3 ᠳ᠋ᠤᠭᠠᠷ ᠰᠠᠷ᠎ᠠ ᠶᠢᠨ 3 ᠤ ᠡᠳᠦᠷ᠂ ᠪᠦᠬᠦ ᠰᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠤᠨ ᠲᠠᠶᠢᠴᠢᠯᠠᠯᠳᠠ ᠶᠢᠨ ᠬᠤᠷᠠᠯ ᠬᠤᠷᠠᠯᠳᠤᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ | ᠶᠠᠨ ᠬᠤᠷᠠᠯ ᠳᠤ ᠣᠷᠣᠯᠴᠠᠭᠰᠠᠨ ᠪᠥᠭᠡᠳ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ | ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠳᠠᠶᠢᠴᠢᠯᠠᠯᠲᠠ ᠶᠢᠨ ᠶᠡᠭᠡ ᠬᠤᠷᠠᠯ ᠳᠡᠭᠡᠷᠡᠬᠢ ᠰᠢ ᠶᠢᠨ ᠫᠢᠩ | ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶᠠᠨ ᠤ ᠰᠢᠢᠳᠪᠦᠷᠢᠳᠦ | ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠤᠨ ᠠᠵᠢᠯ ᠤᠨ ᠲᠤᠬᠠᠶ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠂ ᠬᠤᠲᠠ ᠶᠢᠨ ᠨᠠᠮ ᠤᠨ ᠬᠤᠷᠢᠶᠠᠨ ᠤ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ | ᠪᠦᠬᠦ ᠨᠠᠮ ᠤᠨ ᠭᠡᠰᠢᠭᠦᠨ ᠺᠠᠳ᠋ᠷᠴᠤᠳ ᠢ ᠳᠠᠶᠢᠴᠢᠯᠠᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ᠂ | ᠴᠤᠭ ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ᠂ ᠪᠣᠳᠠᠲᠠᠢ ᠶᠢ ᠡᠷᠬᠢᠮᠯᠡᠭᠰᠡᠨ ᠠᠵᠢᠯ ᠤᠨ ᠰᠤᠷᠲᠠᠯ ᠢᠶᠠᠷ | ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠥᠷᠨᠢᠭᠦᠯᠵᠦ᠂ ᠰᠤᠷᠤᠯᠴᠠᠬᠤ ᠰᠡᠳᠬᠢᠬᠦ ᠬᠡᠷᠡᠭᠯᠡᠬᠦ ᠶᠢ | ᠨᠡᠪᠲᠡᠷᠡᠲᠡᠯ᠎ᠡ᠂ ᠮᠡᠳᠡᠬᠦ ᠢᠲᠡᠭᠡᠬᠦ ᠠᠵᠢᠯᠯᠠᠬᠤ ᠶᠢ ᠨᠢᠭᠡᠳᠬᠡᠬᠦ ᠳᠤᠮᠳᠠ ᠬᠦᠰᠡᠯᠡᠩ ᠢᠲᠡᠭᠡᠯ ᠪᠢᠰᠢᠷᠡᠯ ᠢᠶᠠᠨ | ᠪᠠᠲᠤᠳᠬᠠᠵᠤ᠂ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠵᠤ᠂ ᠤᠶᠤᠨ ᠰᠠᠨᠠᠭᠠᠨ ᠤ ᠳᠦᠷᠰᠦ | ᠪᠠᠶᠢᠳᠠᠯ ᠢᠶᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠰᠢᠯᠢᠳᠡᠭ | ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠪᠡᠯᠭᠡᠯᠡᠬᠦ ᠬᠡᠷᠡᠭᠲᠡᠢ ᠭᠡᠪᠡ᠃ | ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠯᠢᠦ ᠵᠢᠶ ᠢᠩ ᠬᠤᠷᠠᠯ ᠡᠷᠭᠢᠯᠡᠪᠡ᠃ | | ᠯᠢ ᠴᠦᠨ ᠶᠠᠨ᠂ ᠮᠠᠨ ᠤ ᠨᠠᠮ ᠲᠡᠦᠬᠡᠨ ᠠᠴᠠ ᠪᠠᠨ ᠠᠪᠤᠭᠠᠳ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠢ ᠴᠢᠬᠤᠯᠠᠴᠢᠯᠠᠵᠤ᠂ ᠨᠠᠮ ᠤᠨ ᠲᠡᠮᠡᠴᠡᠯ ᠤᠨ ᠥᠩᠭᠡᠷᠡᠯᠲᠡ ᠪᠣᠯᠤᠨ ᠠᠭᠤᠤ ᠶᠡᠭᠡ ᠠᠮᠵᠢᠯᠲᠠ ᠪᠠᠷ | ᠲᠡᠮᠡᠴᠡᠯ ᠤᠨ ᠵᠣᠷᠢᠭ ᠢ ᠬᠥᠪᠴᠢᠯᠡᠵᠦ᠂ ᠴᠢᠭᠯᠡᠯ ᠢ ᠲᠣᠳᠣᠷᠬᠠᠶᠢᠯᠠᠵᠤ᠂ ᠨᠠᠮ ᠤᠨ ᠢᠷᠠᠭᠤ ᠠᠯᠳᠠᠷᠲᠤ ᠤᠯᠠᠮᠵᠢᠯᠠᠯ | ᠪᠣᠯᠤᠨ ᠰᠢᠯᠢᠳᠡᠭ ᠰᠤᠷᠲᠠᠯ ᠢᠶᠠᠷ ᠢᠲᠡᠭᠡᠯ ᠵᠣᠷᠢᠭ ᠢᠶᠠᠨ ᠪᠠᠲᠤᠳᠬᠠᠵᠤ᠂ ᠬᠦᠴᠦᠨ ᠴᠢᠳᠠᠯ ᠢᠶᠠᠨ ᠨᠢᠭᠲᠠᠷᠠᠭᠤᠯᠵᠤ᠂ | ᠨᠠᠮ ᠤᠨ ᠦᠢᠯᠡᠳᠦᠯᠭᠡ ᠶᠢᠨ ᠡᠭᠦᠳᠦᠯᠲᠡ ᠪᠣᠯᠤᠨ ᠲᠡᠦᠬᠡ ᠶᠢᠨ ᠲᠤᠷᠰᠢᠯᠭ᠎ᠠ ᠪᠠᠷ ᠤᠶᠤᠨ ᠤᠬᠠᠭᠠᠨ ᠢ ᠰᠡᠩᠬᠡᠷᠡᠭᠦᠯᠵᠦ | ᠂ ᠵᠠᠩ ᠰᠤᠷᠲᠠᠯ ᠢᠶᠠᠨ ᠳᠠᠪᠲᠠᠨ ᠪᠣᠯᠪᠠᠰᠤᠷᠠᠭᠤᠯᠬᠤ ᠶᠢ ᠴᠢᠬᠤᠯᠠᠴᠢᠯᠠᠭᠰᠠᠭᠠᠷ ᠢᠷᠡᠵᠠᠢ᠃ ᠪᠦᠬᠦ ᠰᠢᠶᠠᠨ ᠤ ᠡᠯ᠎ᠡ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠯᠤᠰ | ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠴᠢᠬᠤᠯᠠ | ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠦᠨᠡᠨᠬᠦ ᠳᠡᠭᠡᠳᠦ | ᠬᠡᠮᠵᠢᠶ᠎ᠡ ᠪᠠᠷ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ | ᠱᠠᠭᠠᠷᠳᠠᠯᠭ᠎ᠠ ᠳᠡᠭᠡᠷ᠎ᠡ ᠨᠢᠭᠡᠳᠬᠡᠵᠦ᠂ ᠲᠡᠦᠬᠡ ᠶᠢᠨ ᠲᠤᠷᠰᠢᠯᠭ᠎ᠠ ᠶᠢ ᠨᠠᠷᠢᠨ ᠬᠢᠨᠠᠮᠠᠭᠠᠶ ᠳ᠋ᠦᠩᠨᠡᠵᠦ᠂ ᠲᠡᠦᠬᠡ ᠶᠢᠨ | ᠡᠭᠦᠷᠭᠡ ᠶᠢ ᠲᠠᠨᠢᠵᠤ᠂ ᠵᠥᠪ ᠴᠢᠭᠯᠡᠯ ᠢ ᠪᠠᠷᠢᠮᠲᠠᠯᠠᠵᠤ᠂ ᠳᠡᠭᠡᠳᠦ ᠬᠡᠮᠵᠢᠶᠡᠨ ᠤ ᠤᠯᠤᠰ ᠲᠥᠷᠥ ᠶᠢᠨ | ᠬᠠᠷᠢᠭᠤᠴᠠᠯᠭᠠᠲᠤ ᠰᠡᠳᠬᠢᠯᠭᠡ ᠪᠠ ᠴᠢᠩᠭ᠎ᠠ ᠬᠦᠴᠦᠲᠡᠶ ᠲᠡᠦᠬᠡᠨ ᠡᠭᠦᠷᠭᠡᠲᠦ ᠰᠡᠳᠬᠢᠯᠭᠡ ᠪᠠᠷ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠤᠨ ᠠᠵᠢᠯ ᠢ ᠰᠠᠶᠢᠲᠤᠷ ᠠᠳᠬᠤᠵᠤ᠂ ᠨᠠᠮ ᠤᠨ ᠲᠡᠦᠬᠡ ᠶᠢ ᠰᠠᠶᠢᠲᠤᠷ ᠰᠤᠷᠤᠯᠴᠠᠬᠤ ᠡᠨᠡᠬᠦ | ᠵᠠᠪᠠᠯ ᠰᠤᠷᠬᠤ ᠬᠢᠴᠢᠶᠡᠯ ᠤᠨ ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ᠂ ᠦᠢᠯᠡ | ᠠᠵᠢᠯᠯᠠᠭ᠎ᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠨᠠᠮ ᠤᠨ ᠵᠠᠭᠤᠨ ᠵᠢᠯ ᠤᠨ ᠠᠭᠤᠤ ᠶᠡᠭᠡ ᠲᠡᠮᠡᠴᠡᠯ ᠤᠨ | ᠶᠠᠪᠤᠴᠠ ᠠᠴᠠ ᠦᠷᠭᠦᠯᠵᠢᠯᠡᠨ ᠤᠷᠤᠭᠰᠢᠯᠠᠬᠤ ᠤᠶᠤᠨ ᠤᠬᠠᠭᠠᠨ ᠪᠠ ᠬᠦᠴᠦᠨ ᠴᠢᠳᠠᠯ ᠢ ᠰᠢᠩᠭᠡᠭᠡᠨ ᠠᠪᠴᠤ᠂ | ᠨᠡᠩ ᠴᠤᠭ ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ ᠪᠠ ᠲᠡᠮᠡᠴᠡᠯ ᠤᠨ ᠳᠦᠷᠰᠦ ᠪᠠᠶᠢᠳᠠᠯ ᠢᠶᠠᠷ ᠰᠢᠨ᠎ᠡ | ᠴᠠᠭ ᠦᠶ᠎ᠡ ᠳᠤ ᠭᠠᠪᠢᠶ᠎ᠠ ᠪᠠᠶᠢᠭᠤᠯᠵᠤ᠂ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠬᠤ ᠬᠡᠷᠡᠭᠲᠡᠢ ᠭᠡᠪᠡ᠃ | ᠯᠢ ᠴᠦᠨ ᠶᠠᠨ᠄ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠲᠡᠦᠬᠡᠨ | ᠬᠥᠭᠵᠢᠯᠲᠡ ᠶᠢᠨ ᠭᠤᠣᠯ ᠰᠡᠳᠦᠪ ᠭᠤᠣᠯ ᠰᠢᠵᠢᠮ ᠢ ᠪᠠᠲᠤ ᠡᠵᠡᠮᠰᠢᠵᠦ᠂ ᠨᠠᠮ ᠤᠨ ᠲᠥᠪ ᠬᠤᠷᠢᠶᠠᠨ ᠤ ᠳᠠᠷᠤᠮᠠᠯᠯᠠᠨ | ᠲᠠᠷᠬᠠᠭᠠᠭᠰᠠᠨ ︽ᠪᠦᠬᠦ ᠨᠠᠮ ᠢᠶᠠᠷ ᠢᠶᠠᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠶ | ᠮᠡᠳᠡᠭᠳᠡᠯ︾ ᠳᠤ ᠲᠣᠳᠣᠷᠬᠠᠶᠢᠯᠠᠭᠰᠠᠨ ᠵᠢᠷᠭᠤᠭᠠᠨ ᠲᠠᠯ᠎ᠠ ᠶᠢᠨ ᠰᠤᠷᠤᠯᠴᠠᠯᠭ᠎ᠠ ᠶᠢᠨ ᠠᠭᠤᠯᠭ᠎ᠠ ᠶᠢ ᠣᠨᠣᠪᠴᠢᠲᠠᠶ | ᠡᠵᠡᠮᠰᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠳᠤᠷᠠᠳᠤᠭᠰᠠᠨ ︽ᠲᠡᠦᠬᠡ | ᠰᠤᠷᠴᠤ ᠶᠣᠰᠣ ᠤᠴᠢᠷ ᠢ ᠣᠶᠢᠯᠠᠭᠠᠬᠤ᠂ ᠲᠡᠦᠬᠡ ᠰᠤᠷᠴᠤ ᠢᠲᠡᠭᠡᠯᠴᠡᠭᠡ ᠪᠠᠨ ᠨᠡᠮᠡᠭᠳᠡᠭᠦᠯᠬᠦ᠂ ᠲᠡᠦᠬᠡ ᠰᠤᠷᠴᠤ | ᠶᠣᠰᠣ ᠮᠣᠷᠠᠯ ᠢ ᠡᠷᠬᠢᠮᠯᠡᠬᠦ᠂ ᠲᠡᠦᠬᠡ ᠰᠤᠷᠴᠤ ᠦᠢᠯᠡᠳᠦᠯᠭᠡᠵᠢᠭᠦᠯᠬᠦ ᠪᠠᠷ ᠴᠢᠷᠮᠠᠶᠢᠬᠤ︾ ᠬᠠᠷᠠᠯᠲᠠ ᠱᠠᠭᠠᠷᠳᠠᠯᠭ᠎ᠠ ᠶᠢ | ᠢᠮᠠᠭᠲᠠ ᠲᠤᠤᠱᠯᠠᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ ᠬᠥᠲᠥᠯᠥᠨ | ᠵᠢᠯᠣᠭᠤᠳᠴᠤ ᠪᠠᠶᠢᠭᠠᠳ ᠨᠠᠮ ᠤᠨ ᠲᠡᠮᠡᠴᠡᠯ ᠤᠨ ᠥᠩᠭᠡᠷᠡᠯᠲᠡ ᠪᠠ ᠠᠭᠤᠤ ᠶᠡᠭᠡ ᠠᠮᠵᠢᠯᠲᠠ ᠪᠦᠲᠦᠮᠵᠢ ᠪᠠᠷ | ᠲᠡᠮᠡᠴᠡᠯ ᠤᠨ ᠵᠣᠷᠢᠭ ᠢ ᠨᠢ ᠬᠥᠪᠴᠢᠯᠡᠵᠦ᠂ ᠴᠢᠭᠯᠡᠯ ᠢ ᠨᠢ ᠲᠣᠳᠣᠷᠬᠠᠶ ᠪᠣᠯᠭᠠᠵᠤ᠂ ᠨᠠᠮ ᠤᠨ ᠢᠷᠠᠭᠤ ᠠᠯᠳᠠᠷᠲᠤ | ᠤᠯᠠᠮᠵᠢᠯᠠᠯ ᠪᠠ ᠰᠢᠯᠢᠳᠡᠭ ᠰᠤᠷᠲᠠᠯ ᠢᠶᠠᠷ ᠢᠲᠡᠭᠡᠯ ᠵᠣᠷᠢᠭ ᠢ ᠨᠢ ᠪᠠᠲᠤᠳᠬᠠᠨ᠂ ᠬᠦᠴᠦᠨ ᠴᠢᠳᠠᠯ ᠢ ᠨᠢ | ᠨᠢᠭᠲᠠᠷᠠᠭᠤᠯᠵᠤ᠂ ᠨᠠᠮ ᠤᠨ ᠦᠢᠯᠡᠳᠦᠯᠭᠡ ᠶᠢᠨ ᠡᠭᠦᠳᠦᠨ ᠪᠦᠲᠦᠭᠡᠯᠲᠡ ᠪᠠ ᠲᠡᠦᠬᠡᠨ ᠲᠤᠷᠰᠢᠯᠭ᠎ᠠ ᠪᠠᠷ ᠤᠶᠤᠨ | ᠤᠬᠠᠭᠠᠨ ᠢ ᠨᠢ ᠰᠡᠩᠬᠡᠷᠡᠭᠦᠯᠵᠦ᠂ ᠵᠠᠩ ᠰᠤᠷᠲᠠᠯ ᠢ ᠨᠢ ᠬᠠᠲᠠᠭᠤᠵᠢᠭᠤᠯᠵᠤ᠂ ᠨᠠᠮ ᠤᠨ ᠲᠡᠦᠬᠡ ᠶᠢ ᠰᠤᠷᠤᠯᠴᠠᠬᠤ᠂ | ᠦᠵᠡᠯ ᠰᠠᠨᠠᠭ᠎ᠠ ᠶᠢ ᠨᠢ ᠣᠶᠢᠯᠠᠭᠠᠬᠤ᠂ ᠪᠣᠳᠠᠲᠤ ᠶᠠᠪᠤᠳᠠᠯ ᠢ ᠪᠦᠲᠦᠭᠡᠬᠦ᠂ ᠰᠢᠨ᠎ᠡ ᠪᠠᠶᠢᠳᠠᠯ ᠢ ᠪᠤᠢ ᠪᠣᠯᠭᠠᠬᠤ ᠶᠢ | ᠦᠨᠡᠨ ᠬᠦ ᠪᠡᠶᠡᠯᠡᠭᠦᠯᠦᠨ᠎ᠡ ᠭᠡᠵᠦ ᠢᠡᠯᠡᠷᠬᠡᠶᠢᠯᠡᠪᠡ᠃ | ᠯᠢ ᠴᠦᠨ ᠶᠠᠨ ᠴᠢᠬᠤᠯᠠᠴᠢᠯᠠᠭᠰᠠᠨ ᠨᠢ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ | ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠢᠶᠠᠨ ᠤ ᠨᠠᠮ ᠤᠨ ᠬᠤᠷᠢ᠊ ᠡᠶ᠎ᠡ ᠶᠢᠨ | ᠲᠣᠭᠲᠠᠭᠠᠭᠰᠠᠨ ︽ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠠᠵᠢᠯ ᠤᠨ ᠲᠥᠰᠦᠯ︾ | ᠶᠣᠰᠣᠭᠠᠷ᠂ ᠤᠭ ᠦᠨᠳᠦᠰᠦ ᠶᠢ ᠨᠢ ᠡᠷᠢᠵᠦ᠂ ᠤᠭ ᠰᠠᠨᠠᠭ᠎ᠠ ᠶᠢ ᠨᠢ ᠣᠶᠢᠯᠠᠭᠠᠵᠤ᠂ ᠡᠭᠦᠷᠭᠡ ᠬᠠᠷᠢᠭᠤᠴᠠᠯᠭ᠎ᠠ ᠪᠠᠨ | ᠪᠠᠲᠤ ᠴᠡᠭᠡᠵᠢᠯᠡᠵᠦ᠂ ᠨᠠᠮ ᠤᠨ ᠰᠢᠯᠢᠳᠡᠭ ᠤᠯᠠᠮᠵᠢᠯᠠᠯ ᠢ ᠵᠠᠯᠭᠠᠮᠵᠢᠯᠠᠵᠤ᠂ ᠨᠠᠮ ᠤᠨ ᠲᠡᠦᠬᠡ ᠶᠢᠨ ᠤᠶᠤᠨ | ᠤᠬᠠᠭᠠᠨ ᠢ ᠰᠢᠩᠭᠡᠭᠡᠨ ᠠᠪᠴᠤ᠂ ᠨᠠᠮ ᠤᠨ ᠭᠡᠰᠢᠭᠦᠨ ᠺᠠᠳ᠋ᠷᠴᠤᠳ ᠤᠨ ᠨᠠᠮᠴᠢ ᠴᠢᠨᠠᠷ ᠤᠨ ᠪᠣᠯᠪᠠᠰᠤᠷᠠᠯ ᠢ | ᠴᠢᠩᠭᠠᠳᠬᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠰᠢᠨ᠎ᠡ ᠲᠡᠮᠡᠴᠡᠯ ᠤᠨ ᠠᠶᠠᠨ ᠵᠠᠮ ᠳᠤ ᠨᠡᠩ | ᠡᠷᠡᠰ ᠪᠠᠲᠤ ᠪᠠᠷ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠬᠦᠨᠳᠦ ᠡᠭᠦᠷᠭᠡ ᠶᠢ | ᠡᠭᠦᠷᠭᠡᠯᠡᠬᠦ ᠶᠢ ᠵᠣᠷᠢᠭᠵᠢᠭᠤᠯᠬᠤ ᠬᠡᠷᠡᠭᠲᠡᠢ᠃ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠰᠢ ᠶᠢᠨ ᠫᠢᠩ | ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠳᠡᠭᠡᠷ᠎ᠡ ᠦᠨᠡᠨ ᠬᠦ ᠨᠢᠭᠡᠳᠬᠡᠵᠦ᠂ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ | ᠣᠶᠢᠯᠠᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ︽ᠲᠦᠷᠪᠡᠨ ᠤᠬᠠᠮᠰᠠᠷ︾ ᠢ ᠴᠢᠩᠭᠠᠳᠬᠠᠬᠤ᠂ | ︽ᠲᠦᠷᠪᠡᠨ ᠢᠲᠡᠭᠡᠯ︾ ᠢ ᠪᠠᠲᠤᠳᠬᠠᠬᠤ᠂ ︽ᠬᠤᠶᠠᠷ ᠢ ᠬᠠᠮᠠᠭᠠᠯᠠᠬᠤ︾ ᠶᠢᠨ ᠴᠢᠬᠤᠯᠠ ᠦᠢᠯᠡᠳᠦᠯᠭᠡ ᠶᠢ | ᠪᠡᠶᠡᠯᠡᠭᠦᠯᠵᠦ᠂ ᠰᠤᠷᠤᠯᠴᠠᠯᠭ᠎ᠠ ᠬᠥᠮᠦᠵᠢᠯ ᠤᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ | ᠰᠠᠶᠢᠨ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢᠶᠠᠨ ᠤ ᠤᠳᠤᠷᠢᠳᠤᠯᠭ᠎ᠠ ᠰᠦᠨ ᠰᠢᠶᠦ᠋ᠨ᠂ ᠲᠢᠶᠠᠨ ᠸᠧᠨ ᠭᠧ ᠵᠢᠴᠢ ᠰᠢᠶᠠᠨ ᠭᠠᠵᠠᠷ ᠤᠨ ᠲᠡᠰ ᠤᠨ ᠬᠢᠨ | ᠭᠡᠷ ᠲᠡᠭᠡᠨ ᠤᠳᠤᠷᠢᠳᠴᠤ᠂ ᠰᠢᠶᠠᠨ ᠤ ᠨᠠᠮ ᠤᠨ ᠬᠤᠷᠢᠶᠠᠨ ᠤ ᠨᠠᠮ ᠤᠨ ᠲᠡᠦᠬᠡ ᠰᠤᠷᠤᠯᠴᠠᠬᠤ ᠤᠳᠤᠷᠢᠳᠬᠤ | ᠳᠤᠭᠤᠶᠢᠯᠠᠩ ᠤᠨ ᠳᠠᠷᠤᠭ᠎ᠠ᠂ ᠳᠡᠳ᠋ ᠳᠠᠷᠤᠭ᠎ᠠ᠂ ᠪᠦᠷᠢᠯᠳᠦᠬᠦᠨ᠂ ᠡᠯ᠎ᠡ ᠲᠣᠭᠤᠷᠢᠨ ᠵᠢᠯᠣᠭᠤᠳᠬᠤ ᠳᠤᠭᠤᠶᠢᠯᠠᠩ ᠤᠨ | ᠳᠠᠷᠤᠭ᠎ᠠ᠂ ᠳᠡᠳ᠋ ᠳᠠᠷᠤᠭ᠎ᠠ᠂ ᠡᠯ᠎ᠡ ᠪᠠᠯᠭᠠᠰᠤ᠂ ᠭᠤᠣᠯ ᠤᠨ ᠠᠳᠠᠭ ᠤᠨ ᠬᠠᠮᠢᠶᠠᠷᠤᠯᠲᠠ ᠶᠢᠨ ᠵᠥᠪᠯᠡᠯ᠂ ᠡᠯ᠎ᠡ | ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃ | |