3 ᠳ᠋ᠤᠭᠠᠷ ᠰᠠᠷ᠎ᠠ ᠶᠢᠨ 1 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ | ᠳᠠᠷᠤᠭ᠎ᠠ ᠯᠢᠦ ᠵᠢᠶ ᠶᠢᠩ ᠬᠤᠷᠠᠯ ᠡᠷᠭᠢᠯᠡᠨ ᠬᠤᠷᠠᠯᠳᠤᠭᠤᠯᠵᠤ᠂ ᠭᠠᠵᠠᠷ ᠰᠢᠷᠣᠶ ᠶᠢᠨ ᠵᠤᠷᠰᠢᠯᠲᠤ ᠰᠢᠪᠠᠳᠠᠨ | ᠪᠠᠶᠢᠴᠠᠭᠠᠯᠲᠠ ᠪᠠ ᠳᠠᠭᠠᠭᠤᠯᠢ ᠣᠳᠣᠨ ᠤ ᠠᠯᠤᠰ ᠰᠡᠷᠡᠯ ᠤᠨ ᠵᠢᠷᠤᠭ ᠢᠶᠠᠷ ᠬᠠᠤᠯᠢ ᠬᠡᠷᠡᠭᠵᠢᠭᠦᠯᠵᠦ ᠪᠠᠶᠢᠴᠠᠭᠠᠬᠤ | ᠠᠰᠠᠭᠤᠳᠠᠯ ᠢ ᠴᠡᠭᠴᠡᠯᠡᠨ ᠥᠭᠡᠷᠡᠴᠢᠯᠡᠬᠦ ᠠᠵᠢᠯ ᠢ ᠳᠥᠯᠭᠢᠨ ᠠᠬᠢᠭᠤᠯᠬᠤ ᠲᠤᠬᠠᠶ ᠰᠤᠳᠤᠯᠪᠠ᠃ ᠰᠢᠶᠠᠨ ᠤ | ᠤᠳᠤᠷᠢᠳᠤᠯᠭ᠎ᠠ ᠯᠢᠦ ᡁᠢ ᠴᠢᠶᠠᠩ᠂ ᠡᠯ᠎ᠡ ᠪᠠᠯᠭᠠᠰᠤ᠂ ᠾᠧ ᠺᠸᠦ ᠬᠠᠮᠢᠶᠠᠷᠤᠯᠲᠠ ᠶᠢᠨ ᠵᠥᠪᠯᠡᠯ᠂ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠬᠤᠷᠠᠯ ᠠᠴᠠ ᠳᠡᠭᠡᠳᠦ ᠱᠠᠲᠤᠨ ᠤ ᠭᠠᠵᠠᠷ ᠰᠢᠷᠣᠶ ᠶᠢᠨ ᠵᠤᠷᠰᠢᠯᠲᠤ ᠱᠠᠯᠠᠪᠳᠠᠭᠤᠯᠤᠨ ᠪᠠᠶᠢᠴᠠᠭᠠᠯᠲᠠ᠂ | ᠭᠠᠵᠠᠷ ᠰᠢᠷᠣᠶ ᠶᠢᠨ ᠳᠠᠭᠠᠭᠤᠯᠢ ᠣᠳᠣᠨ ᠤ ᠠᠯᠤᠰ ᠰᠡᠷᠡᠯ ᠤᠨ ᠵᠢᠷᠤᠭ ᠢᠶᠠᠷ ᠬᠠᠤᠯᠢ ᠬᠡᠷᠡᠭᠵᠢᠭᠦᠯᠵᠦ ᠪᠠᠶᠢᠴᠠᠭᠠᠬᠤ | ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠢ ᠵᠠᠷᠯᠠᠨ ᠮᠡᠳᠡᠭᠳᠡᠵᠦ᠂ ᠣᠷᠣᠰᠢᠵᠤ | ᠪᠠᠶᠢᠭ᠎ᠠ ᠬᠦᠴᠢᠷᠳᠡᠯ ᠪᠠ ᠠᠰᠠᠭᠤᠳᠠᠯ ᠢ ᠵᠤᠷᠪᠤᠰ ᠳᠠᠷᠠᠭᠠᠯᠠᠨ ᠵᠠᠳᠠᠯᠵᠤ᠂ ᠰᠢᠶᠳᠪᠦᠷᠢᠯᠡᠬᠦ ᠲᠥᠰᠦᠯ ᠪᠠ ᠪᠣᠳᠠᠲᠠᠶ | ᠠᠷᠭ᠎ᠠ ᠬᠡᠮᠵᠢᠶ᠎ᠡ ᠶᠢ ᠰᠤᠳᠤᠯᠤᠨ ᠨᠠᠷᠢᠯᠢᠬᠵᠢᠭᠤᠯᠪᠠ᠃ | ᠬᠤᠷᠠᠯ ᠠᠴᠠ᠂ ᠡᠯ᠎ᠡ ᠪᠠᠯᠭᠠᠰᠤ᠂ ᠾᠧ ᠺᠸᠦ ᠬᠠᠮᠢᠶᠠᠷᠤᠯᠲᠠ ᠶᠢᠨ ᠵᠥᠪᠯᠡᠯ᠂ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠢᠨ ᠡᠯ᠎ᠡ ᠲᠦᠷᠦᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠬᠠᠷᠢᠭᠤᠴᠠᠯᠭᠠᠲᠤ | ᠨᠢᠭᠡᠴᠡ ᠶᠢᠨ ᠭᠤᠣᠯ ᠬᠠᠷᠢᠭᠤᠴᠠᠯᠭᠠᠲᠠᠨ ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠲᠤᠬᠢᠷᠠᠭᠤᠯᠵᠦ᠂ | ᠪᠡᠶ᠎ᠡ ᠪᠠᠷ ᠢᠶᠠᠨ ᠨᠠᠶᠢᠳᠠᠪᠤᠷᠢᠵᠢᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ | ᠠᠳᠬᠤᠬᠤ ᠲᠤᠯᠭᠠᠮ᠎ᠠ ᠰᠡᠳᠬᠢᠯᠭᠡ ᠪᠣᠯᠤᠨ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠴᠢᠩᠭᠠᠳᠬᠠᠬᠤ ᠬᠡᠷᠡᠭᠲᠡᠢ | ᠃ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠪᠣᠳᠠᠲᠠᠶ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ ᠬᠦᠴᠢᠷ | ᠲᠦᠭᠵᠢᠷᠡᠯ ᠢ ᠨᠡᠪᠲᠡᠷᠡᠭᠦᠯᠵᠦ᠂ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠴᠡᠭᠴᠡᠯᠡᠨ | ᠰᠠᠶᠢᠵᠢᠷᠠᠭᠤᠯᠬᠤ ᠡᠭᠦᠷᠭᠡ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ ᠪᠡᠶᠡᠯᠡᠭᠦᠯᠬᠦ ᠬᠡᠷᠡᠭᠲᠡᠶ᠃ ᠡᠯ᠎ᠡ ᠰᠠᠯᠠᠭ᠎ᠠ | ᠮᠥᠴᠢᠷ ᠤᠨ ᠵᠣᠬᠢᠴᠠᠭᠤᠯᠭ᠎ᠠ ᠬᠠᠮᠵᠢᠯᠴᠠᠭ᠎ᠠ ᠶᠢ ᠴᠢᠨᠠᠭᠰᠢᠳᠠ ᠴᠢᠩᠭᠠᠳᠬᠠᠵᠤ᠂ ᠵᠡᠷᠭᠡ ᠪᠠᠷ ᠠᠳᠬᠤᠵᠤ ᠬᠠᠮᠲᠤ ᠪᠠᠷ | ᠬᠠᠮᠢᠶᠠᠷᠬᠤ᠂ ᠪᠦᠬᠦ ᠬᠦᠴᠦᠨ ᠢᠶᠠᠷ ᠢᠶᠠᠨ ᠴᠡᠭᠴᠡᠯᠡᠨ ᠰᠠᠶᠢᠵᠢᠷᠠᠭᠤᠯᠬᠤ ᠰᠠᠶᠢᠨ ᠰᠠᠶᠢᠬᠠᠨ ᠪᠠᠶᠢᠳᠠᠯ ᠢ ᠪᠦᠷᠢᠯᠳᠦᠭᠦᠯᠬᠦ | ᠬᠡᠷᠡᠭᠲᠡᠢ᠃ ᠬᠠᠤᠯᠢ ᠲᠣᠭᠲᠠᠭᠠᠯ ᠶᠣᠰᠣᠭᠠᠷ᠂ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠬᠤᠳᠠᠯ ᠬᠠᠭᠤᠷᠮᠠᠭ | ᠢᠶᠠᠷ ᠴᠡᠭᠴᠡᠯᠡᠨ ᠰᠠᠶᠢᠵᠢᠷᠠᠭᠤᠯᠬᠤ᠂ ᠬᠠᠰᠢ ᠶᠠᠰᠢ ᠪᠠᠷ ᠴᠡᠭᠴᠡᠯᠡᠨ ᠰᠠᠶᠢᠵᠢᠷᠠᠭᠤᠯᠬᠤ ᠶᠢ ᠡᠷᠡᠰ ᠬᠤᠷᠢᠭᠯᠠᠵᠤ᠂ | ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠨᠢ ᠰᠢᠯᠭᠠᠯᠲᠠ ᠶᠢ ᠳᠠᠭᠠᠭᠠᠵᠤ ᠳᠡᠶᠢᠯᠬᠦ ᠶᠢ ᠪᠠᠲᠤᠯᠠᠬᠤ ᠬᠡᠷᠡᠭᠲᠡᠢ | ᠭᠡᠵᠦ ᠱᠠᠭᠠᠷᠳᠠᠪᠠ᠃ |