ᠲᠤᠭᠳᠠᠬᠤ ᠰᠢᠶᠠᠨ ᠤ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ 15 ᠳ᠋ᠤᠭᠠᠷ ᠤᠳᠠᠭᠠᠨ ᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/3/25
      22 ᠤᠨ ᠡᠳᠦᠷ᠂ ᠲᠤᠭᠳᠠᠬᠤ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠯᠢᠦ ᠵᠢᠶ ᠶᠢᠩ ᠲᠤᠭᠳᠠᠬᠤ ᠰᠢᠶᠠᠨ ᠤ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ 15 ᠳ᠋ᠤᠭᠠᠷ ᠤᠳᠠᠭᠠᠨ ᠤ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠲᠤᠭᠳᠠᠬᠤ ᠰᠢᠶᠠᠨ ᠤ ᠨᠢᠭᠡᠳᠦᠭᠡᠷ ᠱᠠᠲᠤᠨ ᠤ ᠸᠠᠺᠼᠢᠨ ᠤ ᠲᠠᠷᠢᠯᠭ᠎ᠠ ᠶᠢᠨ ᠪᠠᠶᠢᠳᠠᠯ ᠢ ᠵᠠᠷᠯᠠᠨ ᠮᠡᠳᠡᠭᠳᠡᠵᠦ᠂ ᠬᠤᠶᠠᠳᠤᠭᠠᠷ ᠱᠠᠲᠤᠨ ᠤ ᠸᠠᠺᠼᠢᠨ ᠤ ᠲᠠᠷᠢᠯᠭ᠎ᠠ ᠶᠢᠨ ᠬᠡᠷᠡᠭᠵᠢᠭᠦᠯᠬᠦ ᠲᠥᠰᠦᠯ ᠳᠤ ᠲᠠᠶᠢᠯᠤᠮᠵᠢ ᠬᠢᠵᠦ᠂ ᠲᠠᠷᠠᠭᠠᠴᠢ ᠶᠢᠨ ᠠᠯᠬᠤᠮ ᠤᠨ ᠸᠠᠺᠼᠢᠨ ᠤ ᠲᠠᠷᠢᠯᠭ᠎ᠠ ᠶᠢᠨ ᠠᠵᠢᠯ ᠢ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠸᠠᠺᠼᠢᠨ ᠤ ᠲᠠᠷᠢᠯᠭ᠎ᠠ ᠪᠣᠯ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠴᠢᠬᠤᠯᠠ ᠶᠡᠭᠡ ᠡᠭᠦᠷᠭᠡ ᠮᠥᠨ᠂ ᠡᠷᠬᠡᠪᠰᠢ ᠠᠷᠠᠳ ᠲᠦᠮᠡᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠰᠡᠳᠬᠢᠯᠭᠡ ᠪᠠᠷ ᠸᠠᠺᠼᠢᠨ ᠤ ᠲᠠᠷᠢᠯᠭ᠎ᠠ ᠶᠢᠨ ᠠᠵᠢᠯ ᠤᠨ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ︽ᠭᠥᠯᠢᠶᠡᠨ ᠠᠪᠬᠤ ᠶᠣᠰᠣᠲᠠᠶ ᠶᠢ ᠨᠢ ᠴᠥᠮ ᠭᠥᠯᠢᠶᠡᠨ ᠠᠪᠬᠤ︾ ︽ᠲᠦᠷᠭᠡᠨ ᠢ ᠨᠢ ᠲᠦᠷᠭᠡᠨ ᠰᠢᠢᠳᠪᠦᠷᠢᠯᠡᠬᠦ︾ ᠬᠡᠷᠡᠭᠲᠡᠶ᠂ ᠢᠯᠠᠩᠭᠤᠶ᠎ᠠ ᠰᠢᠯᠵᠢᠮᠡᠯ ᠴᠢᠨᠠᠷ ᠢᠶᠠᠷ ᠴᠢᠩᠭ᠎ᠠ ᠬᠥᠮᠦᠰ ᠲᠤ ᠲᠠᠷᠢᠯᠭ᠎ᠠ ᠶᠢ ᠲᠦᠷᠭᠡᠪᠴᠢᠯᠡᠨ ᠪᠡᠶᠡᠯᠡᠭᠦᠯᠵᠦ᠂ ᠡᠭᠡᠯᠢᠯᠡᠭᠡ ᠶᠢᠨ ᠬᠠᠯᠬᠠᠪᠴᠢ ᠶᠢ ᠦᠨᠡᠨ ᠬᠦ ᠪᠣᠶ ᠪᠣᠯᠭᠠᠬᠤ ᠬᠡᠷᠡᠭᠲᠡᠶ᠃ ᠡᠯ᠎ᠡ ᠲᠠᠷᠢᠯᠭ᠎ᠠ ᠶᠢᠨ ᠴᠢᠭ ᠲᠤ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠪᠠᠨ ᠴᠢᠩᠭᠠᠳᠬᠠᠵᠤ᠂ ᠠᠵᠢᠯᠲᠠᠨ ᠤ ᠪᠣᠯᠪᠠᠰᠤᠷᠠᠭᠤᠯᠤᠯ᠂ ᠬᠠᠮᠢᠶ᠎ᠠ ᠪᠥᠬᠦᠶ ᠡᠮᠴᠢᠯᠡᠭᠡᠨ ᠤ ᠡᠳ᠋ ᠪᠣᠳᠠᠰ᠂ ᠲᠠᠷᠢᠯᠭ᠎ᠠ ᠶᠢᠨ ᠴᠤᠪᠤᠷᠠᠯ ᠵᠡᠷᠭᠡ ᠲᠠᠯ᠎ᠠ ᠪᠠᠷ ᠴᠢᠩᠭ᠎ᠠ ᠡᠵᠡᠮᠳᠡᠨ᠂ ᠡᠯ᠎ᠡ ᠵᠦᠢᠯ ᠤᠨ ᠭᠡᠨᠡᠳᠲᠡ ᠶᠢᠨ ᠪᠠᠶᠢᠳᠠᠯ ᠢ ᠯᠠᠪᠳᠠᠭᠤᠨ ᠢᠶᠠᠷ ᠰᠠᠶᠢᠲᠤᠷ ᠰᠢᠢᠳᠪᠦᠷᠢᠯᠡᠵᠦ᠂ ᠲᠠᠷᠢᠯᠭ᠎ᠠ ᠶᠢᠨ ᠠᠵᠢᠯ ᠤᠨ ᠵᠢᠷᠤᠮᠵᠢᠯ ᠲᠠᠢ᠂ ᠠᠮᠤᠷ ᠲᠦᠪᠰᠢᠨ᠂ ᠡᠮᠬᠢ ᠵᠢᠷᠤᠮ ᠲᠠᠢ ᠥᠷᠨᠢᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠪᠡ᠃      ᠬᠤᠷᠠᠯ ᠠᠴᠠ ᠱᠠᠭᠠᠷᠳᠠᠭᠰᠠᠨ ᠨᠢ᠂ ᠤᠬᠠᠭᠤᠯᠭ᠎ᠠ ᠶᠠᠷᠢᠶ᠎ᠠ ᠬᠡᠯᠡᠯᠴᠡᠭᠡᠨ ᠤ ᠬᠥᠲᠥᠯᠦᠨ ᠵᠢᠯᠣᠭᠤᠳᠬᠤ ᠠᠵᠢᠯ ᠢ ᠰᠠᠶᠢᠲᠤᠷ ᠬᠢᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠤᠮᠵᠢ ᠶᠢ ᠴᠠᠭ ᠲᠤᠨᠢ ᠲᠣᠬᠢᠷᠠᠭᠤᠯᠤᠨ ᠰᠠᠶᠢᠲᠤᠷ ᠬᠢᠵᠦ᠂ ᠤᠬᠠᠭᠤᠯᠬᠤ ᠬᠡᠯᠲᠡᠰ ᠠᠴᠠ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠣᠯᠠᠨ ᠲᠦᠮᠡᠨ ᠤ ᠸᠠᠺᠼᠢᠨ ᠤ ᠲᠤᠬᠠᠶ ᠲᠠᠨᠢᠯᠲᠠ ᠪᠠ ᠣᠶᠢᠯᠠᠭᠠᠯᠲᠠ ᠶᠢ ᠨᠡᠮᠡᠭᠳᠡᠭᠦᠯᠦᠨ᠂ ᠸᠠᠺᠼᠢᠨ ᠤ ᠲᠠᠷᠢᠯᠭ᠎ᠠ ᠶᠢ ᠲᠦᠷᠭᠡᠪᠴᠢᠯᠡᠨ ᠠᠬᠢᠭᠤᠯᠬᠤ ᠳᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠶ ᠪᠣᠯᠭᠠᠬᠤ ᠬᠡᠷᠡᠭᠲᠡᠶ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠲᠠᠷᠢᠯᠭ᠎ᠠ ᠶᠢᠨ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠶ᠃ ᠵᠢᠯᠣᠭᠤᠳᠬᠤ ᠭᠠᠵᠠᠷ ᠤᠨ ᠡᠯ᠎ᠡ ᠲᠤᠰᠬᠠᠶ ᠳᠤᠭᠤᠶᠢᠯᠠᠩ ᠤᠨ ᠬᠢᠨ ᠲᠣᠰ ᠲᠣᠰ ᠤᠨ ᠬᠦᠷᠢᠶ᠎ᠡ ᠴᠠᠷᠠᠭ᠎ᠠ ᠶᠢᠨ ᠢᠶᠠᠨ ᠠᠵᠢᠯ ᠢ ᠰᠠᠶᠢᠲᠤᠷ ᠬᠢᠵᠦ᠂ ᠬᠤᠯᠪᠣᠭᠠᠯᠠᠨ ᠬᠥᠳᠡᠯᠦᠯᠴᠡᠵᠦ ᠵᠣᠬᠢᠴᠠᠭᠤᠯᠬᠤ ᠪᠠᠨ ᠴᠢᠩᠭᠠᠳᠬᠠᠨ᠂ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠢ ᠰᠠᠶᠢᠲᠤᠷ ᠬᠢᠬᠦ ᠬᠡᠷᠡᠭᠲᠡᠶ ᠭᠡᠵᠡᠢ᠃      ᠲᠤᠭᠳᠠᠬᠤ ᠰᠢᠶᠠᠨ ᠤ ᠤᠳᠤᠷᠢᠳᠤᠯᠭ᠎ᠠ ᠸᠠᠩ ᠯᠢ ᠰᠢᠨ᠂ ᠲᠢᠶᠠᠨ ᠯᠢ ᠵᠢᠶᠦ᠋ᠨ᠂ ᠰᠦᠨ ᠬᠠᠢ ᠱᠧᠩ᠂ ᠯᠢᠦ ᡁᠢ ᠴᠢᠶᠠᠩ᠂ ᠯᠦ ᠢᠦᠢ ᠵᠦᠩ᠂ ᠷᠧᠨ ᠷᠦᠢ᠂ ᠶᠦᠨ ᠵᠢᠶᠠᠨ ᠵᠦᠩ᠂ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠡᠯ᠎ᠡ ᠡᠷᠡᠭᠦᠯ ᠬᠠᠮᠠᠭᠠᠯᠠᠯ ᠤᠨ ᠬᠤᠷᠢᠶ᠎ᠠ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1