ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠵᠢᠴᠢ ᠰᠢᠶᠠᠨ ᠤ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠲᠤᠭᠤᠶᠢᠯᠠᠩ ᠨᠢᠭᠡᠳᠤᠭᠡᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/3/20
      3  ᠳ᠋ᠤᠭᠠᠷ ᠰᠠᠷ᠎ᠠ ᠶᠢᠨ 16 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 231 ᠳ᠋ᠦᠭᠡᠷ ᠬᠤᠷᠠᠯᠳᠤᠭᠠᠨ ᠵᠢᠴᠢ ᠰᠢᠶᠠᠨ ᠤ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠬᠤᠷᠠᠯᠳᠤᠭᠠᠨ ᠬᠤᠷᠠᠯᠳᠤᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠬᠤᠷᠠᠯ ᠡᠷᠭᠢᠯᠡᠪᠡ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠠᠵᠢᠯ ᠤᠨ ᠬᠤᠪᠢᠶᠠᠷᠢᠯᠠᠯ ᠤᠨ ᠲᠥᠰᠦᠯ᠂ ᠲᠤᠰᠬᠠᠢ ᠰᠡᠳᠦᠪᠲᠦ ᠡᠭᠡᠯᠵᠢᠯᠡᠨ ᠪᠣᠯᠪᠠᠰᠤᠷᠠᠭᠤᠯᠬᠤ ᠲᠥᠰᠦᠯ᠂ ᠤᠬᠠᠭᠤᠯᠤᠨ ᠲᠠᠶᠢᠯᠪᠤᠷᠢᠯᠠᠬᠤ ᠠᠵᠢᠯ ᠤᠨ ᠲᠥᠰᠦᠯ ᠢ ᠮᠠᠨ ᠤ ᠰᠢᠶᠠᠨ ᠳᠤ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠨ ᠵᠥᠪᠯᠡᠭᠰᠡᠨ ᠪᠥᠭᠡᠳ ᠵᠠᠷᠴᠢᠮ ᠳᠡᠭᠡᠷ᠎ᠡ ᠪᠠᠨ ᠪᠠᠲᠤᠯᠠᠪᠠ︔ ᠲᠣᠭᠲᠠᠬᠤ ᠰᠢᠶᠠᠨ ᠤ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠳᠦᠷᠢᠮ᠂ ᠲᠣᠭᠤᠷᠢᠨ ᠵᠢᠯᠣᠭᠤᠳᠬᠤ ᠳᠤᠭᠤᠶᠢᠯᠠᠩ ᠤᠨ ᠠᠵᠢᠯ ᠤᠨ ᠳᠦᠷᠢᠮ ᠪᠣᠯᠤᠨ ᠠᠯᠪᠠᠨ ᠭᠡᠷ ᠤᠨ ᠠᠵᠢᠯ ᠤᠨ ᠳᠦᠷᠢᠮ᠂ ᠪᠦᠬᠦ ᠰᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠬᠡᠷᠡᠭᠵᠢᠭᠦᠯᠬᠦ ᠲᠥᠰᠦᠯ ᠢ ᠬᠢᠨᠠᠨ ᠵᠥᠪᠯᠡᠭᠰᠡᠨ ᠪᠥᠭᠡᠳ ᠵᠠᠷᠴᠢᠮ ᠳᠡᠭᠡᠷ᠎ᠡ ᠪᠠᠨ ᠪᠠᠲᠤᠯᠠᠪᠠ᠃      ᠬᠤᠷᠠᠯ ᠠᠴᠠ᠂ ︽ᠬᠤᠶᠠᠷ ᠢ ᠬᠦᠷᠢᠶᠡᠯᠡᠬᠦ︾ ᠦᠨᠳᠦᠷᠴᠡ ᠠᠴᠠ ᠭᠦᠨᠵᠡᠭᠡᠢ ᠰᠤᠳᠤᠯᠤᠨ ᠨᠠᠷᠢᠨ ᠤᠩᠰᠢᠵᠤ᠂ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠬᠤ ᠬᠡᠷᠡᠭᠲᠡᠢ︔ ᠤᠬᠠᠭᠤᠯᠤᠨ ᠲᠠᠶᠢᠯᠪᠤᠷᠢᠯᠠᠬᠤ ᠠᠵᠢᠯ ᠢ ᠨᠠᠷᠢᠨ ᠨᠢᠮᠪᠠᠢ ᠰᠠᠶᠢᠲᠤᠷ ᠠᠳᠬᠤᠵᠤ᠂ ᠪᠦᠬᠦ ᠰᠢᠶᠠᠨ ᠤ ᠳᠡᠭᠡᠳᠦ ᠲᠤᠤᠷᠠᠳᠤ ᠱᠠᠲᠤᠨ ᠳᠤ ᠰᠤᠷᠤᠯᠴᠠᠵᠦ ᠤᠬᠠᠭᠤᠯᠤᠨ ᠲᠤᠤᠱᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠭᠠᠷᠭᠠᠬᠤ ᠬᠡᠷᠡᠭᠲᠡᠢ︔ ᠨᠠᠶᠢᠳᠠᠪᠤᠷᠢᠵᠢᠭᠤᠯᠤᠯᠲᠠ ᠶᠢ ᠲᠡᠷᠡ ᠶᠣᠰᠣᠭᠠᠷ ᠨᠢ ᠰᠠᠶᠢᠲᠤᠷ ᠠᠳᠬᠤᠵᠤ ᠂ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠤᠱᠯᠠᠭᠤᠯᠬᠤ ᠲᠠᠯ᠎ᠠ ᠪᠠᠷ ᠰᠢᠨ᠎ᠡ ᠡᠭᠦᠷᠭᠡᠯᠡᠯ ᠢ ᠢᠯᠡᠷᠡᠭᠦᠯᠵᠦ᠂ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠬᠦ ᠬᠡᠷᠡᠭᠲᠡᠢ ᠭᠡᠵᠦ ᠵᠢᠠᠭᠠᠨ ᠭᠠᠷᠭᠠᠪᠠ᠃      ᠬᠤᠷᠠᠯ ᠠᠴᠠ᠂ ᠶᠡᠷᠦᠩᠬᠡᠢ ᠱᠦᠵᠢ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠬᠤ ᠶᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠨᠢᠭᠡᠳᠦᠭᠡᠷ ᠬᠢᠴᠢᠶᠡᠯ ᠪᠣᠯᠭᠠᠵᠤ᠂ ᠤᠯᠤᠰ ᠲᠦᠷᠦ ᠶᠢᠨ ᠬᠠᠷᠠᠴᠠ ᠪᠣᠯᠤᠨ ᠲᠡᠦᠬᠡ ᠶᠢᠨ ᠬᠠᠷᠠᠴᠠ ᠪᠠᠷ᠂ ᠨᠠᠮ ᠤᠨ ᠲᠡᠦᠬᠡ ᠶᠢᠨ ᠬᠥᠮᠦᠵᠢᠯ ᠢ ᠥᠷᠨᠢᠭᠦᠯᠬᠦ ᠶᠢᠨ ᠲᠦᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠬᠤ ᠬᠡᠷᠡᠭᠲᠡᠢ᠃ ᠨᠠᠮ ᠤᠨ ᠲᠡᠦᠬᠡ ᠶᠢ ᠰᠤᠷᠤᠯᠴᠠᠨ ᠰᠡᠳᠬᠢᠵᠦ ᠦᠢᠯᠡᠳᠦᠯᠭᠡᠵᠢᠭᠦᠯᠦᠨ ᠣᠶᠢᠯᠠᠭᠠᠬᠤ ᠳᠤᠮᠳᠠ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠵᠦ᠂ ᠨᠠᠮ ᠤᠨ ᠵᠠᠭᠤᠨ ᠵᠢᠯ ᠤᠨ ᠠᠭᠤᠤ ᠶᠡᠭᠡ ᠲᠡᠮᠡᠴᠡᠯ ᠤᠨ ᠲᠡᠦᠬᠡ ᠠᠴᠠ ︽ᠬᠤᠶᠠᠷ ᠢ ᠬᠦᠷᠢᠶᠡᠯᠡᠬᠦ︾ ᠤᠯᠤᠰ ᠲᠦᠷᠦ ᠶᠢᠨ ᠤᠬᠠᠮᠰᠠᠷ ᠢ ᠳᠠᠪᠲᠠᠨ ᠪᠣᠯᠪᠠᠰᠤᠷᠠᠭᠤᠯᠬᠤ ᠬᠡᠷᠡᠭᠲᠡᠢ᠃ ︽ᠨᠠᠮ ᠤᠨ ᠲᠡᠦᠬᠡ ᠶᠢ ᠰᠤᠷᠤᠯᠴᠠᠬᠤ᠂ ᠦᠵᠡᠯ ᠰᠠᠨᠠᠭ᠎ᠠ ᠶᠢ ᠣᠶᠢᠯᠠᠭᠠᠬᠤ᠂ ᠪᠣᠳᠠᠲᠠᠢ ᠶᠠᠪᠤᠳᠠᠯ ᠬᠢᠬᠦ᠂ ᠰᠢᠨ᠎ᠡ ᠪᠠᠶᠢᠳᠠᠯ ᠢ ᠨᠡᠭᠡᠭᠡᠬᠦ︾ ᠬᠠᠷᠠᠯᠲᠠ ᠴᠢᠭᠯᠡᠯ ᠢ ᠪᠠᠲᠤ ᠡᠵᠡᠮᠳᠡᠵᠦ᠂ ᠭᠤᠣᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠲᠡᠦᠬᠡ ᠰᠤᠷᠴᠤ ᠶᠣᠰᠣ ᠤᠴᠢᠷ ᠢ ᠣᠶᠢᠯᠠᠭᠠᠬᠤ᠂ ᠲᠡᠦᠬᠡ ᠰᠤᠷᠴᠤ ᠢᠲᠡᠭᠡᠯᠴᠡᠭᠡ ᠪᠠᠨ ᠨᠡᠮᠡᠭᠳᠡᠭᠦᠯᠬᠦ᠂ ᠲᠡᠦᠬᠡ ᠰᠤᠷᠴᠤ ᠶᠣᠰᠣ ᠰᠤᠷᠲᠠᠬᠤᠨ ᠢ ᠡᠷᠬᠢᠮᠯᠡᠬᠦ᠂ ᠲᠡᠦᠬᠡ ᠰᠤᠷᠴᠤ ᠴᠢᠷᠮᠠᠶᠢᠨ ᠬᠡᠷᠡᠭᠵᠢᠭᠦᠯᠬᠦ ᠶᠢ ᠦᠨᠡᠨᠬᠦ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠠᠢ ᠣᠷᠭᠠᠨᠢᠭ ᠢᠶᠠᠷ ᠤᠶᠠᠯᠳᠤᠭᠤᠯᠵᠤ᠂ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ ᠲᠡᠦᠬᠡ ᠰᠤᠷᠴᠤ ᠶᠣᠰᠣ ᠤᠴᠢᠷ ᠢ ᠣᠶᠢᠯᠠᠭᠠᠬᠤ᠂ ᠲᠡᠦᠬᠡ ᠰᠤᠷᠴᠤ ᠢᠲᠡᠭᠡᠯᠴᠡᠭᠡ ᠪᠠᠨ ᠨᠡᠮᠡᠭᠳᠡᠭᠦᠯᠬᠦ᠂ ᠲᠡᠦᠬᠡ ᠰᠤᠷᠴᠤ ᠶᠣᠰᠣ ᠰᠤᠷᠲᠠᠬᠤᠨ ᠢ ᠡᠷᠬᠢᠮᠯᠡᠬᠦ᠂ ᠲᠡᠦᠬᠡ ᠰᠤᠷᠴᠤ ᠴᠢᠷᠮᠠᠶᠢᠨ ᠬᠡᠷᠡᠭᠵᠢᠭᠦᠯᠬᠦ ᠶᠢ ᠬᠦᠳᠦᠯᠦᠨ ᠵᠢᠯᠣᠭᠤᠳᠬᠤ ᠬᠡᠷᠡᠭᠲᠡᠢ᠃ ᠰᠤᠷᠭᠠᠨ ᠬᠥᠮᠦᠵᠢᠯ ᠤᠨ ᠴᠡᠭᠴᠡᠯᠡᠯᠲᠡ ᠶᠢ ᠮᠠᠨ ᠤ ᠰᠢᠶᠠᠨ ᠤ ᠨᠢᠭᠡᠨᠲᠡ ᠥᠷᠨᠢᠭᠦᠯᠦᠭᠰᠡᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ︽3+2︾ ᠲᠤᠰᠬᠠᠢ ᠴᠡᠭᠴᠡᠯᠡᠨ ᠵᠠᠰᠠᠯᠲᠠ ᠪᠠ ᠤᠯᠤᠰ ᠲᠦᠷᠦ ᠬᠠᠤᠯᠢ ᠴᠠᠭᠠᠵᠠ ᠶᠢᠨ ᠬᠦᠷᠢᠶᠡᠨ ᠤ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠠᠢ ᠤᠶᠠᠯᠳᠤᠭᠤᠯᠵᠤ᠂ ᠨᠢᠭᠡ ᠴᠤᠭᠴᠠᠵᠢᠭᠤᠯᠤᠨ ᠠᠬᠢᠭᠤᠯᠵᠤ ᠨᠠᠶᠢᠳᠠᠪᠤᠷᠢᠵᠢᠭᠤᠯᠬᠤ ᠬᠡᠷᠡᠭᠲᠡᠢ᠃ ᠠᠭᠤᠴᠢᠯᠠᠨ ᠰᠢᠳᠬᠡᠬᠦ ᠪᠠ ᠴᠢᠩᠭ᠎ᠠ ᠰᠢᠳᠬᠡᠬᠦ ᠶᠢ ᠬᠤᠣᠰᠯᠠᠭᠤᠯᠬᠤ ᠶᠢ ᠪᠠᠷᠢᠮᠲᠠᠯᠠᠵᠤ᠂ ᠲᠦᠷᠢᠮ ᠤᠨ ᠬᠠᠰᠢᠶ᠎ᠠ ᠶᠢ ᠴᠢᠩᠭ᠎ᠠ ᠪᠠᠬᠢᠯᠡᠵᠦ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠳᠣᠲᠣᠭᠠᠳᠤ ᠶᠢ ᠬᠠᠮᠠᠭᠠᠯᠠᠬᠤ᠂ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ ᠵᠡᠷᠭᠡ ᠤᠯᠤᠰ ᠲᠦᠷᠤ ᠬᠠᠤᠯᠢ ᠴᠠᠭᠠᠵᠠ ᠶᠢᠨ ᠰᠠᠯᠠᠭ᠎ᠠ ᠮᠥᠴᠢᠷ ᠤᠨ ︽ᠨᠢᠭᠡᠳᠦᠭᠡᠷ ᠭᠠᠷ︾ ᠲᠦᠷᠦᠭᠦᠯᠡᠨ ᠠᠰᠠᠭᠤᠳᠠᠯ ᠢ ᠪᠠᠶᠢᠴᠠᠭᠠᠨ ᠵᠠᠯᠠᠷᠠᠭᠤᠯᠵᠤ᠂ ᠲᠦᠷᠦᠭᠦᠯᠡᠨ ᠴᠡᠭᠴᠡᠯᠡᠨ ᠵᠠᠰᠠᠬᠤ ᠶᠢ ᠲᠦᠯᠬᠢᠨ ᠠᠬᠢᠭᠤᠯᠵᠤ᠂ ᠲᠦᠷᠦᠭᠦᠯᠡᠨ ᠰᠢᠪᠠᠳᠠᠨ ᠵᠢᠯᠣᠭᠤᠳᠴᠤ ᠨᠠᠶᠢᠳᠠᠪᠤᠷᠢᠵᠢᠭᠤᠯᠤᠨ᠂ ᠰᠤᠷᠲᠠᠯ ᠢ ᠵᠠᠯᠠᠷᠠᠭᠤᠯᠤᠨ ᠭᠡᠮ ᠰᠣᠭᠤᠭ ᠢ ᠵᠠᠰᠠᠬᠤ ᠶᠢ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠦᠨᠡᠨ ᠴᠡᠭᠴᠡᠯᠡᠬᠦ᠂ ᠦᠨᠡᠨ ᠴᠡᠭᠴᠡᠯᠡᠨ ᠰᠠᠶᠢᠵᠢᠷᠠᠭᠤᠯᠬᠤ᠂ ᠦᠨᠡᠨ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠵᠢᠭᠠᠨ ᠭᠠᠷᠭᠠᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1