠᠷᠢᠯ ᠳᠤ ᠳᠣᠭᠢᠷᠠᠬᠤ︾ ᠵᠠᠷᠴᠢᠮ ᠶᠣᠰᠣᠭᠠᠷ᠂ ᠬᠠᠲᠤᠨ ᠭᠤᠤᠯ ᠳᠠᠭᠠᠤ ᠶᠢᠨ ᠦᠵᠡᠮᠵᠢ ᠶᠢᠨ ᠪᠦᠰᠡ ᠶᠢ ᠦᠷᠭᠦᠯᠵᠢᠯᠡᠨ ᠰᠠᠶᠢᠵᠢᠷᠠᠭᠤᠯᠬᠤ ᠬᠡᠷᠡᠭᠲᠡᠶ᠃ ᠨᠡᠶᠢᠭᠡᠮ ᠤᠨ ᠬᠦᠴᠦᠨ ᠢ ᠢᠳᠡᠪᠬᠢᠲᠡᠶ ᠲᠠᠶᠢᠴᠢᠯᠠᠵᠦ᠂ ᠤᠯᠠᠨ ᠲᠦᠮᠡᠨ ᠢ ᠬᠥᠲᠥᠯᠥᠨ ᠵᠢᠯᠣᠭᠤᠳᠴᠤ ᠣᠷᠣᠯᠴᠠᠭᠤᠯᠵᠤ᠂ ᠪᠠᠶᠢᠭᠠᠯᠢ ᠶᠢᠨ ᠥᠰᠥᠯᠲᠡ ᠶᠢ ᠦᠯᠦ ᠡᠪᠳᠡᠬᠦ ᠤᠷᠢᠲᠠᠯ ᠳᠣᠣᠷ᠎ᠠ᠂ ᠤᠳᠤ ᠪᠠᠶᠢᠭ᠎ᠠ ᠨᠣᠭᠤᠭᠠᠨ ᠭᠠᠵᠠᠷ ᠤᠨ ᠤᠷᠭᠤᠮᠠᠯ ᠢ ᠨᠥᠬᠦᠪᠥᠷᠢᠯᠡᠨ ᠲᠠᠷᠢᠬᠤ ᠠᠵᠢᠯ ᠢ ᠥᠷᠨᠢᠭᠦᠯᠵᠦ᠂ ᠬᠠᠳᠤᠨ ᠭᠤᠣᠯ ᠳᠠᠭᠠᠤ ᠶᠢᠨ ᠠᠮᠢ ᠠᠬᠤᠶ ᠶᠢᠨ ᠬᠤᠩᠬᠢᠯ ᠵᠠᠮ ᠢ ᠨᠣᠭᠤᠭᠠᠷᠠᠭᠤᠯᠵᠤ ᠭᠤᠶᠤᠵᠢᠭᠤᠯᠬᠤ ᠦᠵᠡᠮᠵᠢ ᠶᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠢ ᠲᠦᠷᠭᠡᠪᠴᠢᠯᠡᠨ ᠠᠬᠢᠭᠤᠯᠵᠤ᠂ ᠬᠠᠳᠤᠨ ᠭᠤᠣᠯ ᠳᠠᠭᠠᠤ ᠶᠢᠨ ᠠᠮᠢ ᠠᠬᠤᠶ ᠶᠢᠨ ᠬᠤᠩᠬᠢᠯ ᠵᠠᠮ ᠢ ᠲᠡᠰ ᠳᠡᠪᠰᠢᠭᠦᠯᠦᠨ ᠪᠠᠶᠢᠭᠤᠯᠬᠤ ᠬᠡᠷᠡᠭᠲᠡᠶ ᠭᠡᠪᠡ᠃      ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠸᠠᠩ ᠯᠢ ᠰᠢᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1