ᠲᠣᠭᠲᠠᠬᠤ ᠰᠢᠶᠠᠨ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ ᠪᠦᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠲᠤᠤᠱᠯᠠᠭᠤᠯᠪᠠ
ᠨᠡᠶᠢᠲᠡᠯᠡᠭᠰᠡᠨ ᠴᠠᠭ᠄
2021/3/20
      3 ᠳ᠋ᠤᠭᠠᠷ ᠰᠠᠷ᠎ᠠ ᠶᠢᠨ 16 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠪᠦᠬᠦ ᠰᠢᠶᠠᠨ ᠤ ᠺᠠᠳ᠋ᠷᠴᠤᠳ ᠤᠨ ᠶᠡᠭᠡ ᠬᠤᠷᠠᠯ ᠢ ᠡᠷᠬᠢᠯᠡᠨ ᠬᠤᠷᠠᠯᠳᠤᠭᠤᠯᠵᠤ᠂ ᠪᠥᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠲᠤᠤᠱᠯᠠᠭᠤᠯᠵᠤ᠂ ᠪᠥᠬᠦ ᠰᠢᠶᠠᠨ ᠤ ᠳᠡᠭᠡᠳᠦ ᠳᠣᠤᠷᠠᠳᠤ ᠱᠠᠲᠤᠨ ᠤ ᠬᠢᠨ ᠢ ᠳᠠᠶᠢᠴᠢᠯᠠᠨ ︽ᠳᠥᠷᠪᠡᠨ ᠤᠬᠠᠮᠰᠠᠷ︾ ᠢ ᠤᠯᠠᠮ ᠨᠢᠭᠡ ᠠᠯᠬᠤᠮ ᠴᠢᠩᠭᠠᠳᠬᠠᠵᠤ᠂ ︽ᠳᠥᠷᠪᠡᠨ ᠢᠲᠡᠭᠡᠯ︾ ᠢ ᠪᠠᠲᠤᠳᠬᠠᠨ᠂ ︽ᠬᠤᠶᠠᠷ ᠢ ᠬᠦᠷᠢᠶᠡᠯᠡᠬᠦ︾ ᠶᠢ ᠪᠡᠶᠡᠯᠡᠭᠦᠯᠵᠦ᠂ ᠴᠤᠴᠠᠯᠲᠠ ᠥᠬᠡᠶ ᠲᠡᠮᠡᠴᠡᠬᠦ ᠳᠦᠷᠢ ᠪᠠᠶᠢᠳᠠᠯ ᠢᠶᠠᠷ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠰᠠᠶᠢᠨ ᠡᠬᠢᠯᠡᠯᠲᠡ ᠲᠠᠢ ᠪᠣᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠵᠢᠭᠠᠨ ᠭᠠᠷᠭᠠᠪᠠ᠃      ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠤ ᠣᠭ ᠵᠣᠬᠢᠶᠠᠯ ᠨᠢ ᠰᠢ ᠶᠢᠨ ᠫᠢᠩ ᠶᠡᠷᠦᠩᠬᠡᠶ ᠱᠦᠵᠢ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠶᠠᠷᠢᠯᠴᠠᠬᠤ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠵᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠲᠢᠶᠠᠨ ᠸᠤᠨ ᠭᠦ ᠪᠥᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠤᠯᠠᠮᠵᠢᠯᠠᠪᠠ᠃      ᠯᠢ ᠴᠦᠨ ᠶᠠᠨ ᠴᠢᠬᠤᠯᠠᠴᠢᠯᠠᠭᠰᠠᠨ ᠨᠢ᠂ ᠪᠦᠬᠦ ᠰᠢᠶᠠᠨ ᠢᠶᠠᠷ ᠢᠶᠠᠨ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠦᠨᠡᠨᠬᠦ ᠳᠡᠭᠡᠳᠦ ᠬᠡᠮᠵᠢᠶ᠎ᠡ ᠪᠠᠷ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠪᠣᠳᠠᠲᠠᠢ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ ᠲᠤᠰ ᠤᠳᠠᠭ᠎ᠠ ᠶᠢᠨ ᠪᠦᠬᠦ ᠤᠯᠤᠰ ᠤᠨ ︽ᠬᠤᠶᠠᠷ ᠬᠤᠷᠠᠯ︾ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠪᠦᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ᠂ ᠰᠠᠶᠢᠲᠤᠷ ᠤᠬᠠᠭᠤᠯᠵᠤ᠂ ᠰᠠᠶᠢᠲᠤᠷ ᠲᠤᠤᠱᠯᠠᠭᠤᠯᠬᠤ ᠬᠡᠷᠡᠭᠲᠡᠢ᠂ ᠣᠨᠴᠠᠭᠠᠶᠢᠯᠠᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠦ᠂ ᠰᠠᠶᠢᠲᠤᠷ ᠤᠬᠠᠭᠤᠯᠵᠤ᠂ ᠰᠠᠶᠢᠲᠤᠷ ᠲᠤᠤᠱᠯᠠᠭᠤᠯᠬᠤ ᠬᠡᠷᠡᠭᠲᠡᠢ᠃ ᠪᠦᠬᠦ ᠰᠢᠶᠠᠨ ᠤ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠦᠳᠲᠡᠷ ᠲᠦᠷᠭᠡᠨ ᠬᠥᠳᠡᠯᠦᠯᠴᠡᠵᠦ᠂ ᠪᠦᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠬᠠᠯᠠᠭᠤᠨ ᠥᠷᠨᠢᠯᠲᠡ ᠭᠠᠷᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠬᠦ ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ ᠪᠣᠯᠤᠨ ᠠᠵᠢᠯᠯᠠᠭᠠᠨ ᠤ ᠤᠬᠠᠮᠰᠠᠷ ᠢᠶᠠᠨ ᠳᠡᠭᠡᠭᠰᠢᠯᠡᠭᠦᠯᠬᠦ ᠬᠡᠷᠡᠭᠲᠡᠢ᠃ ︽ᠬᠤᠶᠠᠷ ᠢ  ᠬᠦᠷᠢᠶᠡᠯᠡᠬᠦ︾ ᠤᠯᠤᠰ ᠲᠦᠷᠦ ᠶᠢᠨ ᠦᠨᠳᠦᠷᠴᠡ ᠳᠤ ᠵᠣᠭᠰᠣᠵᠤ᠂ ᠵᠣᠷᠢᠭ ᠰᠠᠨᠠᠭᠠᠨ ᠤ ᠮᠥᠨ ᠴᠢᠨᠠᠷ ᠪᠣᠯᠤᠨ ᠪᠠᠶᠠᠯᠢᠭ ᠠᠭᠤᠯᠤᠭᠳᠠᠬᠤᠨ ᠢ ᠣᠨᠣᠪᠴᠢᠲᠠᠢ ᠡᠵᠡᠮᠳᠡᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠶᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠵᠦ᠂ ᠡᠯ᠎ᠡ ᠲᠠᠯ᠎ᠠ ᠶᠢᠨ ᠬᠦᠴᠦᠨ ᠴᠢᠳᠠᠯ ᠪᠣᠯᠤᠨ ᠤᠶᠤᠨ ᠤᠬᠠᠭᠠᠨ ᠢ ᠪᠦᠬᠦ ᠤᠯᠤᠰ ᠤᠨ ︽ᠬᠤᠶᠠᠷ ᠬᠤᠷᠠᠯ︾ ᠳᠤ ᠳᠤᠷᠠᠳᠤᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠡᠭᠡᠷ᠎ᠡ ᠨᠢᠭᠲᠠᠷᠠᠭᠤᠯᠬᠤ ᠬᠡᠷᠡᠭᠲᠡᠢ᠃ ᠤᠬᠠᠭᠤᠯᠤᠨ ᠲᠠᠶᠢᠯᠪᠤᠷᠢᠯᠠᠬᠤ ᠲᠥᠰᠦᠯ ᠢ ᠰᠠᠶᠢᠲᠤᠷ ᠲᠣᠭᠲᠠᠭᠠᠵᠤ᠂ ᠤᠬᠠᠭᠤᠯᠭ᠎ᠠ ᠶᠢᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠵᠦ᠂ ᠠᠷᠭ᠎ᠠ ᠬᠡᠯᠪᠡᠷᠢ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠪᠦᠬᠦ ᠲᠠᠯ᠎ᠠ ᠶᠢᠨ᠂ ᠥᠨᠴᠥᠭ ᠪᠤᠯᠤᠩ ᠦᠭᠡᠢ ᠤᠬᠠᠭᠤᠯᠭ᠎ᠠ ᠶᠢ ᠥᠷᠨᠢᠭᠦᠯᠵᠦ᠂ ᠲᠩᠷᠢ ᠭᠠᠵᠠᠷ ᠢ ᠪᠦᠷᠬᠦᠭᠰᠡᠨ ᠤᠬᠠᠭᠤᠯᠭ᠎ᠠ ᠶᠢᠨ ᠰᠦᠷ ᠬᠦᠴᠦᠨ ᠢ ᠪᠤᠢ ᠪᠣᠯᠭᠠᠬᠤ ᠬᠡᠷᠡᠭᠲᠡᠢ ᠭᠡᠪᠡ᠃      ᠯᠢ ᠴᠦᠨ ᠶᠠᠨ ᠴᠢᠬᠤᠯᠠᠴᠢᠯᠠᠭᠰᠠᠨ ᠨᠢ᠂ ᠡᠨᠡ ᠵᠢᠯ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠮᠥᠨ᠂ ᠪᠠᠰᠠ ᠴᠤ ᠨᠠᠮ ᠪᠠᠶᠢᠭᠤᠯᠤᠭᠳᠠᠭᠰᠠᠨ 100 ᠵᠢᠯ ᠤᠨ ᠣᠶ ᠮᠥᠨ ᠪᠣᠯᠬᠤᠷ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠨᠢ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ ᠃ ᠪᠦᠬᠦ ᠰᠢᠶᠠᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠪᠦᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠬᠠᠷᠢᠴᠠᠭᠤᠯᠤᠨ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ᠂ ᠰᠣᠶᠣᠯ ᠵᠤᠭᠠᠴᠠᠯ ᠤᠨ ᠦᠢᠯᠡᠰ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠨ᠎ᠠ᠃ ᠬᠥᠭᠵᠢᠯᠲᠡ ᠪᠣᠯᠤᠨ ᠠᠮᠤᠷ ᠲᠦᠪᠰᠢᠨ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠡᠬᠢᠯᠡᠯᠲᠡ ᠶᠢᠨ ᠬᠤᠭᠤᠴᠠᠭ᠎ᠠ ᠪᠣᠯ ᠰᠢᠢᠳᠪᠦᠷᠢᠲᠦ ᠪᠠᠶᠢᠯᠳᠤᠭᠠᠨ ᠮᠥᠨ᠂ ᠡᠬᠢᠯᠡᠨ ᠭᠦᠶᠦᠬᠦ ᠳᠤ ᠰᠢᠪᠲᠤᠯᠤᠯᠲᠠ ᠬᠢᠬᠦ ᠡᠷᠡᠰ ᠵᠣᠷᠢᠭ ᠢᠶᠠᠷ ᠠᠵᠢᠯ ᠨᠢᠭᠡᠪᠦᠷᠢ ᠶᠢ ᠰᠠᠶᠢᠲᠤᠷ ᠬᠢᠵᠦ᠂ ᠡᠳᠦᠷ ᠪᠦᠷᠢ ᠶᠢ ᠰᠠᠶᠢᠲᠤᠷ ᠬᠢᠵᠦ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ ᠭᠡᠪᠡ᠃      ᠯᠢ ᠴᠦᠨ ᠶᠠᠨ᠂ ᠰᠢᠨ᠎ᠡ ᠴᠠᠭ ᠦᠶ᠎ᠡ ᠰᠢᠨ᠎ᠡ ᠳᠦᠷᠰᠦ ᠪᠠᠶᠢᠳᠠᠯ ᠰᠢᠨ᠎ᠡ ᠵᠢᠳᠬᠦᠯ ᠴᠢᠷᠮᠠᠶᠢᠯᠭ᠎ᠠ ᠳᠤ ᠨᠢᠭᠡᠨ ᠰᠠᠯᠠᠭ᠎ᠠ ᠤᠯᠤᠰ ᠲᠦᠷᠦ ᠶᠢᠨ ᠲᠠᠯ᠎ᠠ ᠪᠠᠷ ᠪᠠᠲᠤ ᠴᠢᠩᠭ᠎ᠠ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠴᠢᠳᠠᠮᠠᠭᠠᠢ ᠪᠠᠷ ᠠᠵᠢᠯᠯᠠᠵᠤ ᠴᠢᠳᠠᠮᠠᠭᠠᠢ ᠪᠠᠷ ᠪᠦᠲᠦᠭᠡᠬᠦ ᠥᠨᠳᠥᠷ ᠬᠡᠪ ᠪᠣᠯᠪᠠᠰᠤᠷᠠᠯ ᠲᠠᠢ ᠺᠠᠳ᠋ᠷ ᠤᠨ ᠡᠩᠨᠡᠭᠡ ᠱᠠᠭᠠᠷᠳᠠᠭᠳᠠᠨ᠎ᠠ᠃ ᠪᠦᠬᠦ ᠰᠢᠶᠠᠨ ᠤ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠬᠠᠳᠠ ᠴᠢᠯᠠᠭᠤ ᠮᠡᠲᠦ ᠪᠠᠲᠤ ᠴᠢᠩᠭ᠎ᠠ ᠤᠯᠤᠰ ᠲᠥᠷᠥ ᠶᠢᠨ ᠪᠠᠲᠤ ᠬᠦᠴᠦᠨ ᠲᠠᠢ ᠪᠠᠶᠢᠵᠤ᠂ ᠲᠡᠷᠢᠭᠦᠨ ᠳᠤ ᠣᠷᠣᠬᠤ ᠪᠠᠷ ᠮᠡᠷᠡᠶᠢᠨ ᠴᠢᠷᠮᠠᠶᠢᠬᠤ ᠬᠡᠪ ᠳᠠᠭᠤᠷᠢᠶᠠᠯ ᠤᠨ ᠤᠬᠠᠮᠰᠠᠷ ᠢ ᠪᠤᠶ ᠪᠣᠯᠭᠠᠵᠤ᠂ ᠰᠢᠷᠭᠠᠭᠤ ᠠᠵᠢᠯᠯᠠᠵᠤ ᠪᠣᠳᠠᠲᠠᠢ ᠠᠵᠢᠯᠯᠠᠬᠤ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠵᠤ᠂ ᠨᠠᠮ ᠤᠨ ᠲᠡᠦᠬᠡ ᠶᠢᠨ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠨᠠᠮ ᠤᠨ ᠲᠡᠦᠬᠡ ᠶᠢ ᠰᠤᠷᠤᠯᠴᠠᠵᠤ᠂ ᠦᠵᠡᠯ ᠰᠠᠨᠠᠭ᠎ᠠ ᠶᠢ ᠣᠶᠢᠯᠠᠭᠠᠵᠤ ᠂ ᠪᠣᠳᠠᠲᠤ ᠶᠠᠪᠤᠳᠠᠯ ᠬᠢᠵᠦ᠂ ᠰᠢᠨ᠎ᠡ ᠪᠠᠶᠢᠳᠠᠯ ᠢ ᠨᠡᠭᠡᠭᠡᠵᠦ᠂ ᠨᠡᠩ ᠴᠤᠭ ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠲᠡᠮᠡᠴᠡᠯ ᠤᠨ ᠳᠦᠷᠰᠦ ᠪᠠᠶᠢᠳᠠᠯ ᠢᠶᠠᠷ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠵᠤ᠂ ᠰᠢᠨ᠎ᠡ ᠠᠶᠠᠨ ᠵᠠᠮ ᠳᠠᠭᠠᠨ ᠡᠷᠡᠯᠬᠡᠭᠯᠡᠨ ᠤᠷᠤᠭᠰᠢᠯᠠᠵᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠰᠢᠯᠢᠳᠡᠭ ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠶ᠎ᠡ︕ ᠭᠡᠵᠡᠢ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1