ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠠᠵᠤ ᠦᠢᠯᠡᠳᠪᠦᠷᠢ ᠶᠢᠨ ᠬᠦᠷᠢᠶᠡᠯᠡᠩ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠬᠤᠯᠪᠤᠭᠠᠯᠠᠨ ᠲᠠᠭᠠᠴᠢᠯᠠᠭᠰᠠᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/3/19
      3  ᠳ᠋ᠤᠭᠠᠷ ᠰᠠᠷ᠎ᠠ ᠶᠢᠨ 10 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠲᠣᠭᠲᠠᠬᠤ ᠠᠵᠤ  ᠦᠢᠯᠡᠳᠪᠦᠷᠢ ᠶᠢᠨ ᠬᠦᠷᠢᠶᠡᠯᠡᠩ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠠ᠃ ᠲᠣᠭᠲᠠᠬᠤ ᠠᠵᠤ ᠦᠢᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠰᠢᠶᠤᠤ ᠸᠧᠨ ᠸᠧᠢ᠂ ᠳᠡᠳ᠋ ᠡᠷᠬᠢᠯᠡᠭᠴᠢ ᠸᠠᠩ ᠶᠢᠩ᠂ ᠰᠢᠶᠠᠨ ᠤ  ᠰᠢᠨ᠎ᠡ ᠶᠢᠩᠽᠢ ᠪᠠᠯᠭᠠᠰᠤ᠂ ᠠᠮᠢ ᠠᠬᠤᠢ ᠤᠷᠴᠢᠨ ᠲᠤᠭᠤᠷᠢᠨ ᠤ ᠲᠤᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠪᠴᠢᠶ᠎ᠠ᠂ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠤᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠯᠢ ᠴᠦᠨ ᠶᠠᠨ ᠡᠩ ᠲᠡᠷᠢᠭᠦᠨ ᠳᠤ ᠠᠵᠤ ᠦᠢᠯᠡᠳᠪᠦᠷᠢ ᠶᠢᠨ ᠬᠦᠷᠢᠶᠡᠯᠡᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠡᠨᠧᠷᠭᠢ ᠶᠢᠨ ᠬᠤᠷᠣᠭᠳᠠᠯ ᠢ ᠬᠤᠣᠰ ᠡᠵᠡᠮᠳᠡᠬᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ᠂ ᠠᠮᠢ ᠠᠬᠤᠢ ᠶᠢᠨ ᠬᠠᠮᠠᠭᠠᠯᠠᠯᠲᠠ᠂ ᠠᠶᠤᠯᠭᠦᠢ ᠦᠢᠯᠡᠳᠪᠦᠷᠢᠯᠡᠯ᠂ ᠬᠦᠷᠢᠶᠡᠯᠡᠩ ᠤᠨ ᠰᠠᠭᠤᠷᠢ ᠲᠥᠬᠦᠭᠡᠷᠦᠮᠵᠢ ᠶᠢᠨ ᠲᠥᠯᠥᠪᠵᠢᠭᠦᠯᠭᠡ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ 12345 ᠵᠠᠭᠠᠯᠳᠤᠯᠭ᠎ᠠ ᠶᠢ ᠬᠦᠯᠢᠶᠡᠨ ᠠᠪᠤᠮᠠᠭᠴᠠ ᠭᠦᠢᠴᠡᠳᠬᠡᠬᠦ ᠪᠠ ᠬᠦᠷᠢᠶᠡᠯᠡᠩ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠲᠠᠷᠠᠭ᠎ᠠ ᠪᠠᠷ ᠨᠢ ᠪᠠᠰᠠ ᠬᠤᠯᠪᠤᠭᠠᠯᠠᠨ ᠲᠠᠭᠠᠴᠢᠯᠠᠭᠰᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠠᠵᠢᠯ ᠤᠨ ᠶᠠᠷᠢᠯᠴᠠᠬᠤ ᠬᠤᠷᠠᠯ ᠬᠢᠵᠦ᠂ ᠶᠢᠨ ᠡᡁᠧ ᠠᠮᠢᠳᠤ ᠪᠣᠳᠠᠰ᠂ ᠶᠢᠨ ᠡᡁᠧ ᠣᠷᠴᠢᠨ ᠲᠣᠭᠤᠷᠢᠨ ᠤ ᠬᠠᠮᠠᠭᠠᠯᠠᠯᠲᠠ᠂ ᠶᠢᠨ ᠡᡁᠧ ᠶᠢᠦ ᠪᠧᠨ᠂ ᠯᠠᠨ ᠢᠦᠢ ᠵᠠᠮ ᠬᠠᠷᠢᠯᠴᠠᠭ᠎ᠠ᠂ ᠹᠦ᠋ ᠶᠢᠩ ᠠᠮᠲᠠ ᠣᠷᠣᠭᠤᠯᠬᠤ ᠡᠳ᠋ ᠤᠨ ᠬᠤᠷᠰᠢᠶ᠎ᠠ ᠶᠢᠨ ᠠᠵᠤ ᠠᠬᠤᠶᠢᠯᠠᠯᠲᠠᠨ ᠲᠠᠢ ᠬᠠᠷᠢᠯᠴᠠᠨ ᠴᠠᠭᠠᠨ ᠰᠠᠷ᠎ᠠ ᠶᠢᠨ ᠮᠡᠨᠳᠦᠴᠢᠯᠡᠯ ᠬᠦᠷᠭᠡᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠳᠤᠮᠳᠠᠬᠢ ᠪᠠᠴᠢᠮ ᠰᠢᠢᠳᠪᠦᠷᠢᠯᠡᠬᠦ ᠴᠢᠬᠤᠯᠠᠲᠠᠢ ᠠᠰᠠᠭᠤᠳᠠᠯ ᠢ ᠨᠠᠷᠢᠨ ᠨᠢᠮᠪᠠᠢ ᠰᠣᠯᠢᠯᠴᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ︽ᠠᠷᠭ᠎ᠠ ᠤᠬᠠᠭᠠᠨ ᠭᠠᠷᠭᠠᠵᠤ᠂ ᠠᠷᠭ᠎ᠠ ᠤᠬᠠᠭᠠᠨ ᠰᠦᠪᠡᠭᠴᠢᠯᠡᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠬᠦᠴᠢᠷᠳᠡᠯ ᠢ ᠰᠢᠢᠳᠪᠦᠷᠢᠯᠡᠵᠦ︾ ᠥᠭᠪᠡ᠃      ᠯᠢ ᠴᠦᠨ ᠶᠠᠨ ᠵᠢᠭᠠᠵᠤ ᠭᠠᠷᠭᠠᠭᠰᠠᠨ ᠨᠢ᠂ ᠵᠠᠰᠠᠭ ᠤᠨ ᠶᠠᠪᠤᠳᠠᠯ ᠤᠨ ᠦᠢᠡᠯᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠪᠣᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠶᠢᠨ ᠵᠠᠶᠢᠯᠠᠰᠢ ᠥᠬᠡᠶ ᠱᠠᠭᠠᠷᠳᠠᠯᠭ᠎ᠠ ᠮᠥᠨ᠂ ᠪᠥᠬᠦ ᠰᠢᠶᠠᠨ ᠤ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠶᠢᠨ ᠴᠢᠬᠤᠯᠠ ᠬᠦᠴᠦᠯᠡᠬᠦ ᠴᠡᠭ ᠮᠥᠨ᠃ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢᠨ ᠬᠤᠪᠢᠷᠠᠯᠲᠠ ᠶᠢ ᠲᠦᠷᠭᠡᠳᠬᠡᠵᠦ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠴᠦ᠂ ᠬᠠᠮᠵᠢᠯᠴᠠᠨ ᠬᠤᠯᠪᠣᠭᠠᠯᠠᠨ ᠬᠥᠳᠡᠯᠦᠯᠴᠡᠬᠦ ᠶᠢ ᠲᠠᠰᠤᠷᠠᠯᠲᠠ ᠦᠭᠡᠢ ᠴᠢᠩᠭᠠᠳᠬᠠᠵᠤ᠂ ᠬᠠᠤᠯᠢ ᠪᠠᠷ ᠵᠠᠰᠠᠬᠤ ᠪᠠᠲᠤᠯᠠᠭ᠎ᠠ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠳᠤ ︽ᠨᠢᠭᠡ ᠳᠤ ᠨᠢᠭᠡ︾ ᠳᠡᠯᠭᠡᠭᠦᠷ ᠤᠨ ᠵᠢᠵᠢᠭ ᠳᠡᠯᠭᠡᠭᠦᠷ ᠤᠨ ᠦᠢᠯᠡᠴᠢᠯᠡᠭᠡ ᠬᠠᠩᠭᠠᠵᠤ᠂ ᠲᠤᠭ᠎ᠠ ᠪᠠᠷᠢᠮᠲᠠ ᠶᠢ ᠢᠯᠡᠭᠦᠬᠡᠨ ᠭᠦᠶᠦᠯᠭᠡᠵᠦ᠂ ᠠᠵᠤ ᠠᠬᠤᠶᠢᠯᠠᠯ ᠤᠨ ᠤᠯᠠᠨ ᠲᠦᠮᠡᠨ ᠢ ᠳᠤᠲᠠᠭᠤ ᠭᠦᠶᠦᠯᠭᠡᠬᠦ ᠶᠢ ᠴᠢᠷᠮᠠᠶᠢᠨ ᠪᠡᠶᠡᠯᠡᠭᠦᠯᠵᠦ᠂ ᠠᠵᠢᠯ ᠤᠨ ᠦᠷ᠎ᠡ ᠪᠦᠲᠦᠮᠵᠢ ᠪᠠ ᠦᠢᠯᠡᠴᠢᠯᠡᠭᠡᠨ ᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠲᠤ ᠲᠣᠭᠲᠠᠭᠤᠨ᠂ ᠡᠷᠬᠡ ᠲᠡᠭᠰᠢ᠂ ᠢᠯᠡ ᠲᠣᠳᠣ ᠡᠵᠡᠩᠨᠡᠯᠲᠡ ᠶᠢᠨ ᠣᠷᠴᠢᠨ ᠲᠣᠭᠤᠷᠢᠨ ᠢ ᠪᠤᠢ ᠪᠣᠯᠭᠠᠵᠤ᠂ ᠴᠢᠬᠤᠯᠠ ᠶᠡᠭᠡ ᠲᠦᠷᠦᠯ ᠵᠦᠢᠯ ᠤᠨ ᠠᠵᠤ ᠦᠢᠯᠡᠰ ᠤᠨ ︽ᠭᠠᠷᠤᠳᠢ ᠭᠠᠯᠪᠢᠩᠭ᠎ᠠ ᠶᠢ ᠲᠠᠲᠠᠬᠤ︾ ᠳᠤ ᠬᠦᠴᠦᠨ ᠨᠡᠮᠡᠷᠢᠯᠡᠨ᠎ᠡ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠴᠢᠨᠠᠭᠰᠢᠳᠠ ᠴᠢᠩᠭᠠᠳᠬᠠᠵᠤ᠂ ᠪᠦᠬᠦ ᠰᠢᠶᠠᠨ ᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠦᠷᠭᠦᠯᠵᠢᠯᠡᠨ ᠡᠷᠡᠭᠦᠯ ᠪᠥᠭᠡᠳ ᠴᠢᠨᠠᠷ ᠰᠠᠶᠢᠲᠠᠢ ᠬᠥᠭᠵᠢᠬᠦ ᠶᠢ ᠠᠬᠢᠭᠤᠯᠬᠤ ᠬᠡᠷᠡᠭᠲᠡᠢ᠃ 12345 ︽ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠢ ᠰᠢᠢᠳᠪᠦᠷᠢᠯᠡᠬᠦ︾ ᠠᠵᠢᠯ ᠢ ᠭᠦᠨᠵᠡᠭᠡᠢ ᠠᠬᠢᠭᠤᠯᠵᠤ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠪᠡ᠃      ᠯᠢ ᠴᠦᠨ ᠶᠠᠨ ᠱᠠᠭᠠᠷᠳᠠᠭᠰᠠᠨ ᠨᠢ᠂ ᠠᠵᠢᠯ ᠲᠥᠷᠥᠯ ᠤᠨ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠦᠨᠡᠨᠬᠦ ᠴᠢᠩᠭᠠᠳᠬᠠᠵᠤ᠂ ᠦᠯᠡᠳᠡᠭᠡᠯ ᠬᠡᠮᠵᠢᠶ᠎ᠡ ᠶᠢ ᠪᠠᠭᠠᠰᠬᠠᠬᠤ ᠪᠠ ᠨᠡᠮᠡᠭᠳᠡᠯ ᠤᠨ ᠬᠡᠮᠵᠢᠶ᠎ᠡ ᠶᠢ ᠬᠢᠵᠠᠭᠠᠷᠯᠠᠬᠤ ᠶᠢ ᠵᠡᠷᠭᠡᠪᠡᠷ ᠠᠳᠬᠤᠬᠤ ᠶᠢ ᠪᠠᠷᠢᠮᠲᠠᠯᠠᠨ᠂ ᠭᠤᠤᠯᠳᠠᠯᠭ᠎ᠠ ᠶᠢ ᠳᠣᠪᠤᠶᠢᠯᠭᠠᠵᠤ᠂ ᠲᠥᠷᠥᠯ ᠬᠤᠪᠢᠶᠠᠨ ᠠᠬᠢᠭᠤᠯᠵᠤ᠂ ᠲᠡᠩᠴᠡᠭᠦᠷᠢᠲᠡᠶ ᠳᠣᠭᠢᠷᠠᠭᠤᠯᠤᠨ ᠡᠵᠡᠮᠳᠡᠵᠦ᠂ ᠡᠭᠦᠷᠭᠡ ᠶᠢᠨ ᠭᠦᠢᠴᠡᠳᠭᠡᠯ ᠲᠤᠭ᠎ᠠ ᠶᠢ ᠰᠢᠨᠵᠢᠯᠡᠬᠦ ᠤᠬᠠᠭᠠᠨᠴᠢ ᠪᠠᠷ ᠵᠠᠳᠠᠯᠵᠤ᠂ ᠦᠯᠡᠳᠡᠭᠡᠯ ᠡᠨᠧᠷᠭᠢ ᠶᠢᠨ ᠬᠤᠷᠣᠭᠳᠠᠭᠤᠯᠤᠯ ᠶᠡᠬᠡᠲᠡᠶ ᠠᠵᠤ ᠠᠬᠤᠶᠢᠯᠠᠯ ᠤᠨ ᠡᠨᠧᠷᠭᠢ ᠬᠡᠷᠡᠭᠯᠡᠬᠦ ᠶᠢ ᠴᠢᠩᠭ᠎ᠠ ᠬᠢᠵᠠᠭᠠᠷᠯᠠᠬᠤ ᠬᠡᠷᠡᠭᠲᠡᠶ᠃ ᠠᠵᠤ ᠠᠬᠤᠶᠢᠯᠠᠯ ᠢ ᠬᠦᠳᠦᠯᠦᠨ ᠵᠢᠯᠣᠭᠤᠳᠴᠤ ᠪᠠᠶᠢᠭᠠᠳ ᠮᠡᠷᠭᠡᠵᠢᠯ ᠢ ᠲᠡᠰ ᠳᠡᠪᠰᠢᠭᠦᠯᠬᠦ ᠥᠭᠡᠷᠡᠴᠢᠯᠡᠯᠲᠡ ᠶᠢ ᠲᠦᠷᠭᠡᠳᠬᠡᠵᠦ᠂ ᠡᠨᠧᠷᠭᠢ ᠶᠢᠨ ᠬᠤᠷᠣᠭᠳᠠᠯ ᠤᠨ ᠬᠤᠣᠰ ᠡᠵᠡᠮᠰᠢᠯ ᠪᠣᠯᠤᠨ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠬᠠᠮᠲᠤᠷᠠᠯᠴᠠᠬᠤ ᠶᠢ ᠴᠢᠩᠭᠠᠳᠬᠠᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠡᠷᠬᠢᠯᠳᠡᠳᠦ ᠠᠵᠤ ᠠᠬᠤᠢ ᠶᠢᠨ ᠰᠢᠰᠲ᠋ᠧᠮ ᠢ ᠢᠳᠡᠪᠬᠢᠲᠡᠢ ᠪᠠᠶᠢᠭᠤᠯᠵᠤ᠂ ᠨᠢᠭᠡᠳᠦᠭᠡᠷ ᠤᠯᠠᠷᠢᠯ ᠤᠨ ᠡᠨᠧᠷᠭᠢ ᠶᠢᠨ ᠬᠡᠷᠡᠭᠯᠡᠭᠡᠨ ᠤ ᠶᠡᠷᠦᠩᠬᠡᠢ ᠬᠡᠮᠵᠢᠶ᠎ᠡ ᠵᠢᠴᠢ ᠬᠦᠴᠦᠯᠡᠴᠡ ᠶᠢ ᠤᠯᠠᠭᠠᠨ ᠠᠴᠠ ᠨᠣᠭᠤᠭᠠᠨ ᠪᠣᠯᠭᠠᠨ ᠬᠤᠪᠢᠷᠠᠭᠤᠯᠬᠤ ᠬᠤᠣᠰ ᠡᠵᠡᠮᠰᠢᠯ ᠤᠨ ᠬᠠᠷᠠᠯᠲᠠ ᠶᠢ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ ᠭᠡᠪᠡ᠃      ᠯᠢ ᠴᠦᠨ ᠶᠠᠨ ᠴᠢᠬᠤᠯᠠᠴᠢᠯᠠᠭᠰᠠᠨ ᠨᠢ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠵᠦ᠂ ᠴᠢᠨᠠᠷ ᠰᠠᠶᠢᠲᠠᠢ ᠬᠥᠭᠵᠢᠯᠲᠡ ᠪᠠᠷ ᠭᠤᠣᠯ ᠰᠡᠳᠦᠪ ᠪᠣᠯᠭᠠᠵᠤ᠂ ᠴᠠᠭ ᠦᠶ᠎ᠡ ᠶᠢᠨ ᠬᠥᠭᠵᠢᠯᠲᠡ ᠶᠢᠨ ᠱᠠᠭᠠᠷᠳᠠᠯᠭ᠎ᠠ ᠶᠢ ᠴᠢᠩᠭ᠎ᠠ ᠳᠠᠭᠠᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠭᠦᠨᠵᠡᠭᠡᠢ ᠠᠭᠤᠰᠤᠯᠴᠠᠬᠤ ᠶᠢ ᠴᠢᠩᠭᠠᠳᠬᠠᠵᠤ᠂ ᠨᠠᠮ ᠤᠨ ᠪᠠᠶᠢᠭᠤᠯᠤᠯᠲᠠ ᠪᠠᠷ ᠲᠤᠬᠠᠶᠢᠯᠠᠭᠰᠠᠨ ᠠᠵᠢᠯ ᠢ ᠵᠢᠯᠣᠭᠤᠳᠬᠤ᠂ ᠲᠤᠬᠠᠶᠢᠯᠠᠭᠰᠠᠨ ᠠᠵᠢᠯ ᠢᠶᠠᠷ ᠨᠠᠮ ᠤᠨ ᠪᠠᠶᠢᠭᠤᠯᠤᠯᠲᠠ ᠶᠢ ᠠᠬᠢᠭᠤᠯᠬᠤ ᠰᠠᠶᠢᠨ ᠦᠢᠯᠡᠳᠦᠯᠴᠡᠯ ᠢ ᠪᠦᠷᠢᠯᠳᠦᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠭᠤᠣᠯᠯᠠᠭᠴᠢ ᠪᠠ ᠤᠯᠤᠰ ᠲᠦᠷᠦ ᠶᠢᠨ ᠭᠤᠣᠯᠯᠠᠭᠴᠢ ᠶᠢᠨ ᠦᠢᠯᠡᠳᠦᠯ ᠢ ᠦᠨᠡᠨᠬᠦ ᠪᠠᠳᠠᠷᠠᠭᠤᠯᠵᠤ᠂ ᠨᠠᠮ ᠪᠠ ᠤᠯᠤᠰ ᠤᠨ ᠴᠢᠭᠯᠡᠯᠲᠡ ᠲᠦᠷᠦ ᠶᠢᠨ ᠪᠤᠳᠤᠯᠭ᠎ᠠ᠂ ᠴᠢᠬᠤᠯᠠ ᠶᠡᠭᠡ ᠪᠠᠶᠢᠷᠢᠯᠠᠭᠤᠯᠤᠯᠲᠠ ᠶᠢ ᠠᠵᠤ ᠠᠬᠤᠶᠢᠯᠠᠯ ᠳᠤ ᠲᠤᠤᠱᠯᠠᠭᠤᠯᠤᠨ ᠬᠡᠷᠡᠭᠵᠢᠭᠦᠯᠬᠦ ᠶᠢ ᠪᠠᠲᠤᠯᠠᠬᠤ ᠬᠡᠷᠡᠭᠲᠡᠢ᠃ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ ᠠᠶᠤᠯ ᠦᠭᠡᠶ ᠦᠢᠯᠡᠳᠪᠦᠷᠢᠯᠡᠯ ᠤᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠶᠢᠨ ᠠᠵᠢᠯ ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠬᠥᠭᠵᠢᠯᠲᠡ ᠪᠠ ᠠᠮᠢ ᠠᠬᠤᠶ ᠶᠢᠨ ᠬᠤᠶᠠᠷ ᠬᠢᠵᠠᠭᠠᠷ ᠱᠤᠭᠤᠮ ᠢ ᠰᠠᠶᠢᠲᠤᠷ ᠰᠠᠬᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠶᠢᠨ ᠬᠥᠭᠵᠢᠯᠲᠡ ᠶᠢᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠥᠭᠵᠢᠯᠲᠡ ᠶᠢ ᠠᠬᠢᠭᠤᠯᠬᠤ ᠳᠤᠮᠳᠠ ᠰᠢᠨ᠎ᠡ ᠠᠰᠠᠭᠤᠳᠠᠯ ᠢ ᠲᠠᠰᠤᠷᠠᠯᠲᠠ ᠥᠬᠡᠶ ᠰᠢᠢᠳᠪᠦᠷᠢᠯᠡ᠂ ᠰᠢᠨ᠎ᠡ ᠥᠷᠢᠰᠥᠯᠳᠦᠭᠡᠨ ᠢ ᠤᠭᠲᠤᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠶ ᠳᠤ ᠢᠳᠡᠪᠬᠢᠲᠡᠶ ᠬᠤᠪᠢ ᠨᠡᠮᠡᠷᠢ ᠦᠵᠡᠭᠦᠯᠦᠨ᠎ᠡ ᠭᠡᠪᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1