ᠱᠤᠸᠠᠩ ᠾᠧ ᠪᠠᠯᠭᠠᠰᠤ᠂  ᠰᠢᠨ᠎ᠡ ᠶᠢᠩᠽᠢ ᠪᠠᠯᠭᠠᠰᠤ ᠪᠠᠶᠠᠯᠢᠭ ᠰᠠᠶᠢᠬᠠᠨ ᠠᠵᠢᠯᠯᠠᠭ᠎ᠠ ᠥᠷᠨᠢᠭᠦᠯᠵᠦ ︽3 · 8︾ ᠤ ᠳᠡᠯᠡᠬᠡᠶ ᠶᠢᠨ ᠡᠮᠡᠭᠲᠡᠶᠢᠴᠦᠳ ᠤᠨ ᠪᠠᠶᠠᠷ ᠢ ᠪᠡᠯᠭᠡᠯᠡᠪᠡ
ᠨᠡᠶᠢᠲᠡᠯᠡᠭᠰᠡᠨ ᠴᠠᠭ᠄
2021/3/20
      ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠢᠨ ᠲᠥᠯᠥᠭᠡ᠂ 111 ᠳ᠋ᠤᠭᠡᠷ ︽3 · 8︾ ᠤ ᠳᠡᠯᠡᠬᠡᠶ ᠶᠢᠨ ᠬᠥᠳᠡᠯᠮᠦᠷᠢᠴᠢᠨ ᠡᠮᠡᠭᠲᠡᠶᠢᠴᠦᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠱᠤᠸᠠᠩ ᠾᠧ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠷᠢᠳᠴᠢᠯᠠᠨ ᠠᠷᠭ᠎ᠠ ᠤᠬᠠᠭᠠᠨ ᠰᠦᠪᠡᠭᠴᠢᠯᠡᠵᠦ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ︽ᠡᠮᠡᠭᠲᠡᠶᠢᠴᠦᠳ ᠰᠡᠳᠬᠢᠯ ᠵᠢᠷᠦᠬᠡ ᠪᠠᠨ ᠨᠠᠮ ᠳᠠᠭᠠᠨ ᠬᠠᠨᠳᠤᠭᠤᠯᠵᠤ᠂ ᠰᠢᠨ᠎ᠡ ᠠᠶᠠᠨ ᠵᠠᠮ ᠳᠠᠭᠠᠨ ᠡᠷᠡᠯᠬᠡᠭᠯᠡᠨ ᠤᠷᠤᠭᠰᠢᠯᠠᠶ᠎ᠠ︾ ᠭᠡᠳᠡᠭ ᠢᠶᠠᠷ ᠭᠤᠤᠯ ᠰᠡᠳᠦᠪ ᠪᠣᠯᠭᠠᠭᠰᠠᠨ ︽3 · 8︾ ᠤ ᠪᠠᠶᠠᠷ︾ ᠤᠨ ᠰᠢᠷᠢᠰ ᠠᠵᠢᠯᠯᠠᠭ᠎ᠠ ᠶᠢ ᠡᠷᠭᠢᠯᠡᠪᠡ᠃      ᠲᠣᠰ ᠤᠳᠠᠭᠠᠨ ᠤ ᠠᠵᠢᠯᠯᠠᠭ᠎ᠠ ᠳᠤ ᠭᠤᠤᠯᠳᠠᠭᠤ ︽ᠲᠥᠷᠬᠦᠮ ᠤᠨ ᠬᠥᠮᠦᠰ ᠲᠠᠨ ᠢ ᠤᠷᠢᠵᠤ ᠬᠡᠷ ᠲᠡᠭᠡᠨ ᠬᠠᠷᠢᠭᠤᠯᠤᠶ᠎ᠠ︾ ᠭᠡᠬᠦ ᠶᠠᠷᠢᠯᠴᠠᠬᠤ ᠬᠤᠷᠠᠯ᠂ ᠨᠠᠮ ᠳᠤ ᠣᠷᠣᠬᠤ ᠲᠠᠩᠭᠠᠷᠢᠭ ᠤᠨ ᠦᠭᠡᠰ᠂ ᠴᠡᠴᠡᠭ ᠤᠨ ᠤᠷᠠᠯᠢᠭ ᠤᠨ ᠬᠢᠴᠢᠶᠡᠯ ᠤᠨ ᠲᠠᠩᠬᠢᠮ ᠢ ᠳᠠᠬᠢᠨ ᠰᠠᠨᠠᠭᠠᠯᠵᠠᠬᠤ᠂ ᠺᠢᠨᠣ᠋ ︽ᠮᠠᠩᠯᠠᠶᠢᠯᠠᠬᠤ︾ ᠵᠡᠷᠭᠡ ᠰᠢᠷᠢᠰ ᠠᠵᠢᠯᠯᠠᠭ᠎ᠠ ᠶᠢ ᠡᠷᠭᠢᠯᠡᠵᠡᠶ᠃     ᠶᠠᠷᠢᠯᠴᠠᠬᠤ ᠬᠤᠷᠠᠯ ᠳᠡᠭᠡᠷ᠎ᠡ᠂ ᠡᠮᠡᠭᠲᠡᠢ ᠺᠠᠳ᠋ᠷᠴᠤᠳ ︽ᠡᠮᠡᠭᠲᠡᠶᠢᠴᠦᠳ ᠤᠨ ᠰᠡᠳᠬᠢᠯ ᠨᠠᠮ ᠢᠶᠠᠨ ᠵᠣᠷᠢᠵᠤ᠂ ᠰᠢᠨ᠎ᠡ ᠠᠶᠠᠨ ᠳᠠᠭᠠᠨ ᠡᠷᠡᠯᠬᠡᠭᠯᠡᠨ ᠤᠷᠤᠭᠰᠢᠯᠠᠬᠤ︾ ᠪᠠᠷ ᠭᠤᠣᠯᠳᠠᠭᠤᠯᠤᠨ ᠪᠤᠳᠤᠭᠰᠠᠨ ᠢᠶᠠᠨ ᠠᠭᠤᠵᠢᠷᠠᠲᠠᠯ᠎ᠠ ᠶᠠᠷᠢᠵᠤ᠂ ᠥᠩᠭᠡᠷᠡᠭᠰᠡᠨ ᠨᠢᠭᠡ ᠵᠢᠯ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠠᠵᠢᠯ ᠤᠨ ᠳᠤᠮᠳᠠ ᠬᠤᠷᠠᠮᠳᠤᠭᠤᠯᠤᠭᠰᠠᠨ ᠠᠵᠢᠯ ᠤᠨ ᠲᠤᠷᠰᠢᠯᠭ᠎ᠠ ᠪᠠᠨ ᠬᠤᠪᠢᠶᠠᠯᠴᠠᠵᠤ᠂ ᠥᠷᠭᠡᠨ ᠤᠯᠠᠨ ᠡᠮᠡᠭᠲᠡᠢ ᠺᠠᠳ᠋ᠷᠴᠤᠳ ᠤᠨ ᠨᠡᠶᠢᠭᠡᠮ ᠪᠣᠯᠤᠨ ᠭᠡᠷ ᠪᠦᠯᠢ ᠶᠢᠨ ᠠᠮᠢᠳᠤᠷᠠᠯ ᠳᠤᠮᠳᠠ ᠡᠮᠡᠭᠲᠡᠶᠢᠴᠦᠳ ᠤᠨ ︽ᠬᠤᠶᠠᠷ ᠣᠨᠴᠠᠭᠠᠢ ᠦᠢᠯᠡᠳᠦᠯ︾ ᠢ ᠬᠡᠷᠬᠢᠨ ᠪᠠᠳᠠᠷᠠᠭᠤᠯᠬᠤ ᠲᠤᠬᠠᠢ ᠰᠤᠳᠤᠯᠤᠨ ᠶᠠᠷᠢᠯᠴᠠᠪᠠ ᠃ ᠤᠯᠠᠨ ᠢᠶᠠᠷ ᠢᠶᠠᠨ ᠰᠠᠨᠠᠯ ᠢᠶᠠᠨ ᠦᠨᠡᠨᠴᠢ ᠪᠠᠷ ᠰᠣᠯᠢᠯᠴᠠᠬᠤ ᠪᠠᠷ ᠲᠠᠮᠵᠢᠨ᠂ ᠬᠠᠶᠢᠷ᠎ᠠ ᠰᠡᠳᠬᠢᠯᠭᠡ ᠪᠠᠨ ᠵᠤᠵᠠᠭᠠᠳᠬᠠᠵᠤ᠂ ᠦᠵᠡᠯ ᠰᠠᠨᠠᠭ᠎ᠠ ᠪᠠᠨ ᠰᠢᠨᠡᠳᠬᠡᠵᠦ᠂ ᠶᠠᠷᠢᠯᠴᠠᠬᠤ ᠬᠤᠷᠠᠯ ᠤᠨ ᠲᠤᠬᠠᠢ ᠶᠢᠨ ᠲᠠᠯᠠᠪᠠᠢ ᠳᠤ ᠪᠠᠶᠠᠷ ᠬᠦᠷ ᠲᠠᠢ ᠪᠠᠷ ᠶᠠᠷᠢᠯᠴᠠᠵᠠᠭᠠᠪᠠ᠃      ᠶᠠᠷᠢᠯᠴᠠᠬᠤ ᠬᠤᠷᠠᠯ ᠤᠨ ᠳᠠᠷᠠᠭ᠎ᠠ᠂ ᠡᠮᠡᠭᠲᠡᠶ ᠨᠠᠮ ᠤᠨ ᠭᠡᠰᠢᠭᠦᠳ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠬᠠᠮᠲᠤ ᠪᠠᠷ ᠰᠠᠨᠠᠭᠠᠯᠵᠠᠵᠤ᠂ ᠴᠢᠩᠭ᠎ᠠ ᠬᠦᠴᠦᠲᠡᠶ ᠳᠠᠭᠤᠨ ᠢᠶᠠᠷ ᠡᠮᠡᠭᠲᠡᠶ ᠺᠠᠳ᠋ᠷᠴᠤᠳ ᠤᠨ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠵᠤ ᠨᠤᠲᠤᠭ ᠤᠰᠤ ᠪᠠᠨ ᠬᠠᠶᠢᠷᠠᠯᠠᠬᠤ ᠡᠮᠡᠭᠲᠡᠶᠢᠴᠦᠳ ᠤᠨ ᠬᠠᠶᠢᠷ᠎ᠠ ᠰᠡᠳᠬᠢᠯᠭᠡ ᠶᠢ ᠢᠯᠡᠳᠬᠡᠵᠦ᠂ ᠲᠡᠳᠡᠨ ᠤ ᠢᠲᠡᠭᠡᠯ ᠵᠣᠷᠢᠭ ᠢ ᠤᠯᠠᠮ ᠪᠠᠲᠤᠳᠬᠠᠵᠤ᠂ ᠠᠵᠢᠯ ᠤᠨ ᠪᠠᠶᠢᠷᠢ ᠳᠠᠭᠠᠨ ᠰᠠᠭᠤᠷᠢᠯᠠᠨ᠂ ᠡᠷᠡᠯᠬᠡᠭᠯᠡᠨ ᠤᠷᠤᠭᠰᠢᠯᠠᠵᠤ᠂ ᠰᠢᠨ᠎ᠡ ᠳᠦᠷᠰᠦ ᠪᠠᠶᠢᠳᠠᠯ ᠢᠶᠠᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠣᠶ ᠶᠢ ᠤᠭᠲᠤᠵᠠᠶ᠃      ᠨᠠᠷᠢᠯᠢᠭ ᠰᠠᠢᠬᠠᠨ ᠡᠮᠡᠭᠲᠡᠶ ᠬᠥᠮᠦᠨ᠂ ᠴᠡᠴᠡᠭ ᠰᠢᠭ ᠵᠣᠯ ᠵᠢᠷᠭᠠᠯ ᠲᠠᠢ᠃ ᠴᠡᠴᠡᠭ ᠤᠨ ᠤᠷᠠᠯᠢᠭ ᠤᠨ ᠬᠢᠴᠢᠶᠡᠯ ᠤᠨ ᠲᠠᠩᠬᠢᠮ ᠳᠤ ᠲᠤᠰᠬᠠᠶ ᠮᠡᠷᠭᠡᠵᠢᠯ ᠤᠨ ᠴᠡᠴᠡᠭ ᠤᠨ ᠤᠷᠠᠯᠢᠭ ᠤᠨ ᠪᠠᠭᠰᠢ ᠶᠢ ᠤᠷᠢᠵᠤ ᠲᠤᠬᠠᠶ ᠶᠢᠨ ᠭᠠᠵᠠᠷ ᠲᠤᠨᠢ ᠬᠢᠴᠢᠶᠡᠯ ᠵᠢᠭᠠᠯᠭᠠᠵᠤ᠂ ᠴᠡᠴᠡᠭ ᠰᠣᠩᠭᠤᠬᠤ᠂ ᠡᠰᠬᠡᠬᠦ᠂ ᠥᠩᠭᠡ ᠪᠤᠳᠤᠭ ᠲᠣᠬᠢᠷᠠᠭᠤᠯᠬᠤ᠂ ᠳᠦᠷᠰᠦ ᠪᠦᠲᠦᠭᠡᠬᠦ ᠵᠡᠷᠭᠡ ᠲᠠᠯ᠎ᠠ ᠶᠢᠨ ᠵᠢᠷᠤᠭ ᠬᠠᠪᠴᠢᠭᠤᠯᠤᠨ ᠵᠢᠷᠤᠬᠤ ᠤᠷ᠎ᠠ ᠮᠡᠷᠭᠡᠵᠢᠯ ᠢ ᠵᠢᠭᠠᠪᠠ᠃ ᠣᠯᠠᠨ ᠢᠶᠠᠷ ᠢᠶᠠᠨ ᠪᠠᠭᠰᠢ ᠶᠢᠨ ᠢᠶᠠᠨ ᠵᠢᠯᠣᠭᠤᠳᠣᠯᠭ᠎ᠠ ᠳᠣᠤᠷ᠎ᠠ ᠤᠷᠠᠨ ᠪᠦᠲᠦᠭᠡᠯ ᠤᠳ ᠢ ᠪᠦᠲᠦᠭᠡᠭᠰᠡᠨ ᠶᠤᠮ᠃       ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠪᠥᠬᠦ ᠪᠠᠯᠭᠠᠰᠤᠨ ᠤ ᠥᠷᠭᠡᠨ ᠣᠯᠠᠨ ᠡᠮᠡᠭᠲᠡᠶᠢᠴᠦᠳ ᠤᠨ ᠭᠠᠪᠢᠶ᠎ᠠ ᠪᠠᠶᠢᠭᠤᠯᠤᠨ ᠦᠢᠯᠡᠰ ᠪᠦᠲᠦᠭᠡᠬᠦ ᠰᠢᠨ᠎ᠡ ᠴᠠᠭ ᠦᠶ᠎ᠡ᠂ ᠠᠮᠢᠳᠤᠷᠠᠬᠤᠶ ᠶᠢᠨ ᠬᠦᠰᠡᠯᠡᠩ ᠪᠠ ᠬᠦᠰᠡᠯ ᠵᠡᠭᠦᠳᠦ ᠪᠠᠨ ᠪᠡᠶᠡᠯᠡᠭᠦᠯᠬᠦ ᠡᠷᠴᠢ ᠵᠣᠷᠢᠭ ᠢ ᠤᠯᠠᠮ ᠨᠢᠭᠡ ᠠᠯᠬᠤᠮ ᠵᠣᠷᠢᠭᠵᠢᠭᠤᠯᠬᠤ ᠶᠢᠨ ᠬᠠᠮᠲᠤ ᠪᠠᠰᠠ ᠡᠮᠡᠭᠲᠡᠶᠢᠴᠦᠳ ᠤᠨ ᠢᠳᠡᠪᠬᠢᠲᠡᠶ ᠪᠠᠷ ᠥᠭᠡᠳᠡᠯᠡᠨ ᠳᠠᠪᠰᠢᠬᠤ᠂ ᠦᠵᠡᠰᠬᠦᠯᠡᠩᠲᠦ ᠰᠠᠶᠢᠬᠠᠨ ᠡᠷᠡᠭᠦᠯ ᠴᠢᠭᠢᠷᠠᠭ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠦᠭᠰᠡᠨ ᠪᠠᠶᠢᠨ᠎ᠠ᠃ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠠᠵᠢᠯ ᠤᠨ ᠰᠢᠨ᠎ᠡ ᠶᠢ ᠲᠠᠰᠤᠷᠠᠯᠳᠠ ᠦᠭᠡᠢ ᠡᠭᠦᠳᠴᠦ᠂ ᠶᠡᠭᠡ ᠲᠠᠯ᠎ᠠ ᠳᠤ ᠦᠢᠯᠡᠴᠢᠯᠡᠵᠦ᠂ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠵᠤ᠂ ︽ᠬᠠᠭᠠᠰ ᠲᠩᠷᠢ︾ ᠶᠢᠨ ᠦᠢᠯᠡᠳᠦᠯ ᠢᠶᠠᠨ ᠰᠠᠶᠢᠲᠤᠷ ᠪᠠᠳᠠᠷᠠᠭᠤᠯᠤᠨ᠎ᠠ ᠭᠡᠵᠦ ᠡᠮᠡᠭᠲᠡᠢ ᠺᠠᠳ᠋ᠷᠴᠤᠳ᠂ ᠢᠯᠡᠳᠬᠡᠵᠡᠭᠡᠪᠡ᠃      ︽3 · 8︾ ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠰᠢᠨ᠎ᠡ ᠶᠢᠩᠽᠢ ᠪᠠᠯᠭᠠᠰᠤ ᠶᠢᠨ ᠬᠢᠨ ᠡᠯ᠎ᠡ ᠲᠣᠰᠬᠤᠨ᠂ ᠨᠡᠶᠢᠭᠡᠮ ᠲᠣᠭᠤᠷᠢᠭ ᠢ ᠵᠣᠬᠢᠶᠠᠨ ᠪᠠᠶᠢᠭᠤᠯᠤᠨ ᠪᠠᠶᠠᠯᠢᠭ ᠰᠠᠶᠢᠬᠠᠨ ᠠᠵᠢᠯᠯᠠᠭ᠎ᠠ ᠥᠷᠨᠢᠭᠦᠯᠵᠦ᠂ ᠰᠢᠨ᠎ᠡ ᠴᠠᠭ ᠦᠶ᠎ᠡ ᠶᠢᠨ ᠡᠮᠡᠭᠲᠡᠶᠢᠴᠦᠳ ᠤᠨ ᠵᠣᠷᠢᠭᠲᠠᠢ ᠪᠠᠷ ᠤᠷᠤᠭᠰᠢᠯᠠᠨ ᠲᠠᠪᠰᠢᠵᠦ᠂ ᠳᠤᠷᠠᠲᠠᠶ᠎ᠠ ᠬᠤᠪᠢ ᠨᠡᠮᠡᠷᠢ ᠦᠵᠡᠭᠦᠯᠬᠦ ᠡᠮᠡᠭᠲᠡᠶᠢᠴᠦᠳ ᠤᠨ ᠴᠤᠭ ᠵᠢᠪᠬᠤᠭ᠎ᠠ ᠶᠢ ᠢᠯᠡᠷᠡᠭᠦᠯᠪᠡ᠃      ᠰᠢᠶᠤᠤ ᠺᠸᠦ ᠽᠢ ᠲᠣᠰᠬᠤᠨ᠄ ᠣᠨᠴᠠᠭᠠᠢ ᠡᠳᠦᠷ ᠤᠳ ᠲᠤ ᠰᠢᠨ᠎ᠡ ᠨᠢᠭᠡ ᠬᠤᠭᠤᠴᠠᠭᠠᠨ ᠤ ᠡᠮᠡᠭᠲᠡᠶᠢᠴᠦᠳ ᠤᠨ ᠬᠤᠯᠪᠣᠭᠠᠨ ᠤ ᠲᠡᠷᠢᠭᠦᠯᠡᠭᠴᠢ ᠶᠢ ᠰᠣᠩᠭᠤᠨ ᠭᠠᠷᠭᠠᠪᠠ᠃       ᠰᠢᠨ᠎ᠡ ᠶᠢᠩᠽᠢ ᠨᠡᠶᠢᠭᠡᠮ ᠲᠣᠭᠤᠷᠢᠭ᠄ ᠡᠮᠡᠭᠲᠡᠶ ᠨᠥᠬᠦᠳ ᠢ ᠵᠣᠬᠢᠶᠠᠨ ᠪᠠᠶᠢᠭᠤᠯᠵᠤ ᠬᠤᠶᠠᠷ ᠥᠮᠡᠨ ᠤ ᠤᠬᠠᠭᠤᠯᠭ᠎ᠠ ᠶᠢᠨ ᠹᠢᠯᠢᠮ ᠢ ᠦᠵᠡᠭᠦᠯᠪᠡ᠃      ᠡᠮᠡᠭᠲᠡᠶᠢᠴᠦᠳ ᠤᠨ ᠰᠠᠶᠢᠨ ᠳᠤᠷ᠎ᠠ ᠶᠢᠨ ᠦᠢᠯᠡᠴᠢᠯᠡᠭᠴᠢᠳ ᠤᠩᠰᠢᠯᠭ᠎ᠠ ᠶᠢᠨ ᠠᠵᠢᠯᠯᠠᠭ᠎ᠠ ᠥᠷᠨᠢᠭᠦᠯᠵᠦ᠂ ᠥᠷᠭᠡᠨ ᠤᠯᠠᠨ ᠡᠮᠡᠭᠲᠡᠶᠢᠴᠦᠳ ᠢ ᠪᠦᠯᠬᠦᠮᠳᠡᠭᠦᠯᠦᠨ ᠳᠠᠭᠠᠭᠤᠯᠵᠤ ᠨᠠᠮ ᠤᠨ ᠦᠭᠡ ᠶᠢ ᠰᠣᠨᠣᠰᠴᠤ ᠨᠠᠮ ᠢᠶᠠᠨ ᠬᠦᠷᠢᠶᠡᠯᠡᠪᠡ᠃     ᠲᠠᠪᠮᠤᠤ ᠲᠣᠰᠬᠤᠨ᠄ ᠨᠠᠰᠤᠲᠠᠶᠢᠴᠤᠳ ᠲᠤ ᠬᠠᠶᠢᠷ᠎ᠠ ᠬᠠᠯᠠᠮᠵᠢ ᠬᠦᠷᠭᠡᠬᠦ ᠦᠢᠯᠡᠴᠢᠯᠡᠭᠡ ᠦᠷᠨᠢᠭᠦᠯᠪᠡ᠃     ᠾᠧᠢ ᠱᠦᠢ ᠴᠢᠤᠸᠠᠨ ᠲᠣᠰᠬᠤᠨ᠄ ᠬᠥᠳᠡᠭᠡ ᠲᠣᠰᠬᠤᠨ ᠤ ᠰᠣᠶᠣᠯ ᠤᠨ ᠠᠵᠢᠯᠯᠠᠭ᠎ᠠ ᠶᠢ ᠥᠷᠨᠢᠭᠦᠯᠵᠦ᠂ ᠡᠮᠡᠭᠲᠡᠢ ᠨᠥᠬᠦᠳ ᠤᠨ ᠡᠷᠡᠭᠦᠯ ᠥᠭᠡᠳᠡᠷᠬᠡᠭ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠤᠶᠤᠨ ᠰᠠᠨᠠᠭᠠᠨ ᠤ ᠳᠦᠷᠰᠦ ᠪᠠᠶᠢᠳᠠᠯ ᠢ  ᠢᠯᠡᠷᠡᠭᠦᠯᠪᠡ᠃     ᠲᠡᠳᠡ ᠤᠯᠠᠨ ᠲᠦᠮᠡᠨ ᠤ ᠪᠣᠳᠠᠲᠤ ᠬᠡᠷᠡᠭᠴᠡᠭᠡ ᠪᠠᠷ ᠰᠠᠭᠤᠷᠢ ᠪᠣᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠲᠣᠰᠬᠤᠨ ᠤ ᠣᠷᠣᠨ ᠰᠠᠭᠤᠴᠠ ᠶᠢ ᠠᠩᠬᠠᠷᠴᠤ᠂ ᠲᠣᠰᠬᠤᠨ ᠤ ᠠᠷᠠᠳ ᠢ ᠬᠠᠶᠢᠷᠠᠯᠠᠨ ᠬᠠᠯᠠᠮᠵᠢᠯᠠᠳᠠᠭ᠃      ᠹᠠᠨ ᠴᠧᠩ ᠲᠠᠨ ᠶᠣᠣ ᠲᠣᠰᠬᠤᠨ᠄ ᠭᠡᠷ ᠲᠡᠭᠡᠨ ᠣᠷᠣᠵᠤ ᠨᠠᠰᠤᠲᠠᠶᠢᠴᠤᠳ ᠢ ᠬᠠᠶᠢᠷᠠᠯᠠᠨ ᠬᠠᠯᠠᠮᠵᠢᠯᠠᠵᠤ᠂ ᠨᠠᠷᠢᠨ ᠵᠦᠢᠯᠡᠰ ᠲᠤ ᠰᠡᠳᠬᠢᠯ ᠢ ᠳᠤᠯᠠᠭᠠᠴᠠᠭᠤᠯᠤᠨ᠎ᠠ᠃      ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ᠂ ᠡᠮᠡᠭᠲᠡᠶᠢᠴᠦᠳ ᠬᠥᠮᠥᠰᠬᠡ ᠵᠠᠩᠭᠢᠳᠬᠤ ᠦᠭᠡᠢ ᠪᠠᠶᠢᠬᠤ ᠶᠢ ᠵᠣᠷᠢᠭᠲᠠᠢ ᠪᠠᠷ ᠡᠭᠦᠷᠭᠡᠯᠡᠬᠦ ᠶᠢ ᠵᠣᠷᠢᠭᠲᠠᠢ ᠪᠠᠷ ᠪᠡᠶᠡᠯᠡᠭᠦᠯᠦᠨ᠎ᠡ᠃ ᠠᠯᠢ ᠤᠯᠠᠨ ᠪᠠᠶᠠᠯᠢᠭ ᠰᠠᠶᠢᠬᠠᠨ ᠰᠣᠶᠣᠯ ᠤᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠵᠤ᠂ ᠰᠢᠨ᠎ᠡ ᠶᠢᠩᠽᠢ ᠪᠠᠯᠭᠠᠰᠤᠨ ᠤ ᠡᠮᠡᠭᠲᠡᠶᠢᠴᠦᠳ ᠥᠪᠡᠷ ᠢ ᠪᠠᠨ ᠬᠦᠨᠳᠦᠳᠬᠡᠬᠦ᠂ ᠥᠪᠡᠷ ᠢ ᠪᠠᠨ ᠢᠲᠡᠭᠡᠬᠦ᠂ ᠪᠡᠶ᠎ᠡ ᠪᠠᠨ ᠳᠠᠭᠠᠭᠠᠬᠤ᠂ ᠥᠪᠡᠷ ᠢ ᠪᠠᠨ ᠬᠦᠴᠦᠷᠬᠡᠭᠵᠢᠭᠦᠯᠬᠦ ︽ᠲᠦᠷᠪᠡᠨ ᠥᠪᠡᠷ ᠢ ᠪᠠᠨ ᠡᠷᠬᠢᠮᠯᠡᠬᠦ︾ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠳᠡᠳᠡᠨ ᠤ ᠠᠵᠢᠯ ᠤᠨ ᠪᠠᠶᠢᠷᠢ ᠪᠠᠨ ᠬᠠᠶᠢᠷᠠᠯᠠᠵᠤ ᠦᠢᠯᠡᠰ ᠢᠶᠠᠨ ᠳᠡᠭᠡᠳᠦᠯᠡᠬᠦ᠂ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠬᠤ᠂ ᠵᠠᠮ ᠨᠡᠭᠡᠭᠡᠨ ᠰᠢᠨ᠎ᠡ ᠶᠢ ᠡᠭᠦᠳᠬᠦ᠂ ᠳᠤᠷᠠᠲᠠᠶ᠎ᠠ ᠬᠤᠪᠢ ᠨᠡᠮᠡᠷᠢ ᠦᠵᠡᠭᠦᠯᠬᠦ ᠴᠠᠭ ᠦᠶ᠎ᠡ ᠶᠢᠨ ᠦᠨᠦᠷ ᠠᠮᠲᠠ ᠶᠢ ᠪᠠᠳᠠᠷᠠᠭᠤᠯᠵᠤ᠂ ᠰᠢᠨ᠎ᠡ ᠶᠢᠩᠽᠢ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠰᠠᠶᠢᠲᠤᠷ ᠡᠬᠢᠯᠡᠭᠦᠯᠵᠦ᠂ ᠡᠮᠡᠭᠲᠡᠶᠢᠴᠦᠳ ᠤᠨ ᠬᠦᠴᠦᠨ ᠴᠢᠳᠠᠯ ᠢ ᠨᠢᠭᠲᠠᠷᠠᠭᠤᠯᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1