ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ 227 ᠳ᠋ᠤᠭᠠᠷ ᠬᠤᠷᠠᠯᠳᠤᠭᠠᠨ ᠬᠤᠷᠠᠯᠳᠤᠪᠠ
ᠨᠡᠶᠢᠲᠡᠯᠡᠭᠰᠡᠨ ᠴᠠᠭ᠄
2021/3/4
      2 ᠳ᠋ᠤᠭᠠᠷ ᠰᠠᠷ᠎ᠠ ᠶᠢᠨ 27 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ 227 ᠳ᠋ᠤᠭᠠᠷ ᠬᠤᠷᠠᠯ ᠬᠤᠷᠠᠯᠳᠤᠭᠤᠯᠪᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠬᠤᠷᠢᠨ ᠳᠣᠯᠣᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠳ᠋ᠦᠩᠨᠡᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠴᠢᠩᠳᠠᠯᠠᠬᠤ ᠲᠤᠬᠠᠶ ᠬᠡᠰᠡᠭ ᠴᠢᠬᠤᠯᠠ ᠥᠭᠦᠯᠡᠯᠲᠡ ᠶᠢ ᠤᠯᠠᠮᠵᠢᠯᠠᠪᠠ᠂ ︽ᠪᠦᠬᠦ ᠨᠠᠮ ᠳᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ  ᠤ ᠮᠡᠳᠡᠭᠳᠡᠯ︾᠂ ︽ᠬᠢᠨᠠᠯᠲᠠ ᠲᠠᠯᠪᠢᠬᠤ ᠡᠭᠦᠷᠭᠡ ᠴᠢᠳᠠᠪᠬᠢ ᠪᠠᠨ ᠪᠠᠳᠠᠷᠠᠭᠤᠯᠵᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠰᠠᠨᠠᠯ︾᠂ ︽ᠪᠦᠬᠦ ᠣᠷᠣᠨ ᠤ ᠪᠣᠯᠪᠠᠰᠤᠨ ᠬᠤᠳᠠ ᠳᠤ᠂ ᠪᠣᠯᠪᠠᠰᠤᠨ ᠲᠣᠰᠬᠤᠨ ᠪᠠᠯᠭᠠᠰᠤ᠂ ᠪᠣᠯᠪᠠᠰᠤᠨ ᠨᠢᠭᠡᠴᠡ᠂ ᠪᠣᠯᠪᠠᠰᠤᠨ ᠬᠡᠷ ᠪᠦᠯᠢ ᠶᠢᠨ ᠬᠥᠳᠡᠯᠦᠩᠭᠦᠶ ᠬᠠᠮᠢᠶᠠᠷᠤᠯᠲᠠ  ᠶᠢᠨ ᠠᠵᠢᠯ ᠤᠨ ᠪᠠᠶᠢᠳᠠᠯ ᠤᠨ ᠲᠤᠬᠠᠶ ᠮᠡᠳᠡᠭᠡᠯᠡᠯ︾᠂ ᠬᠥᠬᠡᠬᠤᠲᠠ ᠶᠢᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠤᠯᠠᠮᠵᠢᠯᠠᠪᠠ᠃      ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠬᠤᠷᠠᠯ ᠢ ᠡᠷᠭᠢᠯᠡᠪᠡ᠃      ᠬᠤᠷᠠᠯ ᠠᠴᠠ᠂ ᠪᠦᠬᠦ ᠰᠢᠶᠠᠨ ᠤ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ  ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠤᠬᠠᠮᠰᠠᠷ  ᠠᠴᠠ ᠪᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠠᠷᠢᠶᠠᠨ ᠤ ᠵᠣᠷᠢᠭ ᠰᠠᠨᠠᠭ᠎ᠠ ᠲᠠᠢ ᠨᠢᠭᠡᠳᠬᠡᠵᠦ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠭᠦᠢᠴᠡᠳ ᠡᠵᠡᠮᠳᠡᠵᠦ᠂ ᠣᠨᠣᠪᠴᠢᠲᠠᠢ ᠣᠶᠢᠯᠠᠭᠠᠵᠤ᠂ ᠪᠦᠬᠦ ᠲᠠᠯ᠎ᠠ  ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠮ ᠤᠨ ᠲᠥᠪ ᠬᠤᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠬᠤ ᠶᠢ ᠠᠵᠢᠯ ᠢᠶᠠᠨ ᠲᠥᠯᠥᠪᠵᠢᠭᠦᠯᠬᠦ᠂ ᠲᠦᠷᠦ ᠶᠢᠨ ᠪᠤᠳᠤᠯᠭ᠎ᠠ ᠲᠣᠭᠲᠠᠭᠠᠬᠤ᠂ ᠡᠭᠦᠷᠭᠡ ᠪᠠᠨ ᠪᠠᠶᠢᠷᠢᠯᠠᠭᠤᠯᠬᠤ᠂ ᠠᠵᠢᠯ ᠢᠶᠠᠨ ᠠᠬᠢᠭᠤᠯᠬᠤ ᠳᠤᠮᠳᠠ ᠢᠯᠡᠷᠡᠭᠦᠯᠵᠦ᠂ ᠦᠷᠭᠦᠯᠵᠢ ᠪᠠᠷᠢᠮᠵᠢᠶᠠᠯᠠᠨ ᠬᠠᠷᠭᠤᠭᠤᠯᠵᠤ᠂ ᠵᠥᠷᠢᠶ᠎ᠡ ᠪᠠᠨ ᠴᠠᠭ ᠲᠤᠬᠠᠢ  ᠳᠤᠨᠢ ᠵᠠᠯᠠᠷᠠᠭᠤᠯᠵᠤ᠂ ᠮᠠᠨ ᠤ ᠰᠢᠶᠠᠨ ᠤ ᠡᠯ᠎ᠡ ᠵᠦᠢᠯ ᠤᠨ ᠠᠵᠢᠯ ᠦᠢᠯᠡᠰ ᠢᠮᠠᠭᠲᠠ ᠵᠥᠪ ᠤᠯᠤᠰ ᠲᠦᠷᠦ ᠶᠢᠨ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠬᠤ ᠬᠡᠷᠡᠭᠲᠡᠢ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠡᠨᠡ ᠵᠢᠯ ᠤᠨ ᠨᠢᠭᠡᠨ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠥᠷᠭᠡᠨ ᠤᠯᠠᠨ ᠨᠠᠮ ᠤᠨ ᠭᠡᠰᠢᠭᠦᠨ ᠤ ᠨᠠᠮ ᠤᠨ ᠲᠡᠮᠡᠴᠡᠯ ᠤᠨ ᠥᠩᠭᠡᠷᠡᠯᠲᠡ ᠪᠠ ᠠᠭᠤᠤ ᠶᠡᠭᠡ ᠠᠮᠵᠢᠯᠲᠠ ᠪᠦᠲᠦᠮᠵᠢ ᠪᠠᠷ ᠲᠡᠮᠡᠴᠡᠯ  ᠤᠨ ᠵᠣᠷᠢᠭ ᠢᠶᠠᠨ ᠬᠥᠪᠴᠢᠯᠡᠨ᠂ ᠴᠢᠭᠯᠡᠯ ᠢᠶᠠᠨ ᠲᠣᠳᠣᠷᠬᠠᠶᠢᠯᠠᠵᠤ᠂ ᠨᠠᠮ ᠤᠨ ᠢᠷᠠᠭᠤ ᠠᠯᠳᠠᠷᠲᠤ ᠤᠯᠠᠮᠵᠢᠯᠠᠯ ᠪᠠ ᠰᠢᠯᠢᠳᠡᠭ ᠰᠤᠷᠲᠠᠯ ᠢᠶᠠᠷ ᠢᠲᠡᠭᠡᠯ ᠵᠣᠷᠢᠭ ᠢᠶᠠᠨ ᠪᠠᠲᠤᠳᠬᠠᠨ᠂ ᠬᠦᠴᠦᠨ ᠴᠢᠳᠠᠯ ᠢᠶᠠᠨ ᠨᠢᠭᠲᠠᠷᠠᠭᠤᠯᠵᠤ᠂ ᠨᠠᠮ ᠤᠨ ᠦᠢᠯᠡᠳᠦᠯᠭᠡ ᠶᠢᠨ ᠡᠭᠦᠳᠦᠨ ᠪᠦᠲᠦᠭᠡᠯᠲᠡ ᠪᠠ ᠲᠡᠦᠬᠡ ᠶᠢᠨ ᠲᠤᠷᠰᠢᠯᠭ᠎ᠠ ᠪᠠᠷ ᠤᠶᠤᠨ ᠤᠬᠠᠭᠠᠨ ᠢᠶᠠᠨ ᠰᠡᠩᠬᠡᠷᠡᠭᠦᠯᠵᠦ᠂ ᠵᠠᠩ ᠰᠤᠷᠲᠠᠯ ᠢᠶᠠᠨ ᠳᠠᠪᠲᠠᠨ ᠪᠣᠯᠪᠠᠰᠤᠷᠠᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠬᠥᠮᠦᠵᠢᠭᠦᠯᠦᠨ ᠵᠢᠯᠣᠭᠤᠳᠴᠤ᠂ ᠲᠡᠦᠬᠡ ᠶᠢ ᠰᠤᠷᠤᠯᠴᠠᠵᠦ ᠶᠣᠰᠣ ᠶᠢ ᠮᠡᠳᠡᠬᠦ᠂ ᠲᠡᠦᠬᠡ ᠶᠢ ᠰᠤᠷᠤᠯᠴᠠᠵᠦ ᠢᠲᠡᠭᠡᠯ  ᠢ ᠨᠡᠮᠡᠭᠳᠡᠭᠦᠯᠬᠦ᠂ ᠲᠡᠦᠬᠡ ᠶᠢ ᠰᠤᠷᠤᠯᠴᠠᠵᠦ ᠮᠣᠷᠠᠯ ᠢ ᠡᠷᠬᠢᠮᠯᠡᠬᠦ᠂ ᠲᠡᠦᠬᠡ ᠶᠢ ᠰᠤᠷᠤᠯᠴᠠᠵᠦ ᠬᠦᠴᠦᠯᠡᠨ ᠠᠵᠢᠯᠯᠠᠬᠤ  ᠶᠢ ᠦᠨᠡᠨ ᠬᠦ ᠪᠡᠶᠡᠯᠡᠭᠦᠯᠵᠦ᠂ ᠨᠠᠮ ᠤᠨ ᠲᠡᠦᠬᠡ ᠶᠢ ᠰᠤᠷᠤᠯᠴᠠᠬᠤ᠂ ᠦᠵᠡᠯ ᠰᠠᠨᠠᠭ᠎ᠠ ᠶᠢ ᠣᠶᠢᠯᠠᠭᠠᠬᠤ᠂ ᠪᠣᠳᠠᠲᠠᠢ ᠶᠠᠪᠤᠳᠠᠯ ᠬᠢᠬᠦ᠂ ᠰᠢᠨ᠎ᠡ ᠪᠠᠶᠢᠳᠠᠯ ᠢ ᠨᠡᠭᠡᠭᠡᠬᠦ ᠶᠢ ᠪᠡᠶᠡᠯᠡᠭᠦᠯᠵᠦ᠂ ᠰᠤᠷᠤᠯᠴᠠᠯᠭ᠎ᠠ ᠬᠥᠮᠦᠵᠢᠯ ᠤᠨ ᠵᠢᠱᠢᠭᠰᠡᠨ ᠦᠷ᠎ᠡ ᠪᠦᠲᠦᠮᠵᠢ ᠶᠢ ᠤᠯᠬᠤ ᠶᠢ ᠦᠨᠡᠨ ᠬᠦ ᠪᠠᠲᠤᠯᠠᠬᠤ ᠬᠡᠷᠡᠭᠳᠡᠢ᠃ ᠲᠥᠪ ᠤᠨ᠂ ᠥᠪᠡᠷᠲᠡᠭᠡᠨ ᠵᠠᠰᠠᠬᠤ ᠣᠷᠣᠨ ᠤ᠂ ᠬᠥᠬᠡᠬᠤᠲᠠ ᠶᠢᠨ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ  ᠶᠢᠨ ᠠᠯᠬᠤᠮ ᠢ ᠲᠦᠷᠭᠡᠳᠬᠡᠵᠦ᠂ ᠬᠥᠳᠡᠭᠡ ᠠᠵᠤ ᠠᠬᠤᠢ ᠶᠢᠨ ᠴᠢᠨᠠᠷ ᠰᠠᠶᠢᠲᠠᠢ ᠥᠨᠳᠥᠷ ᠪᠦᠲᠦᠮᠵᠢᠲᠡᠢ᠂ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠦᠢᠯᠡᠰ ᠪᠤᠰᠬᠠᠬᠤ ᠳᠤ ᠲᠣᠬᠢᠷᠠᠮᠵᠢᠲᠠᠢ᠂ ᠲᠠᠷᠢᠶᠠᠴᠢᠳ  ᠤᠨ ᠪᠠᠶᠠᠨ ᠴᠢᠨᠡᠭᠡᠯᠢᠭ ᠪᠠᠶᠠᠨ ᠴᠢᠨᠡᠭᠡᠯᠢᠭ ᠪᠠᠶᠢᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠰᠠᠬᠢᠯᠭ᠎ᠠ ᠪᠠᠲᠤ ᠶᠢ ᠦᠨᠡᠨ ᠬᠦ ᠴᠢᠩᠳᠠᠯᠠᠵᠤ᠂ ᠴᠢᠩᠭ᠎ᠠ ᠱᠠᠭᠠᠷᠳᠠᠯᠭ᠎ᠠ᠂ ᠴᠢᠩᠭ᠎ᠠ ᠪᠠᠷᠢᠮᠵᠢᠶ᠎ᠠ᠂ ᠴᠢᠩᠭ᠎ᠠ ᠠᠷᠭ᠎ᠠ ᠬᠡᠮᠵᠢᠶ᠎ᠡ ᠪᠠᠷ ᠬᠤᠭᠤᠴᠠᠭ᠎ᠠ ᠰᠣᠯᠢᠬᠤ ᠠᠵᠢᠯ ᠤᠨ ᠤᠷᠤᠭᠰᠢᠲᠠᠢ ᠶᠠᠪᠤᠭᠳᠠᠬᠤ᠂ ᠲᠥᠪ ᠴᠢᠬᠡᠴᠢ ᠪᠠᠶᠢᠬᠤ ᠶᠢ ᠪᠠᠲᠤᠯᠠᠵᠤ᠂ ᠬᠤᠭᠤᠴᠠᠭ᠎ᠠ ᠰᠣᠯᠢᠬᠤ ᠶᠠᠪᠤᠴᠠ ᠶᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠦᠷ᠎ᠡ ᠪᠦᠲᠦᠭᠡᠯ ᠢ ᠥᠷᠭᠡᠳᠬᠡᠬᠦ ᠶᠠᠪᠤᠴᠠ ᠪᠣᠯᠭᠠᠵᠤ᠂ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ᠃ ᠪᠦᠬᠦ ᠣᠷᠣᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ᠂ ᠪᠦᠬᠦ ᠬᠤᠳᠠ ᠶᠢᠨ ︽ᠪᠠᠷᠢᠮᠵᠢᠶ᠎ᠠ ᠶᠣᠰᠣᠭᠠᠷ ᠲᠡᠷᠢᠭᠦᠨ ᠤ ᠰᠤᠷᠲᠠᠯ  ᠢᠶᠠᠨ ᠬᠤᠪᠢᠷᠠᠭᠤᠯᠵᠤ᠂ ᠣᠷᠴᠢᠨ ᠠᠬᠤᠢ ᠶᠢ ᠰᠢᠯᠢᠳᠡᠭᠵᠢᠭᠦᠯᠦᠨ ᠬᠥᠭᠵᠢᠯᠲᠡ ᠶᠢ ᠠᠬᠢᠭᠤᠯᠬᠤ︾ ᠶᠡᠭᠡ ᠬᠤᠷᠠᠯ ᠪᠣᠯᠤᠨ ᠪᠦᠬᠦ ᠰᠢᠶᠠᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠡᠯ᠎ᠡ ᠵᠦᠢᠯ ᠤᠨ ᠠᠵᠢᠯ ᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠨ ᠭᠠᠷᠭᠠᠪᠠ᠃      ᠬᠤᠷᠠᠯ ᠠᠴᠠ᠂ ᠪᠦᠬᠦ ᠰᠢᠶᠠᠨ ᠤ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠴᠥᠮ ᠬᠥᠬᠡᠬᠤᠲᠠ ᠶᠢᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠭᠦᠨᠵᠡᠭᠡᠢ ᠰᠠᠶᠢᠲᠤᠷ ᠰᠤᠷᠤᠯᠴᠠᠵᠤ᠂ ᠰᠠᠶᠢᠲᠤᠷ ᠲᠤᠭᠤᠰᠢᠯᠠᠭᠤᠯᠵᠤ᠂ ᠰᠠᠶᠢᠲᠤᠷ ᠨᠠᠶᠢᠳᠠᠪᠤᠷᠢᠵᠢᠭᠤᠯᠵᠤ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯᠳᠠᠯᠭ᠎ᠠ ᠲᠠᠢ ᠡᠭᠦᠷᠭᠡ ᠶᠢᠨ ᠱᠠᠭᠠᠷᠳᠠᠯᠭ᠎ᠠ ᠶᠢ ᠮᠠᠨ ᠤ ᠰᠢᠶᠠᠨ ᠳᠤ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ︽ᠬᠠᠲᠤᠨ ᠭᠤᠤᠯ ᠤᠨ ᠲᠣᠭᠤᠷᠢᠨ ᠳᠤ ᠴᠢᠨᠠᠷ ᠰᠠᠶᠢᠲᠠᠶ ᠬᠥᠭᠵᠢᠯᠲᠡ ᠶᠢ ᠰᠠᠶᠢᠲᠤᠷ ᠬᠢᠬᠦ︾᠂ ︽ᠬᠠᠲᠤᠨ ᠭᠤᠤᠯ  ᠤᠨ ᠠᠮᠢ ᠠᠬᠤᠶ ᠶᠢᠨ ᠬᠠᠮᠠᠭᠠᠯᠠᠯᠲᠠ ᠬᠢᠭᠡᠳ ᠴᠢᠨᠠᠷ ᠰᠠᠶᠢᠲᠠᠶ ᠬᠥᠭᠵᠢᠯᠲᠡ ᠶᠢᠨ ᠥᠯᠢᠭᠡᠷ ᠳᠠᠭᠤᠷᠢᠶᠠᠯ ᠣᠷᠣᠨ ᠢ ᠪᠠᠶᠢᠭᠤᠯᠬᠤ︾ ᠵᠡᠷᠭᠡ ᠪᠠᠶᠢᠷᠢ ᠲᠣᠭᠲᠠᠭᠠᠯᠲᠠ ᠶᠣᠰᠣᠭᠠᠷ᠂ ᠪᠥᠬᠦ ᠰᠢᠶᠠᠨ ᠤ ᠶᠡᠭᠡ ᠲᠠᠯ᠎ᠠ ᠠᠴᠠ ᠡᠭᠦᠰᠴᠦ᠂ ᠡᠨᠡ ᠵᠢᠯ ᠤᠨ ᠠᠵᠢᠯ ᠤᠨ ᠰᠡᠳᠬᠢᠴᠡ᠂ ᠠᠵᠢᠯ ᠤᠨ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠯ᠎ᠡ ᠵᠦᠶᠯ ᠤᠨ ᠭᠤᠤᠯᠳᠠᠯᠭ᠎ᠠ ᠲᠠᠢ ᠠᠵᠢᠯ᠂ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ  ᠶᠢ ᠱᠠᠯᠠᠪᠳᠠᠨ ᠠᠬᠢᠭᠤᠯᠵᠤ᠂ ᠨᠢᠭᠡᠳᠦᠭᠡᠷ ᠤᠯᠠᠷᠢᠯ ᠤᠨ ᠡᠯ᠎ᠡ ᠵᠦᠶᠯ ᠤᠨ ᠠᠵᠢᠯ ᠤᠨ ᠰᠠᠶᠢᠨ ᠡᠬᠢᠯᠡᠯᠲᠡ ᠲᠠᠢ ᠪᠣᠯᠬᠤ  ᠶᠢ ᠦᠨᠡᠨ ᠬᠦ ᠪᠠᠲᠤᠯᠠᠵᠤ᠂ ᠪᠥᠬᠦ ᠵᠢᠯ ᠤᠨ ᠬᠠᠷᠠᠯᠲᠠ ᠡᠭᠦᠷᠭᠡ ᠶᠢ ᠰᠠᠶᠢᠲᠤᠷ ᠡᠬᠢᠯᠡᠭᠦᠯᠬᠦ ᠶᠢ ᠪᠡᠶᠡᠯᠡᠭᠦᠯᠬᠦ ᠬᠡᠷᠡᠭᠲᠡᠶ ᠭᠡᠵᠦ ᠱᠠᠭᠠᠷᠳᠠᠪᠠ᠃      ᠰᠢᠶᠠᠨ ᠤ ᠤᠳᠤᠷᠢᠳᠤᠯᠭ᠎ᠠ ᠯᠢᠦ ᠵᠢᠢ ᠶᠢᠩ᠂ ᠰᠦᠨ ᠰᠢᠶᠦ᠋ᠨ᠂ ᠶᠦᠨ ᠷᠦᠢ ᠵᠢᠶᠦ᠋ᠨ᠂ ᠲᠢᠶᠠᠨ ᠸᠧᠨ ᠭᠧ ᠵᠢᠴᠢ ᠡᠯ᠎ᠡ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1