ᠰᠢᠶᠠᠨ ᠤ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/3/31
         3 ᠳ᠋ᠤᠭᠠᠷ ᠰᠠᠷ᠎ᠠ ᠶᠢᠨ 23 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭᠠᠨ ᠤ ᠬᠤᠷᠠᠯ ᠬᠤᠷᠠᠯᠳᠤᠵᠤ᠂ ᠶᠡᠷᠦᠩᠬᠡᠶ ᠱᠦᠵᠢ ᠰᠢ ᠶᠢᠨ ᠫᠢᠩ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ ᠲᠤᠤᠱᠯᠠᠭᠤᠯᠵᠤ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠲᠤᠬᠠᠶ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠰᠢᠶᠠᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠰᠤᠳᠤᠯᠤᠨ ᠠᠬᠢᠭᠤᠯᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠬᠤᠷᠠᠯ ᠡᠷᠭᠢᠯᠡᠪᠡ᠃      ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠭᠦᠸᠧ ᠮᠧᠶ ᠲᠤᠤ ᠪᠥᠬᠦ ᠰᠢᠶᠠᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ ︽ᠲᠡᠦᠬᠡ︾ ᠪᠠᠷ ᠡᠳᠦᠭᠡ ᠶᠢ ᠥᠭᠦᠯᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠳᠠᠬᠢᠨᠲᠠ ᠪᠠᠶᠢᠷᠢᠯᠠᠭᠤᠯᠤᠯᠲᠠ ᠬᠢᠵᠦ᠂ ᠱᠠᠭᠠᠷᠳᠠᠯᠭ᠎ᠠ ᠳᠤᠷᠠᠳᠴᠠᠢ᠃ ᠪᠦᠬᠦ ᠰᠢᠶᠠᠨ ᠤ ᠡᠯ᠎ᠡ ᠱᠠᠲᠤᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠭᠦᠨᠵᠡᠭᠡᠶ ᠰᠤᠷᠤᠯᠴᠠᠨ ᠣᠶᠢᠯᠠᠭᠠᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠡᠭᠦᠨ ᠳᠤ ᠲᠤᠤᠱᠯᠠᠭᠳᠠᠵᠤ ᠪᠠᠶᠢᠭ᠎ᠠ ᠮᠠᠷᠺᠰ ᠤᠨ ᠦᠵᠡᠯ ᠤᠨ ᠵᠣᠭᠰᠣᠯᠲᠠ᠂ ᠦᠵᠡᠯᠲᠡ᠂ ᠠᠷᠭ᠎ᠠ ᠶᠢ ᠭᠦᠨᠵᠡᠭᠡᠶ ᠣᠶᠢᠯᠠᠭᠠᠵᠤ᠂ ᠡᠭᠦᠨ ᠤ ᠳᠣᠲᠣᠷᠠᠬᠢ ᠤᠯᠤᠰ ᠲᠥᠷᠥ ᠶᠢᠨ ᠱᠠᠭᠠᠷᠳᠠᠯᠭ᠎ᠠ᠂ ᠦᠵᠡᠯ ᠰᠠᠨᠠᠭᠠᠨ ᠤ ᠱᠠᠭᠠᠷᠳᠠᠯᠭ᠎ᠠ᠂ ᠠᠵᠢᠯ ᠤᠨ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠵᠦ᠂ ᠰᠤᠷᠤᠯᠴᠠᠨ ᠮᠡᠳᠡᠵᠦ ᠨᠡᠪᠲᠡᠷᠡᠲᠡᠯ᠎ᠡ ᠣᠶᠢᠯᠠᠭᠠᠵᠤ ᠪᠣᠳᠠᠲᠠᠶᠢᠵᠢᠭᠤᠯᠬᠤ ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂ ᠰᠤᠷᠤᠯᠴᠠᠬᠤ ᠰᠡᠳᠬᠢᠬᠦ ᠦᠢᠯᠡᠳᠦᠯᠭᠡᠵᠢᠭᠦᠯᠬᠦ ᠤᠬᠠᠮᠰᠠᠷ ᠤᠨ ᠳᠤᠮᠳᠠ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠵᠦ᠂ ᠨᠠᠮ ᠤᠨ ᠵᠠᠭᠤᠨ ᠵᠢᠯ ᠤᠨ ᠠᠭᠤᠤ ᠶᠡᠭᠡ ᠲᠡᠮᠡᠴᠡᠯ ᠤᠨ ᠲᠡᠦᠬᠡᠨ ᠶᠠᠪᠤᠴᠠ ᠠᠴᠠ ᠦᠷᠭᠦᠯᠵᠢᠯᠡᠨ ᠤᠷᠤᠭᠰᠢᠯᠠᠬᠤ ᠤᠶᠤᠨ ᠤᠬᠠᠭᠠᠨ ᠪᠠ ᠬᠦᠴᠦᠨ ᠴᠢᠳᠠᠯ ᠢ ᠰᠢᠩᠭᠡᠭᠡᠨ ᠠᠪᠴᠤ᠂ ︽ᠲᠦᠷᠪᠡᠨ ᠤᠬᠠᠮᠰᠠᠷ︾ ᠢᠶᠠᠨ ᠲᠠᠰᠤᠷᠠᠯᠲᠠ ᠦᠭᠡᠢ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠡᠩ ᠴᠤᠭ ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ ᠪᠠ ᠲᠡᠮᠡᠴᠡᠯ ᠤᠨ ᠳᠦᠷᠰᠦ ᠪᠠᠶᠢᠳᠠᠯ ᠢᠶᠠᠷ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠵᠤ᠂ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠶᠡᠷᠦᠩᠬᠡᠢ ᠬᠠᠷᠠᠯᠲᠠ ᠱᠠᠭᠠᠷᠳᠠᠯᠭ᠎ᠠ ᠶᠢ ᠭᠦᠨᠵᠡᠭᠡᠢ ᠤᠢᠢᠯᠠᠭᠠᠨ ᠣᠨᠣᠪᠴᠢᠲᠠᠢ ᠡᠵᠡᠮᠰᠢᠵᠦ᠂ ᠰᠤᠷᠤᠯᠴᠠᠬᠤ ᠠᠭᠤᠯᠭ᠎ᠠ ᠪᠣᠯᠤᠨ ᠠᠵᠢᠯ ᠤᠨ ᠲᠤᠬᠢᠷᠠᠭᠤᠯᠤᠯᠳᠠ ᠲᠠᠢ ᠨᠢᠭᠲᠠ ᠤᠶᠠᠯᠳᠤᠭᠤᠯᠵᠤ᠂ ᠡᠭᠦᠷᠭᠡ ᠨᠢᠭᠡᠪᠦᠷᠢ ᠶᠢ ᠯᠠᠪᠳᠠᠭᠤᠨ ᠪᠠᠲᠤᠲᠠᠢ ᠪᠣᠳᠠᠲᠠᠢ ᠠᠳᠬᠤᠵᠤ᠂ ᠨᠠᠷᠢᠨ ᠠᠳᠬᠤᠵᠤ᠂ ᠪᠣᠳᠠᠲᠠᠢ ᠠᠳᠬᠤᠬᠤ ᠶᠢᠨ ᠬᠠᠮᠲᠤ ᠬᠠᠷᠠᠯᠲᠠ ᠱᠠᠭᠠᠷᠳᠠᠯᠭ᠎ᠠ᠂ ᠰᠤᠷᠤᠯᠴᠠᠬᠤ ᠠᠭᠤᠯᠭ᠎ᠠ᠂ ᠠᠵᠢᠯ ᠤᠨ ᠲᠤᠬᠢᠷᠠᠭᠤᠯᠤᠯᠳᠠ ᠶᠢ ᠡᠳᠦᠷ ᠳᠤᠳᠤᠮ ᠤᠨ ᠠᠵᠢᠯ ᠳᠤ ᠠᠭᠤᠰᠤᠯᠴᠠᠭᠤᠯᠵᠤ᠂ ᠪᠠᠶᠢᠩᠭᠤ ᠠᠳᠬᠤᠵᠤ᠂ ᠡᠬᠢᠨ ᠠᠴᠠ ᠨᠢ ᠳᠠᠭᠤᠰᠲᠠᠯ᠎ᠠ ᠲᠤᠤᠱᠯᠠᠭᠤᠯᠬᠤ ᠬᠡᠷᠡᠭᠲᠡᠢ ᠭᠡᠵᠦ ᠱᠠᠭᠠᠷᠳᠠᠪᠠ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠨᠢᠭᠡᠨ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠬᠤ ᠶᠢ ᠪᠠᠷᠢᠮᠲᠠᠯᠠᠵᠤ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠨᠢᠭᠲᠠ ᠬᠠᠮᠵᠢᠯᠴᠠᠵᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ᠃ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠦᠭᠦᠳ ᠳᠡᠭᠡᠳᠦ ᠱᠠᠳᠤ ᠨᠢ ᠲᠤᠤᠷᠠᠳᠤ ᠱᠠᠳᠤ ᠪᠠᠨ ᠳᠠᠭᠠᠭᠤᠯᠬᠤ ᠶᠢ ᠪᠠᠷᠢᠮᠲᠠᠯᠠᠵᠤ᠂ ᠰᠤᠷᠤᠯᠴᠠᠯᠭ᠎ᠠ ᠬᠥᠮᠦᠵᠢᠯ ᠤᠨ ᠳᠤᠮᠳᠠ ᠪᠠᠷᠢᠮᠵᠢᠶ᠎ᠠ ᠶᠢ ᠨᠡᠩ ᠥᠨᠳᠥᠷ ᠪᠣᠯᠭᠠᠵᠤ᠂ ᠱᠠᠭᠠᠷᠳᠠᠯᠭ᠎ᠠ ᠶᠢ ᠨᠡᠩ ᠴᠢᠩᠭ᠎ᠠ ᠪᠣᠯᠭᠠᠬᠤ ᠬᠡᠷᠡᠭᠲᠡᠶ︔ ᠤᠳᠤᠷᠢᠳᠬᠤ ᠳᠤᠭᠤᠶᠢᠯᠠᠩ ᠤᠨ ᠠᠯᠪᠠᠨ ᠬᠡᠷ ᠨᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠶ︔ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠳᠣᠤᠷ᠎ᠠ ᠪᠠᠶᠢᠭᠤᠯᠤᠭᠰᠠᠨ ᠵᠣᠬᠢᠴᠠᠭᠤᠯᠬᠤ ᠳᠤᠭᠤᠶᠢᠯᠠᠩ᠂ ᠡᠬᠡ ᠪᠢᠴᠢᠭ ᠤᠨ ᠳᠤᠭᠤᠶᠢᠯᠠᠩ᠂ ᠤᠬᠠᠭᠤᠯᠬᠤ ᠳᠤᠭᠤᠶᠢᠯᠠᠩ᠂ ᠦᠢᠯᠡᠳᠦᠯᠭᠡ ᠶᠢᠨ ᠠᠵᠢᠯᠯᠠᠭ᠎ᠠ ᠶᠢᠨ ᠳᠤᠭᠤᠶᠢᠯᠠᠩ᠂ ᠪᠠᠲᠤᠯᠠᠭ᠎ᠠ ᠶᠢᠨ ᠳᠤᠭᠤᠶᠢᠯᠠᠩ ᠨᠢ ᠡᠯ᠎ᠡ ᠵᠦᠢᠯ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠠᠳᠬᠤᠬᠤ ᠬᠡᠷᠡᠭᠲᠡᠶ︔ ᠲᠣᠭᠤᠷᠢᠨ ᠵᠢᠭᠠᠨ ᠵᠢᠯᠣᠭᠤᠳᠬᠤ ᠳᠤᠭᠤᠶᠢᠯᠠᠩ ᠨᠢ ᠡᠯ᠎ᠡ ᠵᠦᠢᠯ ᠤᠨ ᠬᠢᠨᠠᠨ ᠵᠢᠯᠣᠭᠤᠳᠬᠤ ᠠᠵᠢᠯ ᠢ ᠬᠢᠨᠠᠮᠠᠭᠠᠶ ᠰᠠᠶᠢᠲᠤᠷ ᠬᠢᠬᠦ ᠬᠡᠷᠡᠭᠲᠡᠶ ᠭᠡᠵᠦ ᠵᠢᠭᠠᠨ ᠭᠠᠷᠭᠠᠪᠠ᠃      ᠬᠤᠷᠠᠯ ᠠᠴᠠ᠂ ᠡᠨᠡ ᠤᠳᠠᠭ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠦᠬᠦ ᠨᠠᠮ ᠢᠶᠠᠷ ᠢᠶᠠᠨ ᠠᠩᠬᠠᠷᠴᠤ᠂ ᠨᠡᠶᠢᠭᠡᠮ ᠨᠡᠶᠢᠲᠡ ᠪᠠᠷ ᠢᠶᠠᠨ ᠠᠩᠬᠠᠷᠴᠤ ᠪᠠᠶᠢᠨ᠎ᠠ᠂ ᠤᠬᠠᠭᠤᠯᠭ᠎ᠠ ᠶᠠᠷᠢᠶ᠎ᠠ ᠬᠡᠯᠡᠯᠴᠡᠭᠡᠨ ᠤ ᠠᠵᠢᠯ ᠢ ᠰᠠᠶᠢᠲᠤᠷ ᠠᠳᠬᠤᠬᠤ ᠨᠢ ᠮᠠᠰᠢ ᠴᠢᠬᠤᠯᠠ ᠶᠤᠮ᠂ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠯᠠᠮᠵᠢᠯᠠᠯᠲᠤ ᠵᠠᠭᠤᠴᠢᠯᠠᠭᠤᠷ ᠪᠣᠯᠤᠨ ᠰᠢᠨ᠎ᠡ ᠪᠠᠷ ᠮᠠᠨᠳᠤᠭᠰᠠᠨ ᠵᠠᠭᠤᠴᠢᠯᠠᠭᠤᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠢᠯᠠᠩᠭᠤᠶ᠎ᠠ ︽ᠬᠤᠶᠠᠷ ᠭᠤᠣᠯᠳᠠᠯᠭ᠎ᠠ︾ ︽ᠨᠢᠭᠡ ᠲᠠᠪᠴᠠᠩ︾ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠬᠢᠬᠦ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠤᠬᠠᠭᠤᠯᠭ᠎ᠠ ᠰᠤᠷᠤᠯᠴᠠᠯᠭ᠎ᠠ ᠬᠥᠮᠦᠵᠢᠯ ᠤᠨ ᠳᠤᠮᠳᠠ ᠪᠤᠢ ᠪᠣᠯᠤᠭᠰᠠᠨ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠰᠠᠶᠢᠨ ᠲᠤᠷᠰᠢᠯᠭ᠎ᠠ ᠰᠠᠶᠢᠨ ᠠᠷᠭ᠎ᠠ ᠰᠠᠶᠢᠨ ᠦᠷ᠎ᠡ ᠪᠦᠲᠦᠭᠡᠯ ᠢ ᠢᠳᠡᠪᠬᠢᠲᠡᠢ ᠳ᠋ᠦᠩᠨᠡᠵᠦ᠂ ᠠᠳᠠᠯᠢᠳᠬᠠᠬᠤ ᠰᠤᠷᠬᠤ ᠭᠦᠢᠴᠡᠬᠦ ᠳᠠᠪᠠᠭ᠋ᠤ ᠠᠮᠢᠳᠤᠯᠢᠭ ᠪᠠᠶᠢᠳᠠᠯ ᠢ ᠪᠤᠢ ᠪᠣᠯᠭᠠᠬᠤ ᠶᠢ ᠠᠬᠢᠭᠤᠯᠬᠤ ᠬᠡᠷᠡᠭᠲᠡᠢ ᠭᠡᠪᠡ᠃      ᠰᠢᠶᠠᠨ ᠤ ᠤᠳᠤᠷᠢᠳᠤᠯᠭ᠎ᠠ ᠯᠢᠦ ᠵᠢᠢ ᠶᠢᠩ᠂ ᠲᠢᠶᠠᠨ ᠸᠧᠨ ᠭᠧ᠂ ᠸᠧᠢ ᠰᠢᠶᠤᠤ ᠳ᠋ᠦᠩ᠂ ᠡᠯ᠎ᠡ ᠪᠠᠯᠭᠠᠰᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1