3 ᠳ᠋ᠤᠭᠠᠷ ᠰᠠᠷ᠎ᠠ ᠶᠢᠨ 21 ᠤ ᠡᠳᠦᠷ᠂ ᠪᠥᠬᠦ ᠬᠤᠲᠠ ᠶᠢᠨ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠪᠯᠡᠷᠡᠭᠦᠯᠦᠨ ᠠᠵᠢᠯ ᠡᠬᠢᠯᠡᠭᠦᠯᠬᠦ ᠶᠣᠰᠣᠯᠠᠯ ᠤᠨ ᠲᠤᠬᠠᠶ ᠶᠢᠨ | ᠲᠠᠯᠠᠪᠤᠷ ᠤᠨ ᠬᠤᠷᠠᠯ ᠶᠠᠪᠤᠭᠳᠠᠵᠤ᠂ ᠲᠣᠭᠲᠠᠬᠤ ᠰᠢᠶᠠᠨ ᠳᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠬᠤ ᠪᠠ ᠭᠤᠤᠯ | ᠬᠤᠷᠠᠯ ᠤᠨ ᠲᠠᠯᠠᠪᠠᠶ ᠵᠡᠷᠭᠡ ᠪᠠᠷ ᠠᠵᠢᠯ ᠡᠬᠢᠯᠡᠭᠦᠯᠪᠡ᠃ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ | ᠭᠤᠣᠯ ᠬᠤᠷᠠᠯ ᠤᠨ ᠲᠠᠯᠠᠪᠠᠢ ᠪᠣᠯᠬᠤ ᠬᠤᠷᠢᠨᠭᠡᠷ ᠰᠢᠶᠠᠨ ᠤ ᠱᠧᠩ ᠯᠧ ᠪᠠᠯᠭᠠᠰᠤ ᠶᠢᠨ ᠬᠠᠷᠠᠴᠢᠨ ᠲᠣᠰᠬᠤᠨ ᠳᠤ | ᠠᠵᠢᠯ ᠡᠬᠢᠯᠡᠬᠦ ᠶᠣᠰᠣᠯᠠᠯ ᠳᠤ ᠣᠷᠣᠯᠴᠠᠵᠤ᠂ ᠰᠢᠶᠠᠨ ᠤ ᠤᠳᠤᠷᠢᠳᠤᠯᠭ᠎ᠠ ᠯᠢᠦ ᠵᠢᠢ ᠶᠢᠩ᠂ ᠰᠦᠨ ᠰᠢᠶᠦ᠋ᠨ᠂ | ᠶᠦᠨ ᠷᠦᠢ ᠵᠢᠶᠦ᠋ᠨ᠂ ᠲᠢᠶᠠᠨ ᠸᠧᠨ ᠭᠧ᠂ ᠸᠧᠢ ᠰᠢᠶᠤᠤ ᠳ᠋ᠦᠩ᠂ ᠱᠢ ᠯᠢ ᠵᠢᠶᠦ᠋ᠨ᠂ ᠦ᠋ ᠵᠢᠶᠧ᠂ ᠡᠯ᠎ᠡ ᠪᠠᠯᠭᠠᠰᠤ | ᠂ ᠾᠧ ᠺᠸᠤ ᠬᠠᠮᠢᠶᠠᠷᠤᠯᠲᠠ ᠶᠢᠨ ᠵᠥᠪᠯᠡᠯ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ | ᠲᠠᠷᠢᠶᠠᠴᠢᠨ ᠤ ᠲᠥᠯᠥᠭᠡᠯᠡᠭᠴᠢ ᠲᠣᠭᠲᠠᠬᠤ ᠰᠢᠶᠠᠨ ᠤ ᠬᠤᠪᠢᠶᠠᠷᠢ ᠬᠤᠷᠠᠯ ᠤᠨ ᠲᠠᠯᠠᠪᠠᠢ ᠶᠢᠨ ᠰᠢᠨ᠎ᠡ ᠶᠢᠩᠽᠢ | ᠪᠠᠯᠭᠠᠰᠤ ᠶᠢᠨ ᠴᠠᠩ ᠵᠢᠶᠠ ᠶᠢᠩ ᠲᠣᠰᠬᠤᠨ ᠤ ᠵᠢᠦ ᠵᠢᠤᠢ ᠨᠢᠤ ᠶᠣᠣ ᠲᠣᠰᠬᠤᠨ ᠳᠤ ᠠᠵᠢᠯ ᠡᠬᠢᠯᠡᠬᠦ ᠶᠣᠰᠣᠯᠠᠯ ᠳᠤ | ᠣᠷᠣᠯᠴᠠᠪᠠ᠃ | ᠮᠠᠰᠢᠨ ᠤ ᠬᠦᠩᠭᠢᠨᠡᠮ᠎ᠡ ᠲᠠᠭᠤᠨ ᠤ ᠳᠤᠮᠳᠠ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ | ᠳᠠᠷᠤᠭ᠎ᠠ ᠯᠢᠦ ᠵᠢᠶ ᠶᠢᠩ 2021 ᠣᠨ ᠳᠤ ᠪᠥᠬᠦ ᠰᠢᠶᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠥᠲᠥᠭᠡᠨ ᠪᠠᠶᠢᠭᠤᠯᠤᠯᠲᠠ ᠶᠢ ᠲᠥᠪᠯᠡᠷᠡᠭᠦᠯᠦᠨ ᠡᠬᠢᠯᠡᠭᠦᠯᠵᠦ᠂ ᠬᠡᠳᠦᠨ ᠲᠣᠮᠣ ᠬᠡᠯᠪᠡᠷᠢ ᠶᠢᠨ ᠰᠢᠷᠣᠶ ᠲᠦᠯᠬᠢᠬᠦ | ᠮᠠᠰᠢᠨ᠂ ᠡᠷᠭᠢᠯᠳᠦᠭᠦᠯᠦᠨ ᠬᠠᠭᠠᠯᠪᠤᠷᠢᠯᠠᠬᠤ ᠮᠠᠰᠢᠨ ᠵᠡᠷᠭᠡ ᠶᠢ ᠲᠠᠷᠢᠶᠠᠨ ᠭᠠᠵᠠᠷ ᠲᠤ ᠶᠠᠭᠠᠷᠠᠯᠲᠠᠶ ᠪᠠᠷ ᠰᠦᠯᠵᠢᠵᠦ᠂ | ᠤᠳᠠᠯ ᠦᠭᠡᠢ ᠬᠡᠳᠦᠨ ᠮᠥ ᠭᠠᠵᠠᠷ ᠰᠢᠷᠣᠶ ᠶᠢ ᠲᠡᠭᠰᠢᠯᠡᠬᠦ ᠠᠵᠢᠯ ᠢ ᠨᠢᠭᠡᠨᠲᠡ ᠳᠠᠭᠤᠰᠬᠠᠪᠠ ᠭᠡᠵᠦ ᠠᠯᠪᠠᠨ ᠶᠣᠰᠣᠭᠠᠷ | ᠵᠠᠷᠯᠠᠪᠠ᠃ | ᠣᠶᠢᠯᠠᠭᠠᠭᠰᠠᠨ ᠢᠶᠠᠷ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠪᠣᠯ ᠠᠮᠤ | ᠪᠤᠳᠠᠭ᠎ᠠ ᠶᠢ ᠭᠠᠵᠠᠷ ᠰᠢᠷᠣᠶ ᠳᠤ ᠬᠠᠳᠠᠭᠠᠯᠠᠬᠤ᠂ ᠠᠮᠤ ᠪᠤᠳᠠᠭ᠎ᠠ ᠶᠢ ᠮᠡᠷᠭᠡᠵᠢᠯ ᠳᠤ ᠬᠠᠳᠠᠭᠠᠯᠠᠬᠤ ᠤᠯᠤᠰ ᠤᠨ ᠠᠮᠤ | ᠪᠤᠳᠠᠭᠠᠨ ᠤ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ | ᠨᠥᠬᠦᠪᠥᠷᠢᠯᠡᠵᠦ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢ ᠲᠦᠷᠭᠡᠳᠬᠡᠬᠦ ᠴᠢᠬᠤᠯᠠ | ᠠᠷᠭ᠎ᠠ ᠬᠡᠮᠵᠢᠶ᠎ᠡ ᠮᠥᠨ᠃ 2019 ᠣᠨ ᠠᠴᠠ ᠨᠠᠰᠢ᠂ ᠮᠠᠨ ᠤ ᠰᠢᠶᠠᠨ | ︽ᠬᠤᠶᠠᠷ ᠢ ᠨᠡᠮᠡᠭᠳᠡᠭᠦᠯᠬᠦ᠂ ᠲᠦᠷᠪᠡ ᠶᠢ ᠬᠢᠵᠠᠭᠠᠷᠯᠠᠬᠤ᠂ ᠲᠤᠯᠤᠭ᠎ᠠ ᠶᠢ ᠢᠵᠢ ᠪᠦᠷᠢᠳᠦᠭᠦᠯᠬᠦ︾ ᠪᠠ ︽ᠠᠷᠪᠠ ᠶᠢ | ᠲᠥᠪᠯᠡᠷᠡᠭᠦᠯᠬᠦ︾ ᠪᠠᠷᠢᠮᠵᠢᠶ᠎ᠠ ᠶᠢᠨ ᠱᠠᠭᠠᠷᠳᠠᠯᠭ᠎ᠠ ᠶᠣᠰᠣᠭᠠᠷ᠂ 15.5 ᠲᠦᠮᠡᠨ ᠮᠦ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠢ ᠪᠠᠷᠢᠯᠭ᠎ᠠ ᠡᠬᠢᠯᠡᠭᠦᠯᠦᠨ ᠪᠦᠳᠦᠭᠡᠨ ᠪᠠᠶᠢᠭᠤᠯᠵᠤ᠂ ᠲᠦᠷᠦᠯ ᠵᠦᠢᠯ ᠤᠨ ᠣᠷᠣᠨ ᠳᠤ ᠲᠠᠷᠢᠶ᠎ᠠ᠂ | ᠤᠰᠤ᠂ ᠵᠠᠮ᠂ ᠤᠢ ᠰᠢᠭᠤᠢ᠂ ᠰᠤᠪᠠᠭ᠂ ᠴᠠᠬᠢᠯᠭᠠᠨ᠂ ᠮᠡᠷᠭᠡᠵᠢᠯ ᠢ ᠶᠡᠷᠦᠩᠬᠡᠶᠢᠯᠡᠨ ᠢᠵᠢ ᠪᠦᠷᠢᠳᠦᠭᠦᠯᠦᠨ | ᠲᠡᠭᠦᠯᠳᠡᠷᠵᠢᠭᠦᠯᠬᠦ ᠪᠠᠷ ᠳᠠᠮᠵᠢᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠳᠤ ︽ᠨᠢᠭᠡ ᠶᠢ ᠳᠡᠭᠡᠭᠰᠢᠯᠡᠭᠦᠯᠬᠦ᠂ | ᠬᠤᠶᠠᠷ ᠢ ᠨᠡᠮᠡᠭᠳᠡᠭᠦᠯᠬᠦ᠂ ᠲᠦᠷᠪᠡ ᠶᠢ ᠠᠷᠪᠢᠯᠠᠬᠤ᠂ ᠭᠤᠷᠪᠠ ᠶᠢ ᠪᠠᠭᠠᠰᠬᠠᠬᠤ︾ ᠶᠡᠷᠦᠩᠬᠡᠶᠢᠯᠡᠭᠰᠡᠨ ᠦᠷ᠎ᠡ ᠠᠰᠢᠭ ᠢ | ᠪᠡᠶᠡᠯᠡᠭᠦᠯᠵᠦ᠂ ᠤᠳᠤ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢ ᠠᠬᠢᠭᠤᠯᠬᠤ᠂ ᠲᠠᠷᠢᠶᠠᠴᠢᠳ ᠤᠨ | ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠳᠤ ᠥᠨᠳᠥᠷ ᠪᠦᠲᠦᠮᠵᠢᠲᠡᠢ ᠪᠠᠲᠤᠯᠠᠭ᠎ᠠ ᠬᠠᠩᠭᠠᠵᠠᠢ᠃ | ᠡᠨᠡ ᠵᠢᠯ ᠮᠠᠨ ᠤ ᠰᠢᠶᠠᠨ ᠬᠦᠴᠦᠨ ᠢᠶᠠᠨ ᠲᠥᠪᠯᠡᠷᠡᠭᠦᠯᠦᠨ 2020 ᠣᠨ ᠤ ᠴᠠᠩ ᠵᠢᠶᠠ ᠶᠢᠩ᠂ | ᠵᠤᠭᠠᠯᠴᠢᠨ ᠵᠡᠷᠭᠡ 7 ᠲᠥᠷᠥᠯ ᠵᠦᠢᠯ ᠤᠨ ᠲᠣᠭᠤᠷᠢᠭ ᠤᠨ 10 ᠲᠦᠮᠡᠨ ᠮᠥ ᠶᠢᠨ ᠪᠥᠲᠥᠭᠡᠨ ᠪᠠᠶᠢᠭᠤᠯᠤᠯᠲᠠ ᠶᠢᠨ | ᠡᠭᠦᠷᠭᠡ ᠪᠠ 2021 ᠣᠨ ᠤ ᠭᠡᠷᠡᠲᠦ ᠠᠶᠢᠯ ᠵᠡᠷᠭᠡ 9 ᠲᠥᠷᠥᠯ ᠵᠦᠢᠯ ᠤᠨ ᠲᠣᠭᠤᠷᠢᠭ ᠤᠨ 21.5 ᠲᠦᠮᠡᠨ | ᠮᠥ ᠶᠢᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠳᠥᠯᠭᠢᠨ ᠠᠬᠢᠭᠤᠯᠤᠨ᠎ᠠ᠃ ᠲᠤᠬᠠᠢ ᠶᠢᠨ ᠲᠠᠯᠠᠪᠠᠢ ᠶᠢᠨ | ᠬᠤᠷᠠᠯ ᠠᠴᠠ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ᠂ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠢᠨ ᠲᠤᠰ ᠤᠳᠠᠭ᠎ᠠ ᠶᠢᠨ ᠲᠥᠪᠯᠡᠷᠡᠭᠦᠯᠦᠨ ᠠᠵᠢᠯ ᠡᠬᠢᠯᠡᠭᠦᠯᠬᠦ ᠶᠣᠰᠣᠯᠠᠯ ᠤᠨ ᠶᠡᠷᠦᠩᠬᠡᠢ | ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠲᠦᠷᠦᠯ ᠵᠦᠢᠯ ᠤᠨ ᠲᠣᠭᠤᠷᠢᠭ ᠤᠨ ᠪᠦᠳᠦᠭᠡᠨ | ᠪᠠᠶᠢᠭᠤᠯᠤᠯᠲᠠ ᠶᠢ ᠳᠠᠷᠤᠢ ᠲᠦᠷᠭᠡᠨ ᠪᠦᠬᠦ ᠲᠠᠯ᠎ᠠ ᠪᠠᠷ ᠡᠬᠢᠯᠡᠭᠦᠯᠵᠦ᠂ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠶᠢᠨ ᠠᠭᠤᠯᠭ᠎ᠠ ᠪᠣᠯᠤᠨ ᠪᠠᠷᠢᠮᠵᠢᠶ᠎ᠠ ᠶᠢ ᠴᠢᠩᠭ᠎ᠠ ᠵᠢᠷᠤᠮᠯᠠᠨ᠂ ᠪᠠᠷᠢᠯᠭ᠎ᠠ ᠶᠢᠨ ᠠᠵᠢᠯ ᠢ ᠨᠠᠷᠢᠨ ᠨᠢᠮᠪᠠᠢ | ᠵᠣᠬᠢᠶᠠᠨ ᠪᠠᠶᠢᠭᠤᠯᠵᠤ᠂ ᠪᠠᠷᠢᠯᠭ᠎ᠠ ᠶᠢᠨ ᠠᠬᠢᠴᠠ ᠶᠢ ᠲᠦᠷᠭᠡᠳᠬᠡᠵᠦ᠂ ᠪᠦᠬᠦ ᠲᠠᠯ᠎ᠠ ᠪᠠᠷ ᠬᠤᠷᠳᠤᠴᠠ ᠪᠠᠨ | ᠲᠦᠷᠭᠡᠳᠬᠡᠵᠦ᠂ ᠪᠦᠬᠦ ᠬᠦᠴᠦᠨ ᠢᠶᠠᠷ ᠢᠶᠠᠨ ᠠᠬᠢᠭᠤᠯᠬᠤ ᠪᠠᠶᠢᠳᠠᠯ ᠢ ᠪᠤᠢ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃ | ᠠᠶᠤᠯᠭᠦᠶ ᠪᠠᠷ ᠪᠠᠷᠢᠯᠭ᠎ᠠ ᠪᠠᠷᠢᠭᠰᠠᠨ ᠤᠷᠢᠲᠠᠯ ᠳᠣᠣᠷ᠎ᠠ ᠶᠠᠰᠤ ᠴᠢᠨᠠᠷ ᠤᠨ ᠬᠠᠮᠢᠶᠠᠷᠤᠯᠲᠠ ᠶᠢ ᠴᠢᠩᠳᠠᠯᠠᠵᠤ᠂ | ᠵᠦᠢᠯᠡᠰ ᠢ ᠦᠨᠡᠨ ᠬᠦ ᠤᠬᠢ ᠰᠢᠯᠢᠳᠡᠭ ᠪᠠᠷᠢᠯᠭ᠎ᠠ᠂ ᠤᠢᠯᠢᠭᠡᠷ ᠳᠠᠭᠤᠷᠢᠶᠠᠯ ᠪᠠᠷᠢᠯᠭ᠎ᠠ ᠪᠣᠯᠭᠠᠨ ᠪᠦᠳᠦᠭᠡᠨ | ᠪᠠᠶᠢᠭᠤᠯᠬᠤ ᠬᠡᠷᠡᠭᠲᠡᠶ᠃ ᠬᠠᠮᠢᠶᠠᠷᠤᠨ ᠬᠠᠮᠠᠭᠠᠯᠠᠵᠤ ᠡᠵᠡᠩᠨᠡᠬᠦ ᠶᠢ ᠴᠢᠬᠤᠯᠠᠴᠢᠯᠠᠵᠤ᠂ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠶᠢᠨ ᠶᠡᠷᠦᠩᠬᠡᠶᠢᠯᠡᠭᠰᠡᠨ ᠦᠷ᠎ᠡ ᠠᠰᠢᠭ ᠢ ᠨᠡᠩ ᠰᠠᠶᠢᠲᠤᠷ ᠪᠠᠳᠠᠷᠠᠭᠤᠯᠵᠤ᠂ ᠡᠯ᠎ᠡ ᠵᠦᠢᠯ ᠤᠨ | ᠪᠦᠳᠦᠭᠡᠨ ᠪᠠᠶᠢᠭᠤᠯᠤᠯᠲᠠ ᠶᠢᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠵᠤ᠂ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠲᠦᠷᠦᠯ ᠵᠦᠢᠯ ᠢ ᠬᠠᠮᠲᠤᠪᠠᠷ ᠦᠨᠡᠨ ᠪᠣᠳᠠᠲᠠᠢ ᠠᠷᠠᠳ ᠤᠨ ᠰᠡᠳᠬᠢᠯ ᠤᠨ | ᠢᠨᠵᠧᠨᠧᠷᠢᠩ᠂ ᠲᠤᠰᠠᠲᠤ ᠵᠠᠰᠠᠭ ᠤᠨ ᠢᠨᠵᠧᠨᠧᠷᠢᠩ ᠪᠣᠯᠭᠠᠨ ᠪᠦᠳᠦᠭᠡᠨ ᠪᠠᠶᠢᠭᠤᠯᠬᠤ ᠬᠡᠷᠡᠭᠲᠡᠢ᠃ ᠮᠠᠨ ᠤ | ᠰᠢᠶᠠᠨ ᠤ ᠲᠠᠷᠢᠶᠠᠨ ᠭᠠᠵᠠᠷ ᠤᠨ ᠰᠠᠭᠤᠷᠢ ᠲᠥᠬᠦᠭᠡᠷᠦᠮᠵᠢ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠪᠠ ᠬᠥᠳᠡᠭᠡ ᠠᠵᠤ | ᠠᠬᠤᠢ ᠶᠢᠨ ᠣᠳᠣᠬᠢᠴᠢᠯᠠᠯᠲᠠ ᠶᠢᠨ ᠠᠬᠢᠴᠠ ᠶᠢ ᠠᠬᠢᠭᠤᠯᠬᠤ ᠳᠤ ᠰᠠᠭᠤᠷᠢ ᠶᠢ ᠪᠠᠲᠤᠳᠬᠠᠵᠤ᠂ ᠮᠠᠨ ᠤ ᠰᠢᠶᠠᠨ ᠤ ︽ | ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢᠨ | ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ᠃ | |