ᠲᠣᠭᠲᠠᠬᠤ ᠰᠢᠶᠠᠨ ᠤ ᠤᠯᠠᠭᠠᠨᠮᠥ᠋ᠴᠢᠷ ᠦᠨᠳᠦᠰᠦᠨ ᠱᠠᠲᠤᠨ ᠳᠤ ᠭᠦᠨᠵᠡᠭᠡᠶᠢᠷᠡᠨ ︽ᠪᠢᠳᠡᠨ ᠤ ᠳᠤᠮᠳᠠᠳᠤ  ᠶᠢᠨ ᠵᠡᠭᠦᠳᠦ︾ ᠰᠣᠶᠣᠯ ᠢ ᠲᠦᠮᠡᠨ ᠡᠷᠦᠬᠡ ᠳᠤ ᠬᠦᠷᠭᠡᠬᠦ ᠠᠷᠠᠳ ᠲᠤ ᠠᠰᠢᠭ ᠬᠦᠷᠲᠡᠭᠡᠬᠦ ᠲᠣᠭᠯᠠᠯᠲᠠ  ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/3/2
      ᠥᠩᠭᠡᠲᠦ ᠳ᠋ᠧᠩ ᠠᠰᠠᠭᠠᠨ ᠪᠠᠶᠠᠷ ᠤᠨ ᠡᠳᠦᠷ ᠢᠶᠠᠨ ᠪᠡᠯᠭᠡᠯᠡᠵᠦ᠂ ᠪᠠᠶᠠᠷ ᠬᠥᠷ ᠲᠠᠢ ᠪᠠᠷ ᠰᠢᠨᠡᠯᠡᠨ᠎ᠡ᠃ ᠳᠤᠮᠳᠠᠳᠤ ᠶᠢᠨ ᠦᠨᠳᠦᠰᠦᠲᠡᠨ ᠤ ᠰᠣᠶᠣᠯ ᠤᠨ ᠠᠭᠤᠯᠤᠭᠳᠠᠬᠤᠨ ᠢ ᠪᠠᠳᠠᠷᠠᠭᠤᠯᠵᠤ᠂ ᠪᠦᠬᠦ ᠠᠷᠠᠳ ᠤᠨ ᠰᠣᠶᠣᠯ  ᠤᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠪᠦᠬᠦ ᠠᠷᠠᠳ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ᠂ ᠴᠠᠭᠠᠨ ᠰᠠᠷ᠎ᠠ ᠶᠢᠨ ᠬᠢᠵᠢᠭ ᠤᠨ ᠪᠠᠶᠢᠳᠠᠯ ᠠᠴᠠ ᠪᠣᠯᠵᠤ ᠰᠢᠨ᠎ᠡ ᠵᠢᠯ ᠢᠶᠠᠨ ᠥᠩᠭᠡᠷᠡᠭᠦᠯᠬᠦ᠂ ᠰᠠᠶᠢᠨ ᠳᠤᠷ᠎ᠠ ᠶᠢᠨ ᠦᠶᠯᠡᠴᠢᠯᠡᠭᠡᠨ ᠤ ᠬᠥᠮᠦᠰ ᠵᠢᠴᠢ ᠣᠯᠠᠨ ᠲᠦᠮᠡᠨ ᠤ ᠪᠠᠶᠠᠷ ᠤᠨ ᠡᠳᠦᠷ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ 2021 ᠣᠨ ᠤ 2  ᠳ᠋ᠤᠭᠠᠷ ᠰᠠᠷ᠎ᠠ ᠶᠢᠨ 15 ᠤ ᠡᠳᠦᠷ ᠠᠴᠠ 17 ᠤ ᠡᠳᠦᠷ ᠪᠣᠯᠲᠠᠯ᠎ᠠ᠂ ᠲᠣᠭᠲᠠᠬᠤ ᠰᠢᠶᠠᠨ ᠤ ᠤᠯᠠᠭᠠᠨᠮᠥ᠋ᠴᠢᠷ ᠲᠣᠰ ᠲᠣᠰ ᠡᠮᠤᠨ᠎ᠡ ᠭᠤᠤ ᠨᠡᠶᠢᠭᠡᠮ ᠲᠣᠭᠤᠷᠢᠭ᠂ ᠳ᠋ᠦᠩᠱᠧᠩ ᠨᠡᠶᠢᠭᠡᠮ ᠲᠣᠭᠤᠷᠢᠭ᠂ ᠰᠢ ᠳ᠋ᠡ ᠭᠧ ᠲᠣᠰᠬᠤᠨ ᠳᠤ ︽︿ᠮᠠᠨ ᠤ ᠳᠤᠮᠳᠠᠳᠤ ᠶᠢᠨ ᠵᠡᠭᠦᠳᠦ﹀ ᠰᠣᠶᠣᠯ ᠢ ᠲᠦᠮᠡᠨ ᠡᠷᠦᠬᠡ ᠳᠤ ᠬᠦᠷᠭᠡᠬᠦ︾ ᠪᠠᠷ ᠭᠤᠤᠯ ᠰᠡᠳᠦᠪ ᠪᠣᠯᠭᠠᠭᠰᠠᠨ ᠠᠷᠠᠳ ᠲᠤ ᠠᠰᠢᠭ ᠬᠦᠷᠲᠡᠭᠡᠬᠦ ᠲᠣᠭᠯᠠᠯᠲᠠ  ᠶᠢᠨ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠳᠤᠮᠳᠠ᠂ ᠤᠯᠠᠭᠠᠨᠮᠥ᠋ᠴᠢᠷ ᠤᠨ ᠭᠡᠰᠢᠭᠦᠳ ︽ᠠᠭᠤᠯᠠ ᠶᠢᠨ ᠳᠠᠭᠤᠤ ᠳᠠᠭᠤᠯᠠᠵᠤ ᠨᠠᠮ ᠳᠠᠭᠠᠨ ᠰᠣᠨᠣᠰᠬᠠᠶ᠎ᠠ︾᠂ ᠡᠷᠡᠭᠲᠡᠢ ᠡᠮᠡᠭᠲᠡᠢ ᠶᠢᠨ ᠨᠠᠶᠢᠷᠠᠯ ᠳᠠᠭᠤᠤ ︽ᠨᠢᠭᠡ ᠭᠡᠷ ᠪᠦᠯᠢ︾᠂ ︽ᠪᠢᠳᠡ ᠪᠣᠯ ᠲᠠᠯ᠎ᠠ ᠨᠤᠲᠤᠭ  ᠤᠨ ᠬᠦᠩᠭᠡᠨ ᠮᠣᠷᠢᠲᠤ ᠴᠡᠷᠢᠭ︾᠂ ᠮᠤᠷᠢᠨ ᠬᠤᠭᠤᠷ ᠤᠨ ᠲᠣᠭᠯᠠᠯᠲᠠ ᠵᠢᠴᠢ ᠪᠥᠵᠢᠭ ︽ᠰᠠᠪᠬ᠎ᠠ ᠶᠢᠨ ᠪᠥᠵᠢᠭ︾ ᠵᠡᠷᠭᠡ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠪᠠᠰᠠ ᠬᠤᠶᠠᠷ ᠬᠦᠮᠦᠨ ᠤ ᠵᠦᠴᠦᠭᠡ ᠶᠢᠨ ︽ᠰᠢᠨ᠎ᠡ ᠶᠢᠨ ᠵᠣᠯᠭᠠᠯᠲᠠ︾᠂ ︽ᠬᠤᠨᠳᠠᠨ ᠬᠡᠷᠡᠮ ᠬᠠᠷᠠᠶᠢᠬᠤ︾᠂ ︽ᠲᠦᠷᠪᠡᠨ ᠡᠭᠦᠳᠡ ᠬᠦᠷᠭᠡᠬᠦ︾᠂ ︽ᠰᠠᠶᠢᠨ ᠲᠦᠷᠦ ᠶᠢᠨ ᠪᠤᠳᠤᠯᠭ᠎ᠠ ᠪᠢᠳᠡᠨ ᠤ ᠴᠢᠨᠡᠭᠡᠯᠢᠭ ᠨᠡᠶᠢᠭᠡᠮ ᠢ ᠵᠢᠯᠣᠭᠤᠳᠤᠨᠠᠮ︾᠂ ᠱᠠᠨ ᠰᠢ ᠶᠢᠨ ᠵᠦᠴᠦᠭᠡ︽ᠡᠨᠡ ᠥᠷᠯᠥᠭᠡ ᠶᠢᠨ ᠡᠭᠦᠯᠡᠨ ᠳᠤᠮᠳᠠ ᠢᠷᠠᠭᠤ ᠨᠠᠶᠢᠷᠠᠭ︾ ᠵᠡᠷᠭᠡ ᠰᠢᠯᠢᠳᠡᠭ ᠰᠢ ᠵᠦᠴᠦᠭᠡ ᠶᠢᠨ ᠲᠣᠭᠯᠠᠯᠲᠠ ᠭᠠᠷᠭᠠᠪᠠ᠃      ᠡᠨᠡ ᠤᠳᠠᠭᠠᠨ ᠤ ᠠᠵᠢᠯᠯᠠᠭ᠎ᠠ ᠨᠢ ᠣᠯᠠᠨ ᠲᠦᠮᠡᠨ ᠤ ᠰᠠᠶᠢᠨ ᠦᠨᠡᠯᠡᠯᠲᠡ ᠶᠢ ᠣᠯᠵᠠᠶ᠃ ᠲᠤᠭᠳᠠᠬᠤ ᠰᠢᠶᠠᠨ ᠤ ᠤᠯᠠᠭᠠᠨᠮᠥ᠋ᠴᠢᠷ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠬᠡᠯᠪᠡᠷᠢ ᠪᠠᠷ ᠤᠯᠠᠭᠠᠨᠮᠥ᠋ᠴᠢᠷ ᠤᠨ ᠰᠢᠯᠢᠳᠡᠭ ᠤᠯᠠᠮᠵᠢᠯᠠᠯ ᠢ ᠶᠡᠭᠡ ᠪᠠᠷ ᠪᠠᠳᠠᠷᠠᠭᠤᠯᠵᠤ᠂ ︽ᠲᠣᠭᠯᠠᠯᠲᠠ︾ ᠶᠢᠨ ᠡᠭᠦᠷᠭᠡ ᠴᠢᠳᠠᠪᠬᠢ ᠪᠠᠨ ᠭᠦᠶᠴᠡᠳ ᠪᠠᠳᠠᠷᠠᠭᠤᠯᠵᠤ᠂ ᠠᠮᠢᠳᠤᠷᠠᠯ ᠤᠨ ᠰᠢᠮᠡᠯᠢᠭ ᠬᠥᠷᠥᠰᠥᠨ ᠳᠤ ᠦᠨᠳᠦᠰᠦᠯᠡᠵᠦ᠂ ᠥᠷᠭᠡᠨ ᠣᠯᠠᠨ ᠲᠦᠮᠡᠨ ᠳᠤ ᠦᠶᠯᠡᠴᠢᠯᠡᠵᠦ᠂ ᠠᠷᠠᠳ ᠣᠯᠠᠨ ᠳᠤ ᠨᠠᠩ ᠣᠯᠠᠨ ᠨᠠᠩ ᠰᠠᠶᠢᠨ ᠣᠶᠤᠨ ᠤ ᠲᠡᠵᠢᠭᠡᠯ ᠬᠠᠩᠭᠠᠵᠤ᠂ ᠥᠨᠢ ᠡᠭᠦᠷᠢᠳᠡ ︽ᠲᠠᠯ᠎ᠠ ᠨᠤᠲᠤᠭ ᠤᠨ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠪᠣᠯᠤᠨ᠎ᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1