ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠰᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2021/3/29
         3 ᠳ᠋ᠤᠭᠠᠷ ᠰᠠᠷ᠎ᠠ ᠶᠢᠨ 24 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠰᠢᠶᠠᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠠᠵᠢᠯᠯᠠᠭᠠᠨ ᠤ ᠪᠠᠶᠢᠳᠠᠯ ᠵᠢᠴᠢ ᠠᠵᠢᠯ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠠᠯᠪᠠᠨ ᠬᠡᠷ ᠤᠨ ᠪᠥᠬᠦ ᠠᠵᠢᠯᠲᠠᠳ ᠲᠠᠢ ᠳᠣᠲᠣᠨᠣ ᠪᠠᠷ ᠶᠠᠷᠢᠯᠴᠠᠵᠤ᠂ ᠰᠠᠨᠠᠯ ᠰᠠᠨᠠᠭᠤᠯᠭ᠎ᠠ ᠶᠢ ᠬᠢᠨᠠᠮᠠᠭᠠᠶ ᠰᠣᠨᠣᠰᠪᠠ᠃      ᠯᠢ ᠴᠦᠨ ᠶᠠᠨ ᠴᠢᠬᠤᠯᠠᠴᠢᠯᠠᠭᠰᠠᠨ ᠨᠢ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠭᠠᠷᠭᠠᠭᠰᠠᠨ ᠴᠢᠬᠤᠯᠠ ᠶᠡᠭᠡ ᠰᠢᠢᠳᠪᠦᠷᠢᠳᠦ ᠪᠣᠳᠣᠯᠭ᠎ᠠ ᠮᠥᠨ᠂ ᠰᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠪᠦᠬᠦ ᠪᠦᠷᠢᠯᠳᠦᠬᠦᠨ ᠨᠡᠷ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠬᠠᠷᠢᠭᠤᠴᠠᠯᠭ᠎ᠠ ᠪᠠᠨ ᠴᠢᠩᠭ᠎ᠠ ᠪᠣᠳᠠᠲᠠᠶᠢᠵᠢᠭᠤᠯᠵᠤ᠂ ᠲᠦᠷᠦᠭᠦᠯᠡᠨ ᠠᠳᠬᠤᠵᠤ ᠶᠡᠷᠦᠩᠬᠡᠶᠢᠯᠡᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠪᠦᠬᠦ ᠰᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠯᠠᠪᠳᠠᠭᠤᠨ ᠪᠠᠲᠤᠲᠠᠢ ᠥᠷᠨᠢᠭᠦᠯᠬᠦ ᠶᠢ ᠪᠠᠲᠤᠯᠠᠬᠤ ᠬᠡᠷᠡᠭᠲᠡᠢ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠦᠬᠦ ᠵᠢᠯ ᠳᠤ ᠲᠤᠤᠱᠯᠠᠭᠤᠯᠬᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠷᠠᠯᠲᠠ ᠱᠠᠭᠠᠷᠳᠠᠯᠭ᠎ᠠ ᠶᠢ ᠡᠵᠡᠮᠳᠡᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠪᠦᠬᠦ ᠰᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠣᠯᠵᠤ᠂ ᠨᠡᠩ ᠠᠮᠢᠳᠤᠯᠢᠭ ᠰᠠᠶᠢᠬᠠᠨ ᠪᠣᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠪᠡ      ᠰᠢᠶᠠᠨ ᠤ ᠤᠳᠤᠷᠢᠳᠤᠯᠭ᠎ᠠ ᠭᠦᠸᠧ ᠮᠧᠢ ᠲᠤᠤ᠂ ᠸᠧᠢ ᠰᠢᠶᠤᠤ ᠳ᠋ᠦᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1