ᠬᠤᠲᠠ ᠶᠢᠨ ᠨᠠᠮ ᠤᠨ ᠬᠤᠷᠢᠶᠠᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠬᠤᠶᠠᠳᠤᠭᠠᠷ ᠲᠣᠭᠤᠷᠢᠨ ᠵᠢᠯᠣᠭᠤᠳᠬᠤ ᠳᠤᠭᠤᠶᠢᠯᠠᠩ ᠮᠠᠨ ᠤ ᠰᠢᠶᠠᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠵᠦ ᠠᠵᠢᠯ ᠢ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2021/3/29
         3 ᠳ᠋ᠤᠭᠠᠷ ᠰᠠᠷ᠎ᠠ ᠶᠢᠨ 23 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠬᠤᠶᠠᠳᠤᠭᠠᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠵᠣᠣ ᠹᠦ᠋ ᠳ᠋ᠡ ᠵᠢᠯᠣᠭᠤᠳᠬᠤ ᠳᠤᠭᠤᠶᠢᠯᠠᠩ ᠤᠨ ᠪᠦᠷᠢᠯᠳᠦᠬᠦᠨ ᠢᠶᠠᠨ ᠳᠠᠭᠠᠭᠤᠯᠤᠨ ᠮᠠᠨ ᠤ ᠰᠢᠶᠠᠨ ᠳᠤ ᠭᠦᠨᠵᠡᠭᠡᠶᠢᠷᠡᠨ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ ᠃ ᠰᠢᠶᠠᠨ ᠤ ᠨᠠᠮ ᠤᠨ ᠬᠤᠷᠢᠶᠠᠨ ᠤ ᠱᠦᠵᠢ᠂ ᠰᠢᠶᠠᠨ ᠤ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠯᠢ ᠴᠦᠨ ᠶᠠᠨ ᠶᠠᠷᠢᠯᠴᠠᠬᠤ ᠬᠤᠷᠠᠯ ᠳᠤ ᠣᠷᠣᠯᠴᠠᠭᠰᠠᠨ ᠪᠥᠭᠡᠳ ᠡᠮᠦᠨᠡᠬᠢ ᠬᠤᠭᠤᠴᠠᠭᠠᠨ ᠤ ᠪᠡᠯᠡᠳᠬᠡᠯ ᠤᠨ ᠪᠠᠶᠢᠳᠠᠯ᠂ ᠣᠳᠣᠬᠠᠨ ᠤ ᠠᠵᠢᠯ ᠤᠨ ᠠᠬᠢᠴᠠ᠂ ᠳᠠᠷᠠᠭᠠᠴᠢ ᠶᠢᠨ ᠠᠯᠬᠤᠮ ᠤᠨ ᠲᠥᠯᠥᠪᠯᠡᠭᠡ ᠵᠡᠷᠭᠡ ᠲᠠᠯ᠎ᠠ ᠠᠴᠠ ᠮᠠᠨ ᠤ ᠰᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠨᠢᠭᠲᠠ ᠬᠠᠷᠢᠭᠤ ᠮᠡᠳᠡᠭᠦᠯᠵᠡᠢ᠃      ᠵᠢᠯᠣᠭᠤᠳᠬᠤ ᠳᠤᠭᠤᠶᠢᠯᠠᠩ ᠤᠨ ᠬᠢᠨ ᠮᠠᠨ ᠤ ᠰᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠨᠤᠲᠠᠯᠠᠵᠤ᠂ ᠮᠠᠨ ᠤ ᠰᠢᠶᠠᠨ ᠤ ᠬᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠳᠡᠭᠡᠳᠦ  ᠬᠡᠮᠵᠢᠶ᠎ᠡ ᠪᠠᠷ ᠴᠢᠬᠤᠯᠠᠴᠢᠯᠠᠵᠤ᠂ ᠪᠠᠶᠢᠷᠢᠯᠠᠭᠤᠯᠤᠯᠲᠠ ᠨᠢ ᠨᠠᠷᠢᠨ ᠨᠢᠮᠪᠠᠶ᠂ ᠠᠵᠢᠯᠯᠠᠭ᠎ᠠ ᠨᠢ ᠪᠤᠰᠢᠭᠤ ᠲᠦᠷᠭᠡᠨ᠂ ᠬᠥᠮᠦᠨ ᠤ ᠬᠦᠴᠦ ᠵᠣᠭᠤᠰ ᠮᠥᠩᠭᠦ ᠡᠳ᠋ ᠪᠣᠳᠠᠰ ᠤᠨ ᠪᠠᠲᠤᠯᠠᠭ᠎ᠠ ᠶᠢ ᠭᠦᠢᠴᠡᠳ ᠪᠠᠲᠤᠯᠠᠵᠤ᠂ ᠰᠤᠷᠤᠯᠴᠠᠬᠤ ᠲᠣᠭᠲᠠᠴᠠ ᠶᠢ ᠪᠦᠷᠢᠨ ᠲᠡᠭᠦᠯᠳᠡᠷ ᠪᠣᠯᠭᠠᠪᠠ ᠭᠡᠵᠦ ᠦᠵᠡᠪᠡ᠃ ᠵᠢᠯᠣᠭᠤᠳᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ︽ᠲᠦᠷᠪᠡᠨ ᠤᠬᠠᠮᠰᠠᠷ︾ ᠢ ᠴᠢᠩᠭᠠᠳᠬᠠᠬᠤ᠂ ︽ᠲᠦᠷᠪᠡᠨ ᠢᠲᠡᠭᠡᠯ︾ ᠢ ᠪᠠᠲᠤᠳᠬᠠᠬᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠤᠯᠤᠰ ᠲᠦᠷᠦ ᠶᠢᠨ ᠦᠨᠳᠦᠷᠴᠡ ᠠᠴᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠬᠤ ᠬᠡᠷᠡᠭᠲᠡᠢ︔ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠦᠵᠡᠯ ᠰᠠᠨᠠᠭ᠎ᠠ ᠪᠠᠨ ᠴᠡᠪᠡᠷᠰᠢᠭᠦᠯᠬᠦ ᠪᠠ ᠠᠬᠤᠶ ᠪᠠᠶᠢᠳᠠᠯ ᠢᠶᠠᠨ ᠳᠡᠭᠡᠭᠰᠢᠯᠡᠭᠦᠯᠬᠦ ᠶᠢᠨ ᠲᠦᠯᠬᠢᠴᠡ ᠬᠦᠴᠦᠨ ᠪᠣᠯᠭᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠬᠢᠴᠢᠶᠡᠩᠭᠦ᠋ᠢᠯᠡᠨ ᠵᠢᠷᠤᠮᠯᠠᠵᠤ᠂ ᠤᠯᠠᠨ ᠲᠦᠮᠡᠨ ᠳᠤ ᠦᠨᠡᠨ ᠬᠦ ᠰᠠᠶᠢᠨ ᠶᠠᠪᠤᠳᠠᠯ᠂ ᠪᠣᠳᠠᠲᠠᠶ ᠶᠠᠪᠤᠳᠠᠯ ᠬᠢᠵᠦ ᠥᠭᠬᠦ ᠬᠡᠷᠡᠭᠲᠡᠶ ᠭᠡᠪᠡ᠃ ᠪᠠᠶᠢᠴᠠᠭᠠᠨ ᠰᠤᠳᠤᠯᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠲᠣᠭᠲᠠᠬᠤ ᠰᠢᠶᠠᠨ ᠤ ᠰᠣᠶᠣᠯ ᠤᠨ ᠰᠠᠭᠤᠷᠢ ᠭᠦᠨ ᠵᠤᠵᠠᠭᠠᠨ᠂ ᠬᠤᠪᠢᠰᠬᠠᠯ ᠤᠨ ᠡᠬᠢ ᠪᠠᠶᠠᠯᠢᠭ ᠡᠯᠪᠡᠭ ᠪᠠᠶᠠᠯᠢᠭ ᠪᠠᠶᠢᠳᠠᠭ ᠪᠣᠯᠬᠤᠷ ᠭᠦᠢᠴᠡᠳ ᠠᠭᠤᠳᠠᠯᠤᠨ ᠠᠰᠢᠭᠯᠠᠵᠤ᠂ ᠠᠷᠭ᠎ᠠ ᠬᠡᠯᠪᠡᠷᠢ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠲᠠᠰᠤᠷᠠᠯᠲᠠ ᠦᠭᠡᠢ ᠴᠢᠩᠭ᠎ᠠ ᠠᠳᠬᠤᠨ ᠪᠣᠳᠠᠲᠠᠢ ᠠᠳᠬᠤᠨ ᠦᠷ᠎ᠡ ᠪᠦᠲᠦᠮᠵᠢ ᠭᠠᠷᠭᠠᠵᠤ᠂ ᠪᠦᠬᠦ ᠬᠤᠲᠠ ᠶᠢᠨ ᠡᠮᠦᠨ᠎ᠡ ᠡᠩᠨᠡᠭᠡᠨ ᠳᠤ ᠶᠠᠪᠤᠵᠤ᠂ ᠰᠠᠶᠢᠨ ᠵᠢᠱᠢᠶ᠎ᠡ ᠦᠵᠡᠭᠦᠯᠬᠦ ᠪᠠᠷ ᠴᠢᠷᠮᠠᠶᠢᠬᠤ ᠬᠡᠷᠡᠭᠲᠡᠢ ᠭᠡᠵᠡᠢ᠃      ᠰᠢᠶᠠᠨ ᠤ ᠤᠳᠤᠷᠢᠳᠤᠯᠭ᠎ᠠ ᠭᠦᠸᠧ ᠮᠧᠢ ᠲᠤᠤ᠂ ᠸᠧᠢ ᠰᠢᠶᠤᠤ ᠳ᠋ᠦᠩ ᠶᠠᠷᠢᠯᠴᠠᠬᠤ ᠬᠤᠷᠠᠯ ᠳᠤ ᠣᠷᠣᠯᠴᠠᠪᠠ᠃    
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1