2 ᠳ᠋ᠤᠭᠠᠷ ᠰᠠᠷ᠎ᠠ ᠶᠢᠨ 27 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ | ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠰᠢᠶᠠᠨ ᠤ ᠳᠠᠷᠤᠭ᠎ᠠ ᠯᠢᠦ ᠵᠢᠢ ᠶᠢᠩ | ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2021 ᠣᠨ ᠤ | ᠭᠤᠷᠪᠠᠳᠤᠭᠠᠷ ᠤᠳᠠᠭ᠎ᠠ ᠶᠢᠨ ᠬᠤᠷᠠᠯ ᠵᠢᠴᠢ ᠬᠤᠶᠠᠳᠤᠭᠠᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ | ᠪᠣᠯᠤᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2021 ᠣᠨ ᠤ ᠭᠤᠷᠪᠠᠳᠤᠭᠠᠷ ᠤᠳᠠᠭ᠎ᠠ ᠶᠢᠨ ᠪᠠᠶᠢᠩᠭᠤ | ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠰᠢᠶᠠᠨ ᠤ ᠤᠳᠤᠷᠢᠳᠤᠯᠭ᠎ᠠ ᠸᠠᠩ ᠯᠢ ᠰᠢᠨ᠂ ᠸᠧᠨ ᠵᠢᠶᠠᠩ ᠬᠠᠢ᠂ | ᠱᠢ ᠯᠢ ᠵᠢᠶᠦ᠋ᠨ᠂ ᠯᠢᠦ ᡁᠢ ᠴᠢᠶᠠᠩ᠂ ᠯᠦ ᠢᠦᠢ ᠵᠦᠩ᠂ ᠶᠦᠨ ᠵᠢᠶᠠᠨ ᠵᠦᠩ ᠬᠤᠷᠠᠯ ᠳᠤ ᠣᠷᠣᠯᠴᠠᠪᠠ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ | ᠳᠠᠶᠢᠴᠢᠯᠠᠯᠲᠠ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ | ᠫᠢᠩ ᠤᠨ ᠪᠥᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠳ᠋ᠦᠩᠨᠡᠯᠲᠡ | ᠬᠢᠵᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ᠱᠢ ᠲᠠᠢ ᠹᠧᠩ ᠨᠥᠬᠦᠷ | ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ | ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ᠬᠥᠬᠡᠬᠤᠲᠠ ᠶᠢᠨ ᠬᠤᠶᠠᠷ ᠬᠤᠷᠠᠯ ᠤᠨ ᠵᠣᠷᠢᠭ ᠰᠠᠨᠠᠭ᠎ᠠ ᠵᠢᠴᠢ ᠪᠤᠰᠤᠳ | ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ | ᠬᠤᠷᠠᠯ ᠠᠴᠠ᠂ ᠨᠠᠮ ᠤᠨ ᠲᠡᠦᠬᠡ ᠶᠢ ᠰᠤᠷᠤᠯᠴᠠᠬᠤ ᠶᠢᠨ ᠴᠢᠬᠤᠯᠠ ᠴᠢᠨᠠᠷ ᠪᠣᠯᠤᠨ ᠵᠠᠶᠢᠯᠠᠰᠢ ᠦᠭᠡᠢ ᠴᠢᠨᠠᠷ | ᠢ ᠭᠦᠨᠵᠡᠭᠡᠢ ᠲᠠᠨᠢᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠴᠢᠬᠤᠯᠠ ᠶᠡᠭᠡ ᠤᠯᠤᠰ | ᠲᠦᠷᠦ ᠶᠢᠨ ᠡᠭᠦᠷᠭᠡ ᠪᠣᠯᠭᠠᠨ ᠠᠳᠬᠤᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ | ᠰᠡᠳᠬᠢᠯᠭᠡ ᠪᠣᠯᠤᠨ ᠪᠠᠲᠤ ᠴᠢᠩᠭ᠎ᠠ ᠲᠡᠦᠬᠡ ᠶᠢᠨ ᠡᠭᠦᠷᠭᠡᠲᠦ ᠪᠤᠳᠤᠯ ᠢᠶᠠᠷ ᠴᠢᠩᠭ᠎ᠠ ᠪᠣᠳᠠᠲᠠᠢ ᠠᠳᠬᠤᠵᠤ ᠦᠷ᠎ᠡ | ᠪᠦᠲᠦᠮᠵᠢ ᠭᠠᠷᠭᠠᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠡᠷᠢᠭᠦᠨ ᠤ ᠬᠤᠪᠢ | ᠬᠥᠮᠦᠨ ᠪᠠ ᠲᠡᠷᠢᠭᠦᠨ ᠤ ᠬᠠᠮᠲᠤ ᠨᠡᠶᠢᠲᠡ ᠠᠴᠠ ᠰᠤᠷᠤᠯᠴᠠᠬᠤ ᠥᠷᠨᠢᠯᠲᠡ ᠶᠢ ᠦᠳᠲᠡᠷ ᠲᠦᠷᠭᠡᠨ ᠭᠠᠷᠭᠠᠵᠤ᠂ | ᠥᠯᠢᠭᠡᠷ ᠳᠠᠭᠤᠷᠢᠶᠠᠯ ᠤᠨ ᠬᠥᠲᠥᠯᠥᠨ ᠳᠠᠭᠠᠭᠤᠯᠬᠤ ᠦᠶᠯᠡᠳᠦᠯ ᠢ ᠭᠦᠶᠴᠡᠳ ᠪᠠᠳᠠᠷᠠᠭᠤᠯᠤᠨ᠂ ᠤᠯᠠᠮ ᠨᠢᠭᠡ | ᠠᠯᠬᠤᠮ ᠪᠠᠷᠢᠮᠵᠢᠶᠠᠯᠠᠨ ᠬᠠᠷᠭᠤᠭᠤᠯᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠮᠠᠨ ᠤ ᠰᠢᠶᠠᠨ ᠤ ᠶᠠᠳᠠᠭᠤ | ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠬᠦ ᠶᠢ | ᠠᠬᠢᠭᠤᠯᠬᠤ ᠬᠡᠷᠡᠭᠲᠡᠶ᠃ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠰᠢᠨ᠎ᠡ ᠬᠥᠭᠵᠢᠯᠲᠡ ᠶᠢᠨ | ᠱᠠᠲᠤᠨ ᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠰᠢᠨ᠎ᠡ | ᠱᠠᠭᠠᠷᠳᠠᠯᠭ᠎ᠠ ᠰᠢᠨ᠎ᠡ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠥᠳᠡᠭᠡ | ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢ ᠴᠢᠬᠤᠯᠠ ᠠᠴᠠ | ᠴᠢᠬᠤᠯᠠ ᠠᠵᠢᠯ ᠪᠣᠯᠭᠠᠵᠤ᠂ ᠮᠠᠨ ᠤ ᠰᠢᠶᠠᠨ ᠤ ᠡᠯ᠎ᠡ ᠵᠦᠢᠯ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ | ᠲᠠᠷᠢᠶᠠᠴᠢᠨ︾ ᠤ ᠠᠵᠢᠯ ᠢ ᠱᠠᠯᠠᠪᠳᠠᠨ ᠰᠤᠳᠤᠯᠤᠨ ᠠᠬᠢᠭᠤᠯᠵᠤ᠂ ᠦᠨᠡᠨ ᠬᠦ ᠠᠳᠬᠤᠨ ᠪᠣᠳᠠᠲᠠᠢ ᠠᠵᠢᠯᠯᠠᠬᠤ᠂ | ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠰᠠᠶᠢᠨ ᠰᠠᠶᠢᠬᠠᠨ ᠠᠭᠤᠷ ᠠᠮᠢᠰᠬᠤᠯ ᠢ ᠪᠦᠷᠢᠯᠳᠦᠭᠦᠯᠵᠦ᠂ ᠪᠦᠬᠦ ᠰᠢᠶᠠᠨ | ᠤ ᠬᠦᠴᠦᠨ ᠢ ᠲᠠᠶᠢᠴᠢᠯᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ᠃ | ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠬᠤᠲᠠ ᠶᠢᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠳᠡᠭᠡᠷ᠎ᠡ | ᠨᠢᠭᠡᠳᠬᠡᠵᠦ᠂ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠢᠯᠠᠭᠠᠵᠤ᠂ ᠨᠡᠪᠲᠡᠷᠡᠲᠡᠯ᠎ᠡ ᠣᠢᠯᠠᠭᠠᠵᠤ᠂ ᠮᠡᠳᠡᠬᠦᠢ ᠬᠢᠬᠦᠢ | ᠪᠠᠨ ᠨᠢᠭᠡᠳᠬᠡᠵᠦ᠂ ᠣᠶᠤᠨ ᠴᠢᠳᠠᠯ ᠢᠶᠠᠨ ᠲᠥᠪᠯᠡᠷᠡᠭᠦᠯᠦᠨ ᠡᠯ᠎ᠡ ᠵᠦᠢᠯ ᠤᠨ ᠠᠵᠢᠯ ᠢ ᠰᠠᠢᠲᠤᠷ ᠠᠳᠬᠤᠵᠤ᠂ ᠪᠦᠬᠦ | ᠵᠢᠯ ᠤᠨ ᠠᠵᠤ ᠠᠬᠤᠢ ᠨᠡᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠪᠠᠨ ᠴᠢᠷᠮᠠᠢᠨᠠᠢ ᠪᠡᠶᠡᠯᠡᠭᠦᠯᠵᠦ᠂ ᠨᠠᠩ | ᠥᠨᠳᠥᠷ ᠵᠣᠭᠰᠣᠴᠠ᠂ ᠨᠠᠩ ᠪᠣᠳᠠᠲᠠᠢ ᠠᠷᠭ᠎ᠠ ᠬᠡᠮᠵᠢᠶ᠎ᠡ ᠪᠠᠷ ᠪᠦᠬᠦ ᠰᠢᠶᠠᠨ ᠤ ᠴᠢᠨᠠᠷ ᠰᠠᠢᠲᠠᠢ ᠬᠥᠭᠵᠢᠯᠲᠡ ᠶᠢ | ᠠᠬᠢᠭᠤᠯᠬᠤ ᠬᠡᠷᠡᠭᠲᠡᠢ ᠭᠡᠵᠦ ᠵᠢᠠᠭᠠᠨ ᠭᠠᠷᠭᠠᠪᠠ᠃ | ᠬᠤᠷᠠᠯ ᠠᠴᠠ᠂ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ᠂ ᠡᠯ᠎ᠡ ᠰᠠᠯᠠᠭ᠎ᠠ ᠮᠥᠴᠢᠷ | ᠠᠶᠤᠯᠭᠦᠢ ᠦᠢᠯᠡᠳᠪᠦᠷᠢᠯᠡᠯ ᠤᠨ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠠᠵᠤ ᠠᠬᠤᠶᠢᠯᠠᠯ ᠤᠨ ᠭᠤᠣᠯ | ᠴᠣᠭᠴᠠ ᠶᠢᠨ ᠬᠠᠷᠢᠭᠤᠴᠠᠯᠭ᠎ᠠ ᠶᠢ ᠲᠠᠰᠤᠷᠠᠯᠲᠠ ᠦᠭᠡᠢ ᠴᠢᠩᠭᠠᠳᠬᠠᠵᠤ᠂ ᠠᠮᠤᠷ ᠲᠦᠪᠰᠢᠨ ᠤ ᠭᠡᠮ ᠰᠣᠭᠤᠭ ᠢ | ᠪᠦᠬᠦ ᠲᠠᠯ᠎ᠠ ᠪᠠᠷ᠂ ᠥᠨᠴᠥᠭ ᠪᠤᠯᠤᠩ ᠦᠯᠡᠳᠡᠭᠡᠯ ᠦᠭᠡᠢ ᠵᠢᠭᠰᠠᠭᠠᠨ ᠪᠠᠶᠢᠴᠠᠭᠠᠵᠤ᠂ ᠠᠷᠠᠳ ᠲᠦᠮᠡᠨ ᠤ ᠠᠮᠢ | ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠡᠷᠡᠰ ᠪᠠᠲᠤᠯᠠᠬᠤ ᠬᠡᠷᠡᠭᠲᠡᠢ︔ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠱᠠᠯᠠᠪᠳᠠᠭᠤᠯᠤᠨ | ᠪᠠᠶᠢᠴᠠᠭᠠᠵᠤ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠳᠤ ᠭᠦᠨᠵᠡᠭᠡᠶᠢᠷᠡᠨ ᠦᠢᠯᠡᠴᠢᠯᠡᠭᠡᠨ | ᠤ ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯ ᠢ ᠬᠠᠪᠰᠤᠷᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ | ᠰᠡᠷᠭᠦᠭᠡᠬᠦ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠢ︔ ᠪᠦᠬᠦ | ᠰᠢᠶᠠᠨ ᠤ ᠭᠤᠣᠯᠳᠠᠯᠭ᠎ᠠ ᠲᠠᠢ ᠲᠦᠷᠦᠯ ᠵᠦᠢᠯ ᠢ ᠴᠢᠩᠭ᠎ᠠ ᠠᠩᠬᠠᠷᠴᠤ᠂ ᠢᠨᠵᠧᠨᠧᠷᠢᠩ ᠤᠨ ᠵᠠᠩᠭᠢᠯᠠᠭ᠎ᠠ ᠶᠢᠨ ᠴᠡᠭ ᠢ | ᠴᠢᠩᠭ᠎ᠠ ᠵᠢᠷᠤᠮᠯᠠᠨ᠂ ᠨᠢᠮᠪᠠᠢ ᠵᠣᠬᠢᠶᠠᠨ ᠪᠠᠶᠢᠭᠤᠯᠵᠤ᠂ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠤᠨ᠂ ᠲᠦᠷᠦᠯ | ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ︔ ᠪᠦᠬᠦ ᠤᠯᠤᠰ ᠤᠨ ︽ | ᠬᠤᠶᠠᠷ ᠬᠤᠷᠠᠯ︾ ᠤᠨ ᠬᠤᠭᠤᠴᠠᠭᠠᠨ ᠳᠠᠬᠢ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠢ | ᠪᠦᠬᠦ ᠬᠦᠴᠦ ᠪᠠᠷ ᠢᠶᠠᠨ ᠰᠠᠶᠢᠲᠤᠷ ᠬᠢᠵᠦ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠰᠡᠷᠭᠡᠭ ᠴᠢᠨᠠᠷ ᠢᠶᠠᠨ | ᠪᠠᠲᠤᠯᠠᠵᠤ᠂ ᠠᠵᠢᠯ ᠤᠨ ᠬᠠᠷᠢᠭᠤᠴᠠᠯᠭ᠎ᠠ ᠪᠠᠨ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠠᠵᠢᠯ ᠤᠨ ᠠᠷᠭ᠎ᠠ | ᠬᠡᠮᠵᠢᠶ᠎ᠡ ᠪᠠᠨ ᠴᠢᠩᠭᠠᠳᠬᠠᠵᠤ᠂ ᠡᠬᠢ ᠡᠭᠦᠰᠦᠯ ᠠᠴᠠ ᠨᠢ ᠰᠡᠷᠭᠡᠶᠢᠯᠡᠬᠦ ᠶᠢ ᠴᠢᠩᠭᠠᠳᠬᠠᠵᠤ᠂ ︽ᠬᠤᠶᠠᠷ ᠬᠤᠷᠠᠯ︾ | ᠤᠨ ᠬᠤᠭᠤᠴᠠᠭᠠᠨ ᠳᠠᠬᠢ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠦᠨᠡᠨ ᠬᠦ ᠬᠠᠮᠠᠭᠠᠯᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠪᠠᠶᠢᠩᠭᠤ ᠶᠢᠨ ᠬᠤᠷᠠᠯ ᠠᠴᠠ ᠠᠵᠤ ᠦᠶᠯᠡᠳᠪᠦᠷᠢ ᠶᠢᠨ ᠬᠦᠷᠢᠶᠡᠯᠡᠩ ᠤᠨ ᠰᠢᠨ᠎ᠡ ᠪᠠᠷ ᠪᠠᠶᠢᠭᠤᠯᠤᠭᠰᠠᠨ | ᠲᠥᠷᠥᠯ ᠵᠦᠶᠯ ᠤᠨ ︽ᠳᠣᠯᠤᠭ᠎ᠠ ᠶᠢ ᠨᠡᠪᠲᠡᠷᠡᠭᠦᠯᠵᠦ ᠨᠢᠭᠡ ᠶᠢ ᠲᠡᠭᠰᠢᠯᠡᠬᠦ︾ ᠢᠨᠵᠧᠨᠧᠷᠢᠩ ᠤᠨ ᠪᠥᠲᠥᠭᠡᠨ | ᠪᠠᠶᠢᠭᠤᠯᠤᠯᠲᠠ᠂ ᠲᠣᠭᠲᠠᠬᠤ ᠰᠢᠶᠠᠨ ᠤ ᠴᠠᠩ ᠵᠢᠶᠠ ᠶᠢᠩ᠂ ᠯᠢᠦ ᠵᠢᠶᠠ ᠶᠣᠣ ᠶᠢᠨ ᠲᠦᠮᠡᠨ ᠰᠠᠭᠠᠯᠢ ᠶᠢᠨ ᠦᠨᠢᠶ᠎ᠡ | ᠲᠡᠵᠢᠭᠡᠬᠦ ᠮᠠᠯᠵᠢᠯ ᠤᠨ ᠲᠠᠯᠠᠪᠠᠶ ᠶᠢᠨ ᠤᠰᠤ ᠬᠠᠩᠭᠠᠬᠤ ᠢᠨᠵᠧᠨᠧᠷᠢᠩ᠂ ᠬᠠᠲᠤᠨ ᠭᠤᠤᠯ ᠳᠠᠭᠠᠤ ᠦᠵᠡᠰᠬᠦᠯᠡᠩᠲᠦ | ᠰᠠᠶᠢᠬᠠᠨ ᠬᠠᠲᠤᠨ ᠭᠤᠤᠯ ᠤᠨ ᠠᠮᠢ ᠠᠬᠤᠶ ᠶᠢᠨ ᠵᠢᠷᠤᠭᠲᠤ ᠬᠤᠩᠭᠢᠯ ᠤᠨ ᠲᠥᠷᠥᠯ ᠵᠦᠶᠯ ᠢ ᠪᠥᠲᠥᠭᠡᠨ | ᠪᠠᠶᠢᠭᠤᠯᠬᠤ ᠵᠡᠷᠭᠡ ᠶᠠᠪᠤᠳᠠᠯ ᠢ ᠰᠤᠳᠤᠯᠤᠨ ᠶᠠᠷᠢᠯᠴᠠᠪᠠ᠃ |