ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2021 ᠣᠨ ᠤ 4 ᠳ᠋ᠤᠭᠡᠷ ᠤᠳᠠᠭ᠎ᠠ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/3/31
       3 ᠳ᠋ᠤᠭᠠᠷ ᠰᠠᠷ᠎ᠠ ᠶᠢᠨ 23 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ 2021 ᠣᠨ ᠤ 4 ᠳ᠋ᠤᠭᠡᠷ ᠤᠳᠠᠭ᠎ᠠ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ︽ᠠᠩᠬᠠᠨ ᠤ ᠬᠢᠴᠢᠶᠡᠯ︾ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠪᠠ ᠶᠡᠷᠦᠩᠬᠡᠶ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠶᠠᠷᠢᠯᠴᠠᠬᠤ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠬᠤᠷᠠᠯ ᠡᠷᠭᠢᠯᠡᠪᠡ᠃      ᠬᠤᠷᠠᠯ ᠠᠴᠠ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠪᠣᠯ ᠡᠨᠡ ᠵᠢᠯ ᠤᠨ ᠴᠢᠬᠤᠯᠠ ᠤᠯᠤᠰ ᠲᠦᠷᠦ ᠶᠢᠨ ᠡᠭᠦᠷᠭᠡ ᠪᠣᠯᠤᠨ᠎ᠠ᠃ ᠰᠢᠶᠠᠨ ᠤ ᠨᠠᠮ ᠤᠨ ᠬᠤᠷᠢᠶᠠᠨ ᠤ ᠭᠤᠣᠯ ᠳᠤᠭᠤᠶᠢᠯᠠᠩ ᠤᠨ ᠭᠡᠰᠢᠭᠦᠳ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠤ ᠵᠠᠩᠭᠢᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠲᠡᠦᠬᠡ ᠶᠢᠨ ᠦᠨᠳᠦᠰᠦᠨ ᠵᠣᠬᠢᠶᠠᠯ ᠪᠦᠲᠦᠭᠡᠯ ᠢ ᠲᠦᠷᠦᠭᠦᠯᠡᠨ ᠰᠤᠳᠤᠯᠤᠨ ᠤᠩᠰᠢᠵᠤ᠂ ᠰᠤᠷᠤᠯᠴᠠᠯᠭ᠎ᠠ ᠬᠥᠮᠦᠵᠢᠯ ᠢ ᠠᠳᠬᠤᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠲᠦᠷᠦᠭᠦᠯᠡᠨ ᠨᠠᠶᠢᠳᠠᠪᠤᠷᠢᠵᠢᠭᠤᠯᠵᠤ᠂ ᠡᠯ᠎ᠡ ᠨᠠᠮ ᠤᠨ ᠬᠤᠷᠢᠶ᠎ᠠ᠂ ᠨᠠᠮ ᠤᠨ ᠤᠳᠤᠷᠢᠳᠬᠤ ᠳᠤᠭᠤᠶᠢᠯᠠᠩ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠬᠠᠷᠠᠯᠲᠠ ᠱᠠᠭᠠᠷᠳᠠᠯᠭ᠎ᠠ᠂ ᠰᠤᠷᠤᠯᠴᠠᠯᠭ᠎ᠠ ᠶᠢᠨ ᠠᠭᠤᠯᠭ᠎ᠠ᠂ ᠠᠵᠢᠯ ᠤᠨ ᠲᠤᠬᠢᠷᠠᠭᠤᠯᠤᠯᠳᠠ ᠶᠢ ᠴᠢᠩᠭ᠎ᠠ ᠵᠢᠷᠤᠮᠯᠠᠨ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠰᠤᠷᠤᠯᠴᠠᠯᠭ᠎ᠠ ᠬᠥᠮᠦᠵᠢᠯ ᠤᠨ ᠡᠯ᠎ᠡ ᠵᠦᠢᠯ ᠤᠨ ᠡᠭᠦᠷᠭᠡ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠪᠡᠶᠡᠯᠡᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠯᠠᠪᠳᠠᠭᠤᠨ ᠪᠠᠲᠤᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠨ ᠭᠠᠷᠭᠠᠪᠠ᠃      ᠬᠤᠷᠠᠯ ᠠᠴᠠ᠂ ᠤᠯᠤᠰ ᠲᠦᠷᠦ᠂ ᠪᠦᠬᠦ ᠲᠠᠯ᠎ᠠ ᠪᠣᠯᠤᠨ ᠪᠠᠶᠢᠯᠳᠤᠬᠤ ᠪᠤᠳᠤᠯᠭ᠎ᠠ ᠶᠢᠨ ᠦᠨᠳᠦᠷᠴᠡ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠪᠠᠶᠠᠯᠢᠭ ᠠᠭᠤᠯᠤᠭᠳᠠᠬᠤᠨ᠂ ᠵᠣᠷᠢᠭ ᠰᠠᠨᠠᠭᠠᠨ ᠤ ᠮᠥᠨ ᠴᠢᠨᠠᠷ ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠶᠢ ᠴᠢᠨᠠᠭᠰᠢᠳᠠ ᠭᠦᠨᠵᠡᠭᠡᠢ ᠣᠶᠢᠯᠠᠭᠠᠵᠤ ᠂ ᠣᠨᠣᠪᠴᠢᠲᠠᠢ ᠡᠵᠡᠮᠰᠢᠬᠦ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ︽ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠬᠦᠴᠦᠯᠡᠨ ᠦᠢᠯᠡᠴᠢᠯᠡᠬᠦ ᠪᠠ ᠠᠭᠤᠰᠤᠯᠴᠠᠬᠤ︾ ᠲᠤᠬᠠᠢ ᠴᠢᠬᠤᠯᠠ ᠱᠠᠭᠠᠷᠳᠠᠯᠭ᠎ᠠ ᠶᠢ ᠭᠦᠨᠵᠡᠭᠡᠢ ᠤᠢᠢᠯᠠᠭᠠᠨ ᠡᠵᠡᠮᠰᠢᠵᠦ᠂ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ︔ ᠰᠢ ᠶᠢᠨ ᠫᠢᠩ ᠶᠡᠷᠦᠩᠬᠡᠢ ᠱᠦᠵᠢ ᠶᠢᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ ᠪᠠᠬᠢᠵᠢᠭᠦᠯᠦᠨ ᠬᠥᠭᠵᠢᠭᠦᠯᠬᠦ︾ ᠴᠢᠬᠤᠯᠠ ᠱᠠᠭᠠᠷᠳᠠᠯᠭ᠎ᠠ ᠶᠢ ᠭᠦᠨᠵᠡᠭᠡᠢ ᠤᠢᠢᠯᠠᠭᠠᠨ ᠡᠵᠡᠮᠰᠢᠵᠦ᠂ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ︔ ᠰᠢ ᠶᠢᠨ ᠫᠢᠩ ᠶᠡᠷᠦᠩᠬᠡᠶ ᠱᠦᠵᠢ ᠶᠢᠨ ︽ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠶ ᠳᠡᠭᠡᠭᠰᠢᠯᠡᠭᠦᠯᠬᠦ︾ ᠲᠤᠬᠠᠶ ᠴᠢᠬᠤᠯᠠ ᠱᠠᠭᠠᠷᠳᠠᠯᠭ᠎ᠠ ᠶᠢ ᠭᠦᠨᠵᠡᠭᠡᠶ ᠤᠶᠢᠯᠠᠭᠠᠨ ᠡᠵᠡᠮᠰᠢᠵᠦ᠂ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠤᠷᠤᠯᠴᠠᠨ ᠤᠬᠠᠭᠤᠯᠵᠤ ᠲᠤᠤᠱᠯᠠᠭᠤᠯᠬᠤ ᠠᠵᠢᠯ ᠢ ᠦᠷᠭᠦᠯᠵᠢᠯᠡᠨ ᠭᠦᠨᠵᠡᠭᠡᠢ ᠰᠠᠶᠢᠲᠤᠷ ᠠᠳᠬᠤᠵᠤ᠂ ᠪᠦᠬᠦ ᠰᠢᠶᠠᠨ ᠤ ᠳᠡᠭᠡᠳᠦ ᠲᠤᠤᠷᠠᠳᠤ ᠱᠠᠳᠤ ᠪᠠᠷ ᠢᠶᠠᠨ ᠰᠤᠷᠤᠯᠴᠠᠨ ᠤᠬᠠᠭᠤᠯᠵᠤ ᠲᠤᠤᠱᠯᠠᠭᠤᠯᠬᠤ ᠠᠵᠢᠯ ᠢ ᠳᠠᠰᠤᠷᠠᠯᠳᠠ ᠦᠬᠡᠢ ᠭᠦᠨᠵᠡᠭᠡᠶᠢᠷᠡᠭᠦᠯᠬᠦ ᠶᠢ ᠬᠦᠳᠦᠯᠦᠨ ᠳᠠᠭᠠᠭᠤᠯᠬᠤ ᠪᠠ ᠳᠠᠶᠢᠴᠢᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠨᠳᠢᠨ ᠬᠦᠰᠡᠯ ᠡᠷᠡᠮᠡᠯᠵᠡᠯ ᠪᠣᠯᠤᠨ ᠴᠢᠬᠤᠯᠠ ᠱᠠᠭᠠᠷᠳᠠᠯᠭ᠎ᠠ ᠶᠢ ᠦᠨᠡᠨᠬᠦ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠠᠶᠠᠨ ᠳᠤ ᠲᠣᠭᠲᠠᠬᠤ ᠶᠢᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠪᠠᠰᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠱᠢ ᠲᠠᠢ ᠹᠧᠩ ᠤᠨ ᠪᠥᠬᠦ ᠣᠷᠣᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠳᠠᠶᠢᠴᠢᠯᠠᠯᠲᠠ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠰᠢ ᠶᠢᠨ ᠫᠢᠩ ᠶᠡᠷᠦᠩᠬᠡᠢ ᠱᠦᠵᠢ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠬᠤ ᠶᠢᠨ ᠲᠣᠭᠤᠷᠢᠨ ᠳᠤ᠂ ᠰᠢᠶᠠᠨ ᠤ ᠤᠳᠤᠷᠢᠳᠤᠯᠭ᠎ᠠ ᠯᠢᠦ ᠵᠢᠢ ᠶᠢᠩ᠂ ᠰᠦᠨ ᠰᠢᠶᠦ᠋ᠨ᠂ ᠸᠧᠢ ᠰᠢᠶᠤᠤ ᠳ᠋ᠦᠩ᠂ ᠲᠢᠶᠠᠨ ᠯᠢ ᠵᠢᠶᠦ᠋ᠨ᠂ ᠯᠢᠦ ᡁᠢ ᠴᠢᠶᠠᠩ᠂ ᠯᠦ ᠢᠦᠢ ᠵᠦᠩ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠵᠤ ᠰᠣᠯᠢᠯᠴᠠᠪᠠ᠃      ᠰᠢᠶᠠᠨ ᠤ ᠤᠳᠤᠷᠢᠳᠤᠯᠭ᠎ᠠ ᠶᠦᠨ ᠷᠦᠢ ᠵᠢᠶᠦ᠋ᠨ᠂ ᠲᠢᠶᠠᠨ ᠸᠧᠨ ᠭᠧ ᠵᠢᠴᠢ ᠭᠤᠣᠯ ᠳᠤᠭᠤᠶᠢᠯᠠᠩ ᠤᠨ ᠭᠡᠰᠢᠭᠦᠳ ᠰᠤᠷᠤᠯᠴᠠᠯᠭ᠎ᠠ ᠶᠢᠨ ᠬᠤᠷᠠᠯ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1