ᠪᠥᠬᠦ ᠰᠢᠶᠠᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/3/2
      ᠯᠢ ᠴᠦᠨ ᠶᠠᠨ ᠪᠥᠬᠦ ᠰᠢᠶᠠᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠳᠡᠭᠡᠷ᠎ᠡ ᠴᠢᠬᠤᠯᠠᠴᠢᠯᠠᠭᠰᠠᠨ ᠨᠢ᠄ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠭᠰᠡᠨ ᠰᠢᠨ᠎ᠡ ᠦᠷ᠎ᠡ ᠪᠦᠲᠦᠮᠵᠢ ᠪᠠᠷ ᠰᠠᠶᠢᠨ ᠡᠬᠢᠯᠡᠯᠲᠡ ᠲᠠᠢ ᠪᠣᠯᠭᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠢᠷᠢᠯᠠᠭᠤᠯᠤᠯᠲᠠ ᠮᠠᠨ ᠤ ᠰᠢᠶᠠᠨ ᠳᠠᠬᠢ ᠨᠠᠢᠳᠠᠪᠤᠷᠢᠵᠢᠭᠤᠯᠤᠭᠳᠠᠨ ᠦᠷ᠎ᠡ ᠪᠦᠲᠦᠮᠵᠢ ᠣᠯᠪᠠ ᠭᠡᠪᠡ᠃      2 ᠳ᠋ᠤᠭᠠᠷ ᠰᠠᠷ᠎ᠠ ᠶᠢᠨ 26 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠪᠦᠬᠦ ᠰᠢᠶᠠᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠳᠡᠭᠡᠷ᠎ᠡ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠬᠤ ᠬᠡᠷᠡᠭᠲᠡᠢ᠂ ᠪᠥᠬᠦ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠂ ᠪᠦᠬᠦ ᠬᠤᠲᠠ ᠶᠢᠨ ︽ᠲᠡᠷᠢᠭᠦᠨ ᠤ ᠬᠢ ᠲᠠᠢ ᠬᠠᠷᠢᠴᠠᠭᠤᠯᠤᠨ ᠰᠤᠷᠲᠠᠯ ᠢᠶᠠᠨ ᠬᠤᠪᠢᠷᠠᠭᠤᠯᠤᠨ᠎ᠠ᠂ ᠣᠷᠴᠢᠨ ᠲᠣᠭᠤᠷᠢᠨ ᠢ ᠰᠢᠯᠢᠳᠡᠭᠵᠢᠭᠦᠯᠵᠦ ᠬᠥᠭᠵᠢᠯᠲᠡ ᠶᠢ ᠠᠬᠢᠭᠤᠯᠬᠤ︾ ᠶᠡᠭᠡ ᠬᠤᠷᠠᠯ ᠤᠨ ᠵᠣᠷᠢᠭ ᠰᠠᠨᠠᠭ᠎ᠠ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ︽ᠤᠷᠤᠭᠰᠢᠯᠠᠯᠲᠠ ᠶᠢᠨ ᠪᠦᠷᠢᠶ᠎ᠡ︾ ᠶᠢ ᠬᠠᠩᠭᠢᠨᠠᠭᠤᠯᠪᠠ᠂ ᠪᠦᠬᠦ ᠰᠢᠶᠠᠨ ᠢ ᠳᠠᠶᠢᠴᠢᠯᠠᠨ᠂ ᠡᠬᠢᠯᠡᠯᠲᠡ ᠶᠢᠨ ᠰᠢᠢᠳᠪᠦᠷᠢᠲᠦ ᠪᠠᠶᠢᠯᠳᠤᠭᠠᠨ ᠪᠣᠯᠤᠨ᠎ᠠ᠂ ᠡᠬᠢᠯᠡᠬᠦ ᠳᠤ ᠰᠢᠪᠲᠤᠯᠤᠯᠲᠠ ᠬᠢᠬᠦ ᠳᠦᠷᠢ᠂ ᠴᠢᠯᠠᠭᠤᠨ ᠳᠡᠭᠡᠷ᠎ᠡ ᠮᠥᠷ ᠦᠯᠡᠳᠡᠭᠡᠬᠦ᠂ ᠲᠡᠮᠦᠷ ᠪᠠᠷᠢᠪᠠᠯ ᠣᠷᠣᠮ ᠲᠠᠢ ᠵᠣᠷᠢᠭ᠂ ᠣᠪᠣᠷ ᠰᠤᠷᠲᠠᠯ ᠢᠶᠠᠨ ᠬᠤᠪᠢᠷᠠᠭᠤᠯᠬᠤ᠂ ᠰᠢᠨ᠎ᠡ ᠰᠤᠷᠲᠠᠯ ᠢ ᠪᠤᠢ ᠪᠣᠯᠭᠠᠬᠤ᠂ ᠰᠡᠷᠴᠢᠭᠢᠨᠡᠬᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠰᠢᠨ᠎ᠡ ᠦᠷ᠎ᠡ ᠪᠦᠲᠦᠮᠵᠢ ᠪᠠᠷ᠂ ᠡᠬᠢᠯᠡᠯᠲᠡ᠂ ᠰᠠᠶᠢᠬᠠᠨ ᠠᠯᠬᠤᠬᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ  ᠶᠢᠨ ᠨᠠᠮ ᠤᠨ ᠬᠤᠷᠢᠶᠠᠨ ᠤ ᠴᠢᠬᠤᠯᠠ ᠶᠡᠭᠡ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠮᠠᠨ ᠤ ᠰᠢᠶᠠᠨ  ᠳᠤ ᠨᠠᠶᠢᠳᠠᠪᠤᠷᠢᠵᠢᠭᠤᠯᠪᠠ᠃      ᠯᠢ ᠴᠦᠨ ᠶᠠᠨ᠂ ᠪᠦᠬᠦ ᠰᠢᠶᠠᠨ ᠢᠶᠠᠷ ᠢᠶᠠᠨ ᠤᠬᠠᠮᠰᠠᠷ ᠠᠴᠠ ᠪᠠᠨ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠲᠠ  ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠬᠡᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠨᠢ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ  ᠢ ᠬᠥᠭᠵᠢᠭᠡᠬᠦ᠂ ᠰᠢᠶᠠᠨ ᠤ ᠬᠡᠪᠴᠢᠶᠡᠨ ᠤ ᠦᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠭᠡᠳᠡᠭ ᠢ ᠭᠦᠢᠴᠡᠳ ᠲᠠᠨᠢᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠪᠤᠳᠤᠯ ᠢᠶᠠᠨ ᠦᠨᠡᠨ ᠬᠦ ᠴᠢᠩᠭᠠᠳᠬᠠᠬᠤ ᠬᠡᠷᠡᠭᠲᠡᠢ᠃ ᠣᠷᠣᠰᠢᠵᠤ ᠪᠠᠶᠢᠭ᠎ᠠ ᠠᠰᠠᠭᠤᠳᠠᠯ ᠳᠤ ᠵᠥᠪ ᠢᠶᠠᠷ ᠬᠠᠨᠳᠤᠵᠤ᠂ ᠵᠥᠷᠢᠶ᠎ᠡ ᠳᠤᠲᠠᠭᠤᠳᠠᠯ ᠢᠶᠠᠨ ᠣᠨᠣᠪᠴᠢᠲᠠᠢ ᠡᠷᠢᠨ ᠣᠯᠵᠤ᠂ ᠨᠡᠩ ᠶᠡᠭᠡ ᠡᠷᠴᠢ ᠵᠣᠷᠢᠭ᠂ ᠨᠡᠩ ᠴᠢᠩᠭ᠎ᠠ ᠡᠷᠴᠢᠮ᠂ ᠨᠡᠩ ᠪᠣᠳᠠᠲᠠᠢ ᠠᠷᠭ᠎ᠠ ᠬᠡᠮᠵᠢᠶ᠎ᠡ᠂ ᠴᠠᠭ ᠪᠢᠳᠡᠨ ᠢ ᠬᠦᠯᠢᠶᠡᠬᠦ ᠦᠭᠡᠢ ᠭᠡᠬᠦ  ᠲᠤᠯᠭᠠᠮ᠎ᠠ ᠪᠤᠳᠤᠯ᠂ ᠵᠣᠷᠢᠭᠲᠠᠢ ᠪᠠᠷ ᠲᠦᠷᠦᠭᠦᠯᠡᠬᠦ ᠡᠭᠦᠷᠭᠡᠲᠦ ᠪᠤᠳᠤᠯ᠂ ᠵᠣᠷᠢᠭᠲᠠᠢ ᠪᠠᠷ ᠡᠭᠦᠷᠭᠡᠯᠡᠬᠦ ᠬᠠᠷᠢᠭᠤᠴᠠᠯᠭᠠᠲᠤ ᠰᠡᠳᠬᠢᠯᠭᠡ ᠪᠠᠷ ᠰᠤᠷᠲᠠᠯ ᠤᠨ ᠪᠠᠶᠢᠭᠤᠯᠤᠯᠲᠠ ᠶᠢ ᠴᠥᠬᠦᠷᠡᠰᠢ ᠦᠭᠡᠢ ᠭᠦᠨᠵᠡᠭᠡᠶᠢᠷᠡᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠯ᠎ᠠ ᠪᠠᠷ ᠨᠡᠩ ᠶᠡᠭᠡ ᠰᠢᠪᠲᠤᠯᠤᠯᠲᠠ ᠲᠠᠢ ᠪᠣᠯᠬᠤ ᠶᠢ ᠠᠬᠢᠭᠤᠯᠬᠤ ᠬᠡᠷᠡᠭᠲᠡᠢ᠃      ᠯᠢ ᠴᠦᠨ ᠶᠠᠨ ᠱᠠᠭᠠᠷᠳᠠᠭᠰᠠᠨ ᠨᠢ᠂ ᠦᠵᠡᠯ ᠰᠠᠨᠠᠭ᠎ᠠ ᠪᠠᠨ ᠴᠢᠯᠥᠭᠡᠯᠡᠬᠦ ᠡᠨᠡ ᠬᠦ ︽ᠶᠡᠷᠦᠩᠬᠡᠶ ᠨᠡᠭᠡᠭᠡᠯᠭᠡ︾  ᠶᠢ ᠴᠢᠩᠭ᠎ᠠ ᠠᠳᠬᠤᠵᠤ᠂ ᠥᠷᠭᠡᠨ ᠣᠯᠠᠨ ᠺᠠᠳ᠋ᠷ ᠣᠯᠠᠨ ᠲᠦᠮᠡᠨ ᠢ ᠬᠥᠮᠦᠵᠢᠭᠦᠯᠦᠨ ᠬᠥᠲᠥᠯᠥᠨ ᠵᠢᠯᠣᠭᠤᠳᠴᠤ ᠪᠠᠶᠢᠭᠠᠳ ᠦᠵᠡᠯᠲᠡ ᠪᠠᠨ ᠬᠤᠪᠢᠷᠠᠭᠤᠯᠵᠤ᠂ ᠵᠣᠷᠢᠭᠲᠠᠶ ᠪᠠᠷ ᠰᠢᠨ᠎ᠡ ᠶᠢ ᠡᠭᠦᠳᠴᠦ᠂ ᠵᠣᠷᠢᠭᠲᠠᠶ ᠪᠠᠷ ᠦᠶᠯᠡᠳᠦᠯᠭᠡᠵᠢᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠶᠴᠡᠳ ᠲᠠᠨᠢᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠨᠠᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠠᠴᠠ ᠭᠠᠷᠴᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠠᠳᠬᠤᠵᠤ᠂ ︽ᠡᠷᠬᠡ ᠲᠡᠭᠰᠢ ᠨᠡᠶᠢᠳᠡᠮ ᠠᠰᠢᠭ ᠬᠦᠷᠲᠡᠭᠡᠬᠦ︾ ᠶᠢ ᠨᠠᠩ ᠴᠢᠬᠤᠯᠠᠴᠢᠯᠠᠵᠤ᠂ ︽ᠬᠥᠮᠦᠨ ᠪᠦᠬᠦᠨ ᠣᠷᠣᠯᠴᠠᠬᠤ︾ ᠶᠢ ᠨᠠᠩ ᠴᠢᠬᠤᠯᠠᠴᠢᠯᠠᠵᠤ᠂ ︽ᠣᠷᠣᠰᠢᠨ ᠰᠠᠭᠤᠬᠤ  ᠳᠤ ᠲᠣᠬᠢᠷᠠᠮᠵᠢᠲᠠᠶ ᠦᠶᠯᠡᠰ ᠪᠤᠰᠬᠠᠬᠤ ᠳᠤ ᠲᠣᠬᠢᠷᠠᠮᠵᠢᠲᠠᠶ︾ ᠶᠢ ᠨᠠᠩ ᠴᠢᠬᠤᠯᠠᠴᠢᠯᠠᠬᠤ ᠬᠡᠷᠡᠭᠲᠡᠶ᠃ ᠨᠡᠩ ᠥᠨᠳᠥᠷ ᠪᠦᠲᠦᠮᠵᠢᠲᠡᠢ ᠳᠥᠭᠦᠮ ᠳᠥᠲᠡ ᠵᠠᠰᠠᠭ ᠤᠨ ᠶᠠᠪᠤᠳᠠᠯ ᠤᠨ ᠣᠷᠴᠢᠨ ᠨᠥᠬᠦᠴᠡᠯ᠂ ᠨᠡᠩ ᠦᠨᠡᠨᠴᠢ ᠢᠲᠡᠭᠡᠮᠵᠢᠲᠡᠢ ᠵᠠᠬ᠎ᠠ ᠳᠡᠯᠭᠡᠭᠦᠷ ᠤᠨ ᠣᠷᠴᠢᠨ ᠨᠥᠬᠦᠴᠡᠯ᠂ ᠨᠡᠩ ᠲᠥᠪ ᠭᠤᠣᠯᠴᠢ ᠢᠯᠡ ᠲᠣᠳᠣ ᠬᠠᠤᠯᠢᠵᠢᠯ ᠤᠨ ᠣᠷᠴᠢᠨ ᠨᠥᠬᠦᠴᠡᠯ᠂ ᠨᠡᠩ ᠨᠡᠭᠡᠭᠡᠯᠲᠡᠲᠡᠢ ᠪᠠᠭᠲᠠᠭᠠᠮᠵᠢᠲᠠᠢ ᠬᠥᠭᠵᠢᠯᠲᠡ ᠶᠢᠨ ᠣᠷᠴᠢᠨ ᠨᠥᠬᠦᠴᠡᠯ ᠢ ᠪᠤᠢ ᠪᠣᠯᠭᠠᠵᠤ ᠂ ᠣᠷᠴᠢᠨ ᠨᠥᠬᠦᠴᠡᠯ ᠤᠨ ᠲᠠᠯ᠎ᠠ ᠪᠠᠷ ᠶᠡᠭᠡ ᠪᠠᠷ ᠳᠡᠭᠡᠭᠰᠢᠯᠡᠭᠦᠯᠬᠦ ᠬᠡᠷᠡᠭᠲᠡᠢ᠃ ᠰᠤᠷᠲᠠᠯ ᠤᠨ ᠶᠡᠭᠡ ᠬᠤᠪᠢᠷᠠᠯᠲᠠ ᠶᠢ ᠪᠥᠬᠦ ᠬᠦᠴᠦᠨ ᠢᠶᠠᠷ ᠠᠬᠢᠭᠤᠯᠵᠤ᠂ ᠤᠯᠤᠰ ᠲᠥᠷᠥ ᠶᠢ ᠡᠷᠬᠢᠮᠯᠡᠬᠦ ᠦᠨᠡᠨᠴᠢ ᠰᠢᠳᠤᠷᠭᠤ ᠪᠠᠶᠢᠬᠤ ᠵᠣᠷᠢᠭ ᠰᠠᠨᠠᠭ᠎ᠠ  ᠶᠢ ᠶᠡᠭᠡ ᠪᠠᠷ ᠪᠠᠳᠠᠷᠠᠭᠤᠯᠵᠤ᠂ ᠲᠡᠷᠢᠭᠦᠨ ᠤ ᠬᠢ ᠪᠣᠯᠬᠤ ᠪᠠᠷ ᠴᠢᠷᠮᠠᠶᠢᠬᠤ ᠤᠷᠤᠭᠰᠢᠯᠠᠨ ᠳᠠᠪᠰᠢᠬᠤ ᠵᠣᠷᠢᠭ ᠰᠠᠨᠠᠭ᠎ᠠ  ᠶᠢ ᠶᠡᠭᠡ ᠪᠠᠷ ᠪᠠᠳᠠᠷᠠᠭᠤᠯᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠪᠣᠳᠠᠲᠠᠶ ᠠᠵᠢᠯᠯᠠᠬᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠠᠷᠠᠳ ᠲᠦᠮᠡᠨ ᠳᠤ ᠦᠶᠯᠡᠴᠢᠯᠡᠬᠦ ᠬᠤᠪᠢ ᠨᠡᠮᠡᠷᠢ ᠦᠵᠡᠭᠦᠯᠬᠦ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠬᠤ ᠬᠡᠷᠡᠭᠲᠡᠶ ᠭᠡᠪᠡ᠃      ᠯᠢ ᠴᠦᠨ ᠶᠠᠨ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠡᠮᠦᠨ᠎ᠡ᠂ ᠠᠯᠢ ᠴᠤ ᠰᠠᠯᠠᠭ᠎ᠠ ᠮᠥᠴᠢᠷ  ᠨᠢ ᠭᠡᠳ ︽ᠬᠤᠶᠠᠳᠤᠭᠠᠷ ᠹᠷᠣᠨᠲ ᠤᠨ ᠰᠠᠯᠠᠭ᠎ᠠ ᠮᠥᠴᠢᠷ︾ ᠪᠢᠰᠢ᠂ ᠠᠯᠢ ᠴᠤ ᠺᠠᠳ᠋ᠷ ᠨᠢ ᠭᠡᠳ ᠬᠠᠵᠠᠭᠤ ᠠᠴᠠ ᠬᠠᠷᠠᠭᠴᠢ᠂ ᠭᠠᠳᠠᠨᠠᠬᠢ ᠬᠥᠮᠦᠨ ᠪᠢᠰᠢ᠂ ᠬᠥᠮᠦᠨ ᠪᠦᠬᠦᠨ ᠴᠥᠮ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠪᠠᠶᠢᠵᠤ᠂ ᠬᠥᠮᠦᠨ ᠪᠦᠬᠦᠨ ᠴᠥᠮ ᠲᠣᠭᠲᠠᠬᠤ ᠰᠢᠶᠠᠨ ᠤ ︽ᠨᠡᠷ᠎ᠡ ᠶᠢᠨ ᠬᠠᠭᠤᠳᠠᠰᠤ︾ ᠪᠣᠯᠤᠨ᠎ᠠ᠃ ᠡᠵᠡᠨ ᠬᠥᠮᠦᠨ ᠤ ᠤᠬᠠᠮᠰᠠᠷ ᠢᠶᠠᠨ ᠴᠢᠩᠭᠠᠳᠬᠠᠵᠤ᠂ ᠨᠢᠭᠡ ᠬᠥᠯᠭᠡ ᠰᠢᠳᠠᠷ᠎ᠠ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠪᠦᠬᠦ ᠨᠡᠶᠢᠭᠡᠮ  ᠳᠤ ︽ᠬᠥᠮᠦᠨ ᠪᠦᠬᠦᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠪᠤᠯᠵᠦ᠂ ᠶᠠᠪᠤᠳᠠᠯ ᠪᠦᠬᠦᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠲᠠᠢ ᠬᠤᠯᠪᠣᠭᠳᠠᠬᠤ︾ ᠥᠳᠬᠡᠨ ᠵᠤᠵᠠᠭᠠᠨ ᠠᠭᠤᠷ ᠠᠮᠢᠰᠬᠤᠯ ᠢ ᠪᠦᠷᠢᠯᠳᠦᠭᠦᠯᠬᠦ ᠬᠡᠷᠡᠭᠲᠡᠢ᠃ ᠰᠢᠨ᠎ᠡ ᠬᠡᠪ ᠰᠤᠷᠲᠠᠯ ᠢ ᠢᠯᠡᠷᠡᠭᠦᠯᠵᠦ᠂ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠶᠢ ᠠᠬᠢᠭᠤᠯᠵᠤ᠂ ᠰᠢᠨ᠎ᠡ ᠲᠦᠷᠢ ᠲᠥᠷᠬᠦ ᠶᠢ ᠪᠤᠢ ᠪᠣᠯᠭᠠᠵᠤ᠂ ᠣᠷᠣᠨ ᠤ ᠲᠥᠪ ᠤᠨ ᠬᠠᠳᠤᠨ ᠭᠤᠣᠯ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢᠨ ᠦᠯᠢᠭᠡᠷ ᠳᠠᠭᠤᠷᠢᠶᠠᠯ ᠲᠣᠭᠤᠷᠢᠭ ᠢ ᠲᠦᠷᠭᠡᠳᠬᠡᠨ ᠪᠠᠶᠢᠭᠤᠯᠵᠤ᠂ ᠲᠡᠷᠢᠭᠦᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠤᠢ ᠪᠣᠯᠭᠠᠵᠤ᠂ ᠰᠢᠯᠢᠳᠡᠭ ᠠᠮᠵᠢᠯᠲᠠ  ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠬᠡᠷᠡᠭᠲᠡᠢ ᠭᠡᠵᠦ ᠴᠢᠬᠤᠯᠠᠴᠢᠯᠠᠪᠠ᠃      ᠯᠢ ᠴᠦᠨ ᠶᠠᠨ ᠪᠠᠰᠠ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ᠂ ︽ᠵᠠᠷᠭᠤ ᠶᠢ ᠬᠦᠯᠢᠶᠡᠨ ᠠᠪᠤᠪᠠᠯ ᠳᠠᠷᠤᠶᠢᠬᠠᠨ ᠰᠢᠢᠳᠪᠦᠷᠢᠯᠡᠬᠦ︾᠂ ᠠᠶᠤᠯᠭᠦᠢ ᠦᠢᠯᠡᠳᠪᠦᠷᠢᠯᠡᠯ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ᠂ ᠬᠠᠪᠤᠷ ᠤᠨ ᠤᠯᠠᠷᠢᠯ  ᠤᠨ ᠰᠤᠷᠤᠯᠭ᠎ᠠ ᠡᠬᠢᠯᠡᠬᠦ ᠵᠡᠷᠭᠡ ᠤᠢᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠤᠨ ᠲᠤᠬᠠᠢ ᠲᠤᠬᠢᠷᠠᠭᠤᠯᠤᠯᠳᠠ ᠪᠠᠶᠢᠷᠢᠯᠠᠭᠤᠯᠤᠯᠲᠠ ᠬᠢᠵᠡᠢ᠃      ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠯᠢᠦ ᠵᠢᠢ ᠶᠢᠩ ᠬᠤᠷᠠᠯ ᠢ ᠡᠷᠬᠢᠯᠡᠭᠰᠡᠨ ᠪᠥᠭᠡᠳ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠴᠠᠢ᠄ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠢᠭᠡᠳᠦᠯᠲᠡᠢ ᠦᠵᠡᠯ ᠰᠠᠨᠠᠭᠠᠨ ᠤ ᠲᠠᠯ᠎ᠠ ᠪᠠᠷ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠬᠤᠪᠢᠷᠠᠯᠲᠠ ᠶᠢ ᠠᠷᠭᠠᠴᠠᠭᠠᠨ ᠰᠢᠨ᠎ᠡ ᠪᠠᠶᠢᠳᠠᠯ ᠢ ᠡᠭᠦᠳᠬᠦ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠭᠠᠵᠤ᠂ ᠪᠦᠬᠦ ᠲᠠᠯ᠎ᠠ ᠶᠢᠨ ᠠᠵᠢᠯ ᠤᠨ ᠲᠤᠪᠤᠶᠢᠮ᠎ᠠ ᠪᠠᠶᠢᠷᠢᠨ ᠳᠤ ᠲᠠᠯᠪᠢᠵᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠪᠦᠬᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠢ︔ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠦᠨᠡᠨᠬᠦ ᠬᠢᠵᠦ ᠬᠠᠲᠠᠭᠤ ᠲᠠᠢ ᠨᠢ ᠬᠠᠯᠳᠠᠬᠤ ᠲᠠᠯ᠎ᠠ  ᠪᠠᠷ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠰᠢᠨ᠎ᠡ ᠬᠠᠭᠤᠴᠢᠨ ᠠᠰᠠᠭᠤᠳᠠᠯ ᠢ ᠪᠦᠬᠦ ᠬᠦᠴᠦᠨ ᠢᠶᠠᠷ  ᠢᠶᠠᠨ ᠰᠢᠢᠳᠪᠦᠷᠢᠯᠡᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠡᠨᠡ ᠬᠦ ︽ᠪᠡᠶ᠎ᠡ ᠤᠷᠪᠠᠭ᠋ᠤ ᠳᠠᠶᠢᠯᠠᠯᠳᠤᠭᠠᠨ︾ ᠤ ᠢᠯᠠᠯᠲᠠ ᠶᠢ ᠡᠷᠡᠰ ᠤᠯᠬᠤ ᠬᠡᠷᠡᠭᠲᠡᠢ ᠭᠡᠵᠦ ᠴᠢᠬᠤᠯᠠᠴᠢᠯᠠᠪᠠ︔ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠲᠠᠯ᠎ᠠ ᠪᠠᠷ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠮᠠᠨ ᠤ ᠰᠢᠶᠠᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠯ᠎ᠠ  ᠪᠠᠷ ᠯᠠᠪᠳᠠᠭᠤᠨ ᠪᠠᠲᠤᠲᠠᠶ ᠦᠷ᠎ᠡ ᠪᠦᠲᠦᠮᠵᠢ ᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠰᠠᠶᠢᠲᠤᠷ ᠡᠬᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃       ᠬᠤᠷᠠᠯ ᠳᠡᠭᠡᠷ᠎ᠡ᠂ ᠠᠵᠤ ᠦᠶᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ᠂ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠶᠯᠡᠳᠪᠦᠷᠢ ᠶᠢᠨ ᠰᠠᠯᠠᠭ᠎ᠠ ᠲᠣᠪᠴᠢᠶ᠎ᠠ᠂ ᠬᠢᠨᠠᠨ ᠵᠥᠪᠰᠢᠶᠡᠷᠡᠬᠦ ᠦᠶᠯᠡᠴᠢᠯᠡᠭᠡᠨ ᠤ ᠲᠣᠪᠴᠢᠶ᠎ᠠ ᠶᠢᠨ ᠬᠠᠷᠢᠭᠤᠴᠠᠯᠭᠠᠲᠠᠨ ᠣᠪᠣᠷ ᠢᠶᠠᠨ ᠢᠯᠡᠳᠬᠡᠬᠦ ᠦᠭᠡ ᠬᠡᠯᠡᠪᠡ᠃      ᠰᠦᠨ ᠰᠢᠶᠦ᠋ᠨ᠂ ᠶᠦᠨ ᠷᠦᠢ ᠵᠢᠶᠦ᠋ᠨ᠂ ᠲᠢᠶᠠᠨ ᠸᠧᠨ ᠭᠧ ᠵᠡᠷᠭᠡ ᠰᠢᠶᠠᠨ ᠭᠠᠵᠠᠷ ᠤᠨ ᠲᠡᠰ ᠤᠨ ᠤᠳᠤᠷᠢᠳᠤᠯᠭ᠎ᠠ᠂ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ᠂ ᠡᠯ᠎ᠡ ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1