ᠲᠠᠮᠢᠷ ᠤᠨ ᠬᠥᠳᠡᠯᠭᠡᠭᠡᠨ ᠬᠡᠦᠬᠡᠳ ᠤᠨ ᠰᠤᠷᠤᠯᠴᠠᠬᠤ ᠤᠷᠮ᠎ᠠ ᠶᠢ ᠬᠦᠭᠵᠢᠭᠡᠳᠡᠭ
ᠨᠡᠶᠢᠲᠡᠯᠡᠭᠰᠡᠨ ᠴᠠᠭ᠄
2021/3/24
      ᠲᠦᠮᠡᠨ ᠪᠣᠳᠠᠰ ᠰᠢᠨᠡᠳᠦᠨ ᠠᠮᠢᠵᠢᠷᠠᠯ ᠤᠨ ᠬᠦᠴᠦᠨ ᠪᠢᠯᠬᠠᠭᠰᠠᠨ ᠬᠠᠪᠤᠷ ᠤᠨ ᠤᠯᠠᠷᠢᠯ ᠳᠤ ᠪᠠᠭᠠᠴᠤᠳ ᠬᠡᠦᠬᠡᠳ‌ᠮᠠᠨᠢ ᠪᠠᠰᠠ ᠨᠢᠬᠡᠨ ᠰᠢᠨ᠎ᠡ ᠰᠤᠷᠤᠯᠭ᠎ᠠ ᠶᠢᠨ ᠬᠤᠭᠤᠴᠠᠭ᠎ᠠ ᠪᠠᠨ ᠤᠭᠲᠤᠯ᠎ᠠ᠃ ᠡᠪᠦᠯ ᠤᠨ ᠠᠮᠠᠷᠠᠯᠲᠠ ᠳᠠᠭᠠᠨ ᠨᠡᠯᠢᠶᠡᠳ ᠤᠳᠠᠭᠠᠨ‌ᠠᠮᠠᠷᠠᠵᠤ ᠰᠡᠯᠡᠭᠦᠴᠡᠭᠰᠡᠨ ᠪᠤᠯᠬᠤᠷ ᠪᠡᠶ᠎ᠡ ᠰᠡᠳᠬᠢᠯ ᠤᠨ ᠳᠠᠯ᠎ᠠ ᠪᠠᠷ  ᠬᠤᠶᠢᠷᠭᠤᠰᠢᠵᠤ᠂ ᠰᠤᠷᠭᠠᠭᠤᠯᠢ ᠳᠠᠭᠠᠨ  ᠪᠤᠴᠠᠭᠰᠠᠨ ᠴᠤ ᠰᠤᠷᠤᠯᠭ᠎ᠠ ᠬᠢᠴᠢᠶᠡᠯ ᠳᠡᠭᠡᠨ ᠰᠡᠳᠬᠢᠯ ᠲᠦᠪᠯᠡᠷᠡᠬᠦ ᠦᠬᠡᠢ ᠪᠠᠶᠢᠬᠤ ᠨᠢ ᠪᠠᠭᠰᠢ ᠭᠡᠷ ᠤᠨ ᠠᠬᠠᠮᠠᠳ ᠤᠨ ᠰᠠᠨᠠᠭ᠎ᠠ ᠪᠤᠯᠳᠠᠭ ᠤᠴᠢᠷ ᠪᠤᠯᠤᠯ᠎ᠠ᠃ ᠡᠭᠦᠨ ᠳᠤ ᠪᠡᠶ᠎ᠡ ᠶᠢᠨ ᠲᠠᠮᠢᠷ ᠤᠨ ᠬᠦᠳᠡᠯᠭᠡᠭᠡᠨ ᠳᠤ ᠵᠤᠬᠢᠰᠲᠠᠢ ᠤᠷᠤᠯᠴᠠᠬᠤ ᠨᠢ ᠰᠤᠷᠤᠭᠴᠢᠳ ᠤᠨ  ᠰᠤᠷᠤᠯᠴᠠᠯᠭ᠎ᠠ ᠬᠢᠴᠢᠶᠡᠯ ᠳᠡᠭᠡᠨ ᠲᠦᠷᠭᠡᠨ ᠲᠣᠬᠢᠷᠠᠭᠤᠯᠤᠯᠲᠠ ᠬᠢᠵᠦ᠂ ᠰᠢᠨ᠎ᠡ ᠰᠤᠷᠤᠯᠭ᠎ᠠ ᠶᠢᠨ ᠬᠤᠭᠤᠴᠠᠭᠠᠨ ᠳᠠᠬᠢ ᠰᠤᠷᠤᠯᠴᠠᠬᠤ  ᠤᠷᠮ᠎ᠠ ᠪᠠᠨ‌‍ᠬᠦ᠋ᠭᠵᠢᠭᠡᠬᠦ ᠪᠦᠲᠦᠮᠵᠢᠲᠡᠶ ᠠᠷᠭ᠎ᠠ ᠪᠠᠷᠢᠯ ᠪᠤᠯᠳᠠᠭ ᠰᠢᠦ᠃                      ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠠᠴᠠ ᠡᠮᠦᠨ᠎ᠡ᠂ ᠵᠠᠷᠢᠮ ᠰᠤᠷᠤᠭᠴᠢᠳ ᠰᠡᠳᠬᠢᠴᠡ ᠶᠢᠨ ᠲᠠᠯ᠎ᠠ ᠪᠠᠷ ᠳᠠᠷᠤᠯᠲᠠ ᠲᠠᠢ ᠪᠤᠯᠵᠤ᠂ ᠨᠠᠵᠠᠭᠠᠢ ᠲᠠᠯ᠎ᠠ ᠶᠢᠨ ᠤᠷᠮ᠎ᠠ ᠰᠡᠳᠬᠢᠯᠭᠡ ᠲᠠᠢ ᠪᠤᠯᠬᠤ ᠨᠢ ᠬᠡᠪ ᠤᠨ ᠤᠴᠢᠷ ᠪᠠᠶᠢᠳᠠᠭ᠃ ᠤᠴᠢᠷ ᠨᠢ ᠨᠡᠯᠢᠶᠡᠳ ᠣᠷᠳᠣ ᠡᠪᠦᠯ ᠤᠨ ᠠᠮᠠᠷᠠᠯᠲᠠ ᠶᠢᠨ ᠠᠮᠢᠳᠤᠷᠠᠯ ᠳᠤᠮᠳᠠ ᠮᠠᠰᠢ ᠣᠯᠠᠨ ᠰᠤᠷᠤᠭᠴᠢᠳ ᠰᠠᠨᠠᠭᠠᠨ ᠤ ᠠᠶ᠎ᠠ ᠪᠠᠷ ᠨᠠᠭᠠᠳᠤᠨ‌‍ᠲ᠋ᠤᠭᠯᠠᠵᠤ᠂ ᠠᠭᠤᠵᠢᠭᠤ ᠲᠠᠯᠪᠢᠭᠤ ᠪᠠᠶᠠᠷ ᠪᠠᠶᠠᠰᠬᠤᠯᠠᠩ ᠲᠠᠢ ᠦᠩᠭᠡᠷᠡᠭᠦᠯᠦᠭᠰᠡᠨ ᠢᠶᠠᠷ᠂ ᠰᠢᠨ᠎ᠡ ᠰᠤᠷᠤᠯᠭ᠎ᠠ ᠶᠢᠨ  ᠬᠤᠭᠤᠴᠠᠭ᠎ᠠ ᠡᠬᠢᠯᠡᠬᠦ ᠳᠤ ᠰᠤᠷᠤᠯᠴᠠᠵᠤ ᠠᠮᠠᠷᠠᠬᠤ ᠲᠠᠯ᠎ᠠ ᠪᠠᠷ ᠨᠡᠯᠢᠶᠡᠳ ᠶᠡᠭᠡ ᠵᠥᠷᠢᠶ᠎ᠡ ᠲᠠᠢ ᠪᠤᠯᠵᠤ᠂ ᠦᠷᠯᠦᠭᠡ ᠡᠷᠲᠡ ᠪᠤᠰᠤᠨ ᠰᠤᠷᠭᠠᠭᠤᠯᠢ ᠳᠠᠭᠠᠨ ᠬᠦᠷᠴᠦ ᠬᠢᠴᠢᠶᠡᠯᠯᠡᠬᠦ ᠨᠢ ᠰᠤᠷᠤᠭᠴᠢᠳ ᠲᠤ ᠪᠠᠭ᠎ᠠ ᠪᠤᠰᠤ ᠥᠷᠢᠰᠥᠯᠳᠦᠭᠡᠨ ᠲᠠᠢ ᠰᠠᠨᠠᠭᠳᠠᠭᠤᠯᠳᠠᠭ ᠪᠢᠯᠡ᠃ ᠭᠡᠪᠡᠴᠦ ᠰᠤᠷᠭᠠᠭᠤᠯᠢ ᠡᠬᠢᠯᠡᠭᠰᠡᠨ ᠶᠤᠮ ᠴᠢᠨᠢ ᠴᠠᠭ ᠲᠤᠬᠠᠶ ᠳᠤᠨᠢ  ᠦᠪᠡᠷ ᠤᠨ  ᠪᠠᠶᠢᠳᠠᠯ ᠳᠠᠭᠠᠨ  ᠳᠤᠬᠢᠷᠠᠭᠤᠯᠤᠯᠳᠠ‌‍ᠬᠢᠵᠦ᠂ ᠵᠢᠮ᠎ᠡ ᠶᠣᠰᠣ ᠲᠠᠢ ᠰᠤᠷᠤᠯᠴᠠᠯᠭ᠎ᠠ ᠠᠮᠢᠳᠤᠷᠠᠯ ᠢᠶᠠᠨ ᠰᠡᠷᠭᠦᠭᠡᠬᠦ ᠨᠢ ᠴᠢᠬᠤᠯᠠ᠃ ᠪᠡᠶ᠎ᠡ ᠶᠢᠨ ᠲᠠᠮᠢᠷ ᠤᠨ ᠬᠦᠳᠡᠯᠭᠡᠭᠡᠨ ᠳᠤ ᠵᠤᠬᠢᠰᠲᠠᠢ ᠤᠷᠤᠯᠴᠠᠬᠤ ᠨᠢ ᠰᠤᠷᠤᠭᠴᠢᠳ ᠤᠨ ᠪᠡᠶ᠎ᠡ ᠪᠠᠨ ᠪᠠᠷᠢᠬᠤ ᠴᠢᠳᠠᠪᠤᠷᠢ ᠪᠠ ᠰᠠᠶᠢᠨ ᠰᠠᠶᠢᠬᠠᠨ ᠰᠤᠷᠤᠯᠴᠠᠬᠤ ᠳᠠᠳᠬᠠᠯ ᠢ ᠪᠣᠶ ᠪᠣᠯᠭᠠᠬᠤ ᠳᠤ ᠠᠰᠢᠭᠲᠠᠢ ᠶᠤᠮ᠃                      ᠪᠢᠳᠡ  ᠪᠡᠶ᠎ᠡ ᠶᠢᠨ ᠲᠠᠮᠢᠷ ᠤᠨ ᠬᠦᠳᠡᠯᠭᠡᠭᠡᠨ ᠢᠶᠠᠷ ᠰᠤᠷᠭᠠᠭᠤᠯᠢ ᠡᠬᠢᠯᠡᠬᠦ ᠶᠢᠨ ᠤᠷᠢᠳᠠᠭᠤᠷ ᠬᠤᠶᠢᠭᠤᠷᠭ᠍᠊ ᠰᠤᠷᠤᠭᠴᠢᠳ ᠤᠨ ᠰᠤᠷᠤᠯᠴᠠᠬᠤ ᠪᠠ ᠠᠮᠠᠷᠠᠬᠤ ᠶᠢ ᠲᠦᠷᠭᠡᠨ ᠲᠣᠬᠢᠷᠠᠭᠤᠯᠬᠤ ᠠᠷᠭ᠎ᠠ ᠪᠠᠷᠢᠯ ᠪᠣᠯᠭᠠᠵᠤ ᠪᠣᠯᠤᠨ᠎ᠠ᠂ ᠭᠡᠷ ᠪᠦᠯᠢ᠂ᠰᠤᠷᠭᠠᠭᠤᠯᠢ ᠪᠠ ᠨᠡᠶᠢᠭᠡᠮ ᠠᠴᠠ ᠰᠤᠷᠤᠭᠴᠢᠳ ᠲᠤ ᠰᠠᠨᠠᠭᠠᠴᠢᠯᠠᠭ᠎ᠠ ᠠᠴᠠ ᠪᠠᠨ ᠳᠠᠮᠢᠷ ᠤᠨ ᠬᠦᠳᠡᠯᠬᠡᠬᠡᠨ ᠳᠤ ᠤᠷᠤᠯᠴᠠᠵᠤ᠂ ᠰᠠᠨᠠᠭᠠᠴᠢᠯᠠᠭ᠎ᠠ ᠠᠴᠠ ᠪᠠᠨ ᠪᠡᠶ᠎ᠡ ᠮᠠᠬᠠᠪᠤᠳ ᠢᠶᠠᠨ ᠪᠤᠯᠪᠠᠰᠤᠷᠠᠭᠤᠯᠬᠤ ᠤᠷᠴᠢᠨ ᠠᠬᠤᠢ ᠶᠢ ᠡᠬᠦᠳᠦᠨ ᠦᠭᠴᠦ᠂ ᠬᠡᠦᠬᠡᠳ ᠢ ᠰᠢᠨᠵᠢᠯᠡᠬᠦ ᠤᠬᠠᠭᠠᠨᠴᠢ᠂ ᠲᠦᠬᠦᠮ ᠲᠦᠳᠡ᠂ ᠠᠯᠬᠤᠮ ᠳᠠᠷᠠᠭ᠎ᠠ ᠲᠠᠢ ᠪᠠᠷ ᠳᠠᠮᠢᠷ ᠤᠨ ᠬᠦᠳᠡᠯᠬᠡᠬᠡᠨ ᠳᠤ ᠤᠷᠤᠯᠴᠠᠭᠤᠯᠪᠠᠯ ᠵᠤᠬᠢᠨ᠎ᠠ᠃ ᠳᠠᠮᠢᠷ ᠤᠨ ᠬᠥᠳᠡᠯᠭᠡᠭᠡᠨ ᠢᠶᠠᠷ ᠳᠠᠮᠵᠢᠨ᠂ ᠬᠡᠤᠬᠡᠳ ᠤᠳ ᠪᠡᠶ᠎ᠡ ᠪᠠᠨ ᠪᠠᠷᠢᠬᠤ ᠴᠢᠳᠠᠪᠤᠷᠢ ᠶᠢ ᠰᠤᠷᠴᠤ ᠪᠣᠯᠤᠨ᠎ᠠ᠃ ᠢᠯᠠᠩᠭᠤᠶ᠎ᠠ ᠰᠤᠷᠭᠠᠭᠤᠯᠢ ᠡᠬᠢᠯᠡᠬᠦ ᠶᠢᠨ ᠦᠶ᠎ᠠ ᠪᠠᠷ ᠬᠡᠦᠬᠡᠳ ᠪᠠᠭᠠᠴᠤᠳ ᠢ ᠢᠳᠡᠪᠬᠢᠲᠡᠢ ᠪᠦᠲᠦᠮᠵᠢᠲᠡᠶ ᠳᠠᠮᠢᠷ ᠤᠨ ᠪᠣᠯᠪᠠᠰᠤᠷᠠᠯ ᠳᠤ ᠤᠷᠤᠯᠴᠠᠭᠤᠯᠬᠤ ᠨᠢ ᠬᠡᠦᠬᠡᠳ ᠤᠨ ᠰᠤᠷᠤᠯᠴᠠᠬᠤ ᠤᠷᠮ᠎ᠠ ᠶᠢ ᠠᠯᠢ ᠲᠦᠷᠬᠡᠨ ᠢᠶᠠᠷ ᠬᠦᠭᠵᠢᠭᠡᠵᠦ ᠴᠢᠳᠠᠨ᠎ᠠ᠃                      ᠬᠦᠮᠦᠰ ᠳᠠᠩᠳᠠ ᠪᠠᠨ ᠰᠤᠷᠭᠠᠭᠤᠯᠢ ᠡᠬᠢᠯᠡᠪᠡᠯ ᠰᠤᠷᠤᠭᠴᠢᠳ ᠤᠨ ᠰᠤᠷᠤᠯᠭ᠎ᠠ ᠶᠢᠨ ᠳᠠᠷᠤᠭᠠᠰᠤ  ᠶᠡᠭᠡ  ᠪᠤᠯᠵᠤ᠂ ᠪᠡᠶ᠎ᠠ ᠪᠠᠨ ᠪᠣᠯᠪᠠᠰᠤᠷᠠᠭᠤᠯᠬᠤ ᠴᠠᠭ ᠬᠢᠵᠠᠭᠠᠷ ᠲᠠᠢ᠂ ᠠᠮᠠᠷᠠᠯᠳᠠ ᠳᠠᠯᠪᠢᠪᠠᠯ ᠰᠠᠶ᠋ᠢ ᠴᠠᠭ ᠡᠯᠪᠡᠭ ᠪᠤᠯᠤᠨ᠎ᠠ ᠬᠡᠵᠦ ᠶᠠᠷᠢᠳᠠᠭ᠃ ᠦᠨᠡᠨ ᠳᠡᠭᠡᠨ ᠬᠡᠦᠬᠡᠳ ᠢ ᠢᠳᠡᠪᠬᠢᠲᠡᠶ ᠪᠦᠲᠦᠮᠵᠢᠲᠡᠶ ᠪᠠᠷ ᠬᠥᠲᠥᠯᠥᠨ ᠵᠢᠯᠤᠭᠤᠳᠴᠤ ᠲᠠᠮᠢᠷ ᠤᠨ ᠬᠦᠳᠡᠯᠭᠡᠭᠡᠨ ᠳᠤ ᠤᠷᠤᠯᠴᠠᠬᠤ ᠳᠠᠳᠬᠠᠯ ᠲᠠᠢ  ᠪᠤᠯᠭᠠᠬᠤ ᠨᠢ ᠬᠡᠦᠬᠡᠳ ᠤᠨ ᠪᠡᠶ᠎ᠠ ᠪᠠᠨ ᠪᠠᠷᠢᠬᠤ ᠴᠢᠳᠠᠪᠤᠷᠢ ᠶᠢ ᠴᠢᠩᠭᠠᠳᠬᠠᠵᠤ᠂ ᠡᠭᠦᠨ ᠤ ᠤᠯᠠᠮ ᠢᠶᠠᠷ ᠰᠤᠷᠤᠯᠭ᠎ᠠ ᠶᠢᠨ ᠬᠢᠷᠢ ᠪᠦᠲᠦᠮᠵᠢ ᠪᠠᠨ  ᠳᠡᠭᠡᠭᠰᠢᠯᠡᠭᠦᠯᠬᠦ ᠳᠤ ᠨᠢ ᠠᠰᠢᠭᠲᠠᠢ ᠪᠠᠶᠢᠳᠠᠭ᠃ ᠣᠳᠣᠬᠠᠨ ᠳᠤ ᠨᠡᠶᠢᠭᠡᠮ ᠳᠡᠭᠡᠷ᠎ᠡ ᠰᠡᠯᠡᠭᠦᠴᠡᠯ ᠵᠤᠭ᠎ᠠ ᠴᠡᠩᠭᠡᠯ ᠤᠨ ᠵᠦᠢᠯᠡᠰ ᠮᠠᠰᠢ  ᠣᠯᠠᠨ ᠪᠠᠶᠢᠵᠤ᠂ ᠬᠡᠷ ᠤᠨ ᠠᠬᠠᠮᠠᠳ᠂ ᠰᠤᠷᠭᠠᠭᠤᠯᠢ᠂ ᠨᠡᠶᠢᠭᠡᠮ ᠠᠴᠠ ᠬᠡᠤᠬᠡᠳ ᠢ ᠰᠠᠨᠠᠭᠠᠴᠢᠯᠠᠭ᠎ᠠ ᠲᠠᠢ ᠪᠠᠷ  ᠬᠥᠲᠥᠯᠥᠨ  ᠵᠢᠯᠣᠭᠤᠳᠴᠤ  ᠪᠠᠶᠢᠭᠠᠳ ᠢᠳᠡᠪᠬᠢᠲᠡᠶ ᠡᠷᠡᠬᠦᠯ ᠴᠢᠬᠢᠷᠠᠭ ᠳᠠᠮᠢᠷ ‍ᠤᠨ‌‍ᠬᠦ᠋ᠳᠡᠯᠬᠡᠬᠡᠨ ᠳᠤ ᠢᠯᠡᠭᠦᠦ ᠤᠷᠤᠯᠴᠠᠭᠤᠯᠬᠤ ᠨᠢ ᠬᠡᠦᠬᠡᠳ ᠪᠠᠭᠠᠴᠤᠳ ᠤᠨ ᠳᠠᠮᠢᠷ ᠤᠨ ᠬᠦᠳᠡᠯᠬᠡᠬᠡᠨ ᠤ ᠳᠠᠳᠬᠠᠯ ᠲᠠᠢ ᠪᠤᠯᠬᠤ᠂ᠴᠠᠭ ᠤᠨ ᠬᠠᠮᠢᠶᠠᠷᠤᠯᠳᠠ ᠶᠢᠨ ᠴᠢᠳᠠᠪᠤᠷᠢ ᠲᠠᠢ  ᠪᠤᠯᠬᠤ᠂ ᠦᠪᠡᠷ ᠤᠨ ᠪᠡᠶ᠎ᠠ ᠪᠠᠨ ᠴᠢᠩᠭ᠎ᠠ ᠱᠠᠭᠠᠷᠳᠠᠬᠤ ᠪᠠ ᠪᠡᠶ᠎ᠡ ᠳ᠋ᠡᠭᠡᠨ‌ᠢᠳᠡᠬᠡᠯ ᠲᠠᠢ ᠪᠤᠯᠬᠤ ᠵᠡᠷᠭᠡ ᠳᠠᠳᠬᠠᠯ ᠢ ᠠᠶᠠᠨᠳᠠᠭᠠᠨ ᠬᠦᠮᠦᠵᠢᠬᠦᠯᠵᠦ ᠳᠡᠶᠢᠯᠳᠡᠭ ᠰᠠᠨ᠃                      ᠳᠠᠮᠢᠷ ᠤᠨ ᠬᠦᠳᠡᠯᠭᠡᠬᠡᠨ ᠳᠤ  ᠢᠯᠡᠬᠦᠬᠡᠨ  ᠤᠷᠤᠯᠴᠠᠬᠤ ᠨᠢ ᠬᠦᠮᠦᠰ ᠤᠨ ᠪᠡᠶ᠎ᠡ ᠮᠠᠬᠠᠪᠤᠳ ᠢ ᠳᠠᠪᠳᠠᠨ ᠪᠤᠯᠪᠠᠰᠤᠷᠠᠭᠤᠯᠬᠤ ᠲᠡᠳᠦᠢ ᠦᠭᠡᠢ᠂ ᠪᠠᠰᠠ ᠵᠤᠷᠢᠭ ᠳᠠᠪᠴᠢᠶᠡᠷᠢ ᠲᠠᠢ ᠪᠤᠯᠭᠠᠨ᠎ᠠ᠃ ᠬᠠᠪᠤᠷ ᠤᠨ ᠤᠷᠢᠨ ᠳᠤᠯᠠᠭᠠᠬᠠᠨ ᠴᠠᠭ ᠲᠤ ᠳᠠᠮᠢᠷ ᠤᠨ ᠬᠦᠳᠡᠯᠬᠡᠬᠡᠨ ᠳᠤ ᠢᠯᠡᠬᠦᠬᠡᠨ ᠤᠷᠤᠯᠴᠠᠵᠤ ᠵᠢᠪᠬᠤᠭ᠎ᠠ ᠳᠡᠬᠦᠯᠳᠡᠷ ᠬᠡᠦᠬᠡᠳ ᠪᠠᠭᠠᠴᠤᠳ ᠪᠤᠯᠵᠠᠭᠠᠶ᠎ᠠ︕        
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1