ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠦᠬᠦ ᠣᠷᠣᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠭᠤᠯᠵᠤ ᠯᠢ ᠪᠢᠩ ᠷᠦᠩ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2021/3/4
      3 ᠳ᠋ᠤᠭᠠᠷ ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠦᠬᠦ ᠣᠷᠣᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠭᠤᠯᠵᠤ᠂ ᠪᠦᠬᠦ ᠤᠯᠤᠰ ᠤᠨ ᠬᠠᠪᠤᠷ ᠤᠨ ᠲᠠᠷᠢᠶᠠᠯᠠᠩ ᠤᠨ ᠦᠢᠯᠡᠳᠪᠦᠷᠢᠯᠡᠯ ᠤᠨ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠲᠤᠭᠤᠰᠢᠯᠠᠭᠤᠯᠵᠤ᠂ ᠪᠦᠬᠦ ᠣᠷᠣᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠪᠣᠯᠤᠨ ᠬᠤᠯᠪᠣᠭᠳᠠᠯ ᠪᠦᠬᠦᠢ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ ᠷᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠯᠢ ᠪᠢᠩ ᠷᠦᠩ ᠵᠢᠭᠠᠵᠤ ᠭᠠᠷᠭᠠᠭᠰᠠᠨ ᠨᠢ᠂ ᠠᠮᠤ ᠪᠤᠳᠠᠭᠠᠨ ᠤ ᠪᠦᠬᠦ ᠲᠠᠯ᠎ᠠ ᠶᠢᠨ ᠡᠯᠪᠡᠭ ᠬᠤᠷᠢᠶᠠᠯᠲᠠ ᠶᠢ ᠲᠡᠮᠡᠴᠡᠨ ᠣᠯᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠬᠢᠯᠡᠯᠲᠡ ᠶᠢᠨ ᠲᠡᠷᠢᠭᠦᠨ ᠴᠢᠬᠤᠯᠠ ᠡᠭᠦᠷᠭᠡ ᠪᠣᠯᠤᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠤᠯᠤᠰ ᠤᠨ ᠠᠮᠤ ᠪᠤᠳᠠᠭ᠎ᠠ ᠶᠢᠨ ᠠᠮᠤᠷ ᠲᠦᠪᠰᠢᠨ ᠤ ᠲᠣᠭᠲᠠᠭᠤᠨ ᠢ ᠪᠠᠲᠤᠯᠠᠬᠤ ᠡᠨᠡ ᠬᠦ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠡᠨᠡ ᠵᠢᠯ ᠤᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠠᠶᠢᠲᠤᠷ ᠬᠢᠬᠦ ᠶᠢᠨ ᠣᠨᠴᠠᠭᠠᠶ ᠠᠴᠢ ᠬᠤᠯᠪᠣᠭᠳᠠᠯ ᠢ ᠭᠦᠶ᠋ᠴᠡᠳ ᠲᠠᠨᠢᠵᠤ᠂ ᠠᠮᠤ ᠪᠤᠳᠠᠭᠠᠨ ᠤ ᠠᠮᠤᠷ ᠲᠦᠪᠰᠢᠨ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ ᠭᠡᠪᠡ᠃      ᠯᠢ ᠪᠢᠩ ᠷᠦᠩ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠠᠮᠤ ᠪᠤᠳᠠᠭ᠎ᠠ ᠳᠠᠷᠢᠬᠤ ᠲᠠᠯᠠᠪᠠᠶ ᠶᠢ ᠨᠡᠮᠡᠭᠳᠡᠭᠦᠯᠬᠦ ᠠᠴᠠ ᠪᠢᠰᠢ ᠬᠠᠰᠤᠭᠳᠠᠭᠤᠯᠬᠤ ᠥᠬᠡᠶ ᠪᠠᠶᠢᠬᠤ ᠱᠠᠭᠠᠷᠳᠠᠯᠭ᠎ᠠ ᠶᠣᠰᠣᠭᠠᠷ᠂ ᠬᠠᠪᠤᠷ ᠤᠨ ᠲᠠᠷᠢᠶᠠᠯᠠᠭ᠎ᠠ ᠶᠢᠨ ᠠᠵᠢᠯ ᠤᠨ ᠬᠡᠷᠡᠭᠴᠡᠭᠡ ᠶᠢ ᠪᠥᠬᠦ ᠬᠦᠴᠦᠨ  ᠢᠶᠠᠷ ᠢᠶᠠᠨ ᠪᠠᠲᠤᠯᠠᠵᠤ᠂ ᠲᠠᠷᠢᠶᠠᠯᠠᠩ ᠤᠨ ᠬᠡᠷᠡᠭᠰᠡᠯ ᠬᠠᠩᠭᠠᠬᠤ᠂ ᠪᠦᠲᠦᠴᠡ ᠶᠢᠨ ᠲᠣᠬᠢᠷᠠᠭᠤᠯᠤᠯᠲᠠ ᠬᠢᠬᠦ᠂ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠥᠲᠥᠭᠡᠨ ᠪᠠᠶᠢᠭᠤᠯᠬᠤ᠂ ᠭᠠᠩ ᠬᠠᠭᠰᠠᠷᠠᠭᠠᠨ ᠲᠠᠢ ᠲᠡᠮᠡᠴᠡᠵᠦ ᠬᠢᠵᠢᠭ ᠢ ᠰᠡᠷᠭᠡᠶᠢᠯᠡᠬᠦ ᠵᠡᠷᠭᠡ ᠴᠢᠬᠤᠯᠠ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠴᠢᠨᠠᠷ ᠰᠠᠶᠢᠲᠠᠶ ᠪᠡᠶᠡᠯᠡᠭᠦᠯᠬᠦ ᠬᠡᠷᠡᠭᠲᠡᠶ᠃ ᠡᠭᠦᠨ ᠤ ᠬᠠᠮᠲᠤ᠂ ᠲᠥᠪ ᠤᠨ ᠲᠣᠭᠤᠷᠢᠨ ᠪᠠᠶᠢᠴᠠᠭᠠᠯᠲᠠ ᠠᠴᠠ ᠳᠤᠷᠠᠳᠤᠭᠰᠠᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠪᠣᠳᠠᠲᠠᠢ ᠠᠳᠬᠤᠵᠤ᠂ ᠭᠤᠣᠯ ᠤᠨ ᠰᠦᠩ ᠬᠠᠯᠢᠶ᠎ᠠ ᠶᠢ ᠰᠡᠷᠭᠡᠶᠢᠯᠡᠬᠦ ᠪᠠ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠪᠦᠬᠦ ᠵᠢᠯ ᠤᠨ ᠮᠠᠯ ᠠᠵᠤ ᠠᠬᠤᠢ ᠲᠠᠷᠢᠶᠠᠯᠠᠩ ᠪᠠ ᠮᠠᠯᠵᠢᠬᠤ ᠲᠠᠷᠢᠶᠠᠯᠠᠬᠤ ᠣᠷᠣᠨ ᠤ ᠡᠯ᠎ᠡ ᠵᠦᠢᠯ ᠤᠨ ᠡᠭᠦᠷᠭᠡ ᠶᠢ ᠪᠡᠶᠡᠯᠡᠭᠦᠯᠬᠦ ᠳᠤ ᠰᠠᠶᠢᠨ ᠡᠬᠢᠯᠡᠯᠲᠡ ᠲᠠᠢ᠂ ᠰᠠᠶᠢᠨ ᠠᠯᠬᠤᠴᠠ ᠲᠠᠢ ᠪᠠᠶᠢᠯᠭᠠᠬᠤ ᠬᠡᠷᠡᠭᠲᠡᠢ ᠭᠡᠪᠠ᠃
 
ᠢᠷᠡᠯᠲᠡ᠄ ᠦᠪᠤᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1