ᠪᠦᠬᠦ ᠰᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠠᠩᠬᠠᠳᠤᠭᠠᠷ ᠤᠳᠠᠭ᠎ᠠ ᠶᠢᠨ ᠡᠷᠬᠢᠯᠡᠭᠴᠢᠳ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/3/30
        3 ᠳ᠋ᠤᠭᠠᠷ ᠰᠠᠷ᠎ᠠ ᠶᠢᠨ 22 ᠤᠨ ᠡᠳᠦᠷ᠂ ᠰᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠠᠩᠬᠠᠳᠤᠭᠠᠷ ᠤᠳᠠᠭ᠎ᠠ ᠶᠢᠨ ᠡᠷᠬᠢᠯᠡᠭᠴᠢᠳ ᠤᠨ ᠬᠤᠷᠠᠯ ᠬᠤᠷᠠᠯᠳᠤᠵᠤ᠂ ᠳᠡᠭᠡᠳᠦ ᠱᠠᠲᠤᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃       ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠂ ᠰᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠪᠠᠶᠢᠩᠭᠤ ᠶᠢᠨ ᠳᠡᠳ᠋ ᠳᠠᠷᠤᠭ᠎ᠠ ᠰᠦᠨ ᠬᠠᠶ ᠱᠧᠩ ᠬᠤᠷᠠᠯ ᠡᠷᠭᠢᠯᠡᠵᠡᠶ᠃      ᠬᠤᠷᠠᠯ ᠠᠴᠠ᠂ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠨᠢᠭᠡᠴᠡ ᠶᠢᠨ ᠬᠢᠨ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ︽ᠬᠤᠶᠠᠷ ᠢ ᠬᠠᠮᠠᠭᠠᠯᠠᠬᠤ︾ ᠤᠯᠤᠰ ᠲᠦᠷᠦ ᠶᠢᠨ ᠦᠨᠳᠦᠷᠴᠡ ᠠᠴᠠ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠥᠷᠨᠢᠭᠦᠯᠬᠦ ᠶᠢᠨ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ ᠭᠦᠨᠵᠡᠭᠡᠢ ᠲᠠᠨᠢᠵᠤ᠂ ᠰᠤᠷᠤᠯᠴᠠᠯᠭ᠎ᠠ ᠬᠥᠮᠦᠵᠢᠯ ᠤᠨ ᠭᠤᠭᠴᠤᠭ᠎ᠠ ᠶᠢᠨ ᠡᠯ᠎ᠡ ᠵᠦᠢᠯ ᠤᠨ ᠡᠭᠦᠷᠭᠡ ᠬᠠᠷᠠᠯᠲᠠ ᠶᠢ ᠯᠠᠪᠳᠠᠭᠤᠨ ᠢᠶᠠᠷ ᠠᠬᠢᠭᠤᠯᠵᠤ᠂ ᠤᠯᠤᠰ ᠲᠦᠷᠦ ᠶᠢᠨ ᠬᠥᠮᠦᠵᠢᠯ᠂ ᠰᠡᠷᠡᠮᠵᠢᠯᠡᠭᠦᠯᠬᠦ ᠬᠥᠮᠦᠵᠢᠯ᠂ ᠪᠠᠭᠠᠲᠤᠷ ᠵᠢᠱᠢᠶᠡᠴᠢ ᠶᠢᠨ ᠬᠥᠮᠦᠵᠢᠯ ᠢ ᠭᠦᠨᠵᠡᠭᠡᠢ ᠥᠷᠨᠢᠭᠦᠯᠬᠦ ᠬᠡᠷᠡᠭᠲᠡᠢ᠃ ᠦᠵᠡᠯ ᠰᠠᠨᠠᠭ᠎ᠠ ᠪᠠᠨ ᠨᠢᠭᠡᠳᠬᠡᠬᠦ᠂ ᠲᠠᠨᠢᠯᠲᠠ ᠪᠠᠨ ᠳᠡᠭᠡᠭᠰᠢᠯᠡᠭᠦᠯᠬᠦ ᠳᠡᠭᠡᠷ᠎ᠡ ᠤᠯᠠᠮ ᠨᠢᠭᠡ ᠠᠯᠬᠤᠮ ᠬᠦᠴᠦ ᠲᠠᠯᠪᠢᠵᠤ᠂ ᠳᠤᠲᠠᠭᠤᠳᠠᠯ ᠢᠶᠠᠨ ᠨᠥᠬᠦᠪᠥᠷᠢᠯᠡᠵᠦ᠂ ᠪᠠᠭᠤᠷᠠᠢ ᠲᠠᠯ᠎ᠠ ᠪᠠᠨ ᠨᠥᠬᠦᠪᠥᠷᠢᠯᠡᠵᠦ᠂ ᠳᠠᠷᠦ᠋ᠢᠬᠠᠨ ᠬᠡᠷᠡᠭᠵᠢᠭᠦᠯᠵᠦ ᠳᠠᠷᠦ᠋ᠢᠬᠠᠨ ᠥᠭᠡᠷᠡᠴᠢᠯᠡᠵᠦ᠂ ᠠᠵᠢᠯ ᠤᠨ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠨᠠᠷᠢᠯᠢᠬᠵᠢᠭᠤᠯᠵᠤ᠂ ᠠᠵᠢᠯ ᠤᠨ ᠪᠠᠷᠢᠮᠵᠢᠶ᠎ᠠ ᠪᠠᠨ ᠳᠡᠭᠡᠭᠰᠢᠯᠡᠭᠦᠯᠵᠦ᠂ ᠠᠵᠢᠯ ᠨᠢ ᠬᠤᠴᠣᠷᠤᠩᠭᠤᠢ ᠨᠢᠭᠡᠴᠡ ᠶᠢᠨ ᠬᠢᠨ ᠳᠤᠲᠠᠭᠳᠠᠯ ᠢᠶᠠᠨ ᠱᠠᠯᠠᠪᠳᠠᠨ ᠪᠠᠶᠢᠴᠠᠭᠠᠨ ᠨᠥᠬᠦᠪᠥᠷᠢᠯᠡᠵᠦ᠂ ᠰᠠᠨᠠᠭᠠᠴᠢᠯᠠᠭ᠎ᠠ ᠠᠴᠠ ᠪᠠᠨ ᠲᠡᠷᠢᠭᠦᠨ ᠤ ᠬᠢ ᠠᠴᠠ ᠰᠤᠷᠤᠯᠴᠠᠵᠤ᠂ ᠬᠥᠭᠡᠭᠡᠵᠦ ᠭᠦᠢᠴᠡᠬᠦ ᠶᠢ ᠪᠠᠲᠤᠯᠠᠬᠤ ᠬᠡᠷᠡᠭᠲᠡᠢ᠃ ᠰᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ ᠨᠠᠷᠢᠨ ᠨᠢᠭᠲᠠ ᠪᠠᠶᠢᠷᠢᠯᠠᠭᠤᠯᠵᠤ᠂ ᠡᠯ᠎ᠡ ᠭᠤᠭᠴᠤᠭ᠎ᠠ᠂ ᠡᠯ᠎ᠡ ᠱᠠᠲᠤᠨ ᠤ ᠠᠵᠢᠯ ᠤᠨ ᠡᠭᠦᠷᠭᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠰᠢᠭᠦᠬᠦ ᠵᠤᠷᠭᠠᠨ ᠵᠡᠷᠭᠡ ᠤᠯᠤᠰ ᠲᠦᠷᠦ ᠬᠠᠤᠯᠢ ᠴᠠᠭᠠᠵᠠ ᠶᠢᠨ ᠨᠢᠭᠡᠴᠡ ᠶᠢᠨ ᠰᠤᠷᠭᠠᠨ ᠬᠥᠮᠦᠵᠢᠯ ᠤᠨ ᠴᠡᠭᠴᠡᠯᠡᠯᠲᠡ ᠶᠢᠨ ᠠᠵᠢᠯ ᠢ ᠲᠤᠬᠢᠷᠠᠭᠤᠯᠵᠤ ᠬᠢᠨᠠᠨ ᠵᠢᠯᠣᠭᠤᠳᠬᠤ ᠪᠠᠨ ᠴᠢᠩᠭᠠᠳᠬᠠᠵᠤ᠂ ᠰᠤᠷᠭᠠᠨ ᠬᠥᠮᠦᠵᠢᠯ ᠤᠨ ᠴᠡᠭᠴᠡᠯᠡᠯᠲᠡ ᠶᠢᠨ ᠡᠯ᠎ᠡ ᠵᠦᠢᠯ ᠤᠨ ᠠᠵᠢᠯ ᠢ ᠦᠨᠡᠨᠬᠦ ᠪᠣᠳᠠᠲᠠᠢ᠂ ᠨᠠᠷᠢᠯᠢᠭ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1