ᠲᠣᠭᠲᠠᠬᠤ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠯᠢᠦ ᠵᠢᠶ ᠶᠢᠩ ᠰᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2021/4/12
      4 ᠳ᠋ᠤᠭᠡᠷ ᠰᠠᠷ᠎ᠠ ᠶᠢᠨ 7 ᠤ ᠡᠳᠦᠷ ᠲᠣᠭᠲᠠᠬᠤ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠯᠢᠦ ᠵᠢᠶ ᠶᠢᠩ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠭᠦᠨᠵᠡᠭᠡᠶᠢᠷᠡᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠤᠭᠰᠠᠨ ᠪᠥᠭᠡᠳ ᠫᠢᠩ ᠠᠨ ᠵᠠᠮ ᠤᠨ ᠲᠣᠮᠢᠯᠠᠭᠰᠠᠨ ᠰᠠᠯᠪᠤᠷᠢ ᠶᠢ ᠨᠢᠭᠤᠴᠠ ᠪᠠᠷ ᠰᠤᠷᠪᠤᠯᠵᠢᠯᠠᠵᠤ ᠬᠢᠨᠠᠨ ᠵᠢᠯᠣᠭᠤᠳᠪᠠ᠃ ᠰᠢᠶᠠᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠶᠦᠨ ᠵᠢᠶᠠᠨ ᠵᠥᠩ ᠣᠷᠣᠯᠴᠠᠵᠠᠶ᠃      ᠯᠢᠦ ᠵᠢᠶ ᠶᠢᠩ ᠬᠠᠷᠢᠭᠤ ᠮᠡᠳᠡᠭᠦᠯᠦᠯᠲᠡ ᠶᠢ ᠰᠣᠨᠣᠰᠬᠤ᠂ ᠲᠠᠩᠰᠠ ᠬᠠᠷ᠎ᠠ ᠶᠢ ᠦᠵᠡᠬᠦ᠂ ᠶᠠᠷᠢᠯᠴᠠᠨ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠢᠴᠢ ᠫᠢᠩ ᠠᠨ ᠵᠠᠮ ᠤᠨ ᠲᠣᠮᠢᠯᠠᠭᠰᠠᠨ ᠰᠠᠯᠪᠤᠷᠢ ᠶᠢᠨ ᠰᠤᠷᠭᠠᠨ ᠬᠥᠮᠦᠵᠢᠯ ᠤᠨ ᠴᠡᠭᠴᠡᠯᠡᠯᠲᠡ ᠶᠢᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ᠡᠮᠦᠨᠡᠬᠢ ᠨᠢᠭᠡ ᠱᠠᠲᠤᠨ ᠤ ᠰᠤᠷᠭᠠᠨ ᠬᠥᠮᠦᠵᠢᠯ ᠤᠨ ᠴᠡᠭᠴᠡᠯᠡᠯᠲᠡ ᠶᠢᠨ ᠠᠵᠢᠯ ᠢ ᠨᠤᠲᠠᠯᠠᠭᠰᠠᠨ ᠤ ᠬᠠᠮᠲᠤ ᠲᠠᠷᠠᠭᠠᠴᠢ ᠶᠢᠨ ᠨᠢᠭᠡ ᠱᠠᠲᠤᠨ ᠤ ᠠᠵᠢᠯ ᠳᠤ ᠱᠠᠭᠠᠷᠳᠠᠯᠭ᠎ᠠ ᠳᠤᠷᠠᠳᠴᠠᠶ᠃      ᠯᠢᠦ ᠵᠢᠶ ᠶᠢᠩ ᠱᠠᠭᠠᠷᠳᠠᠭᠰᠠᠨ ᠨᠢ᠂ ᠦᠵᠡᠯ ᠰᠠᠨᠠᠭ᠎ᠠ ᠲᠠᠨᠢᠯᠲᠠ ᠪᠠᠨ ᠦᠨᠡᠨ ᠬᠦ ᠳᠡᠭᠡᠭᠰᠢᠯᠡᠭᠦᠯᠵᠦ᠂ ᠬᠥᠮᠦᠵᠢᠯ ᠴᠡᠭᠴᠡᠯᠡᠯᠲᠡ ᠶᠢᠨ ᠠᠵᠢᠯ ᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠵᠤ᠂ ᠠᠵᠢᠯ ᠤᠨ ᠡᠭᠦᠷᠭᠡ ᠴᠢᠳᠠᠪᠤᠷᠢ ᠲᠠᠢ ᠤᠶᠠᠯᠳᠤᠭᠤᠯᠵᠤ᠂ ︽ᠬᠤᠶᠠᠷ ᠲᠠᠯ᠎ᠠ ᠶᠢ ᠠᠳᠬᠤᠵᠤ᠂ ᠬᠤᠶᠠᠷ ᠢ ᠰᠠᠭᠠᠲᠠᠭᠠᠬᠤ ᠦᠭᠡᠶ︾ ᠶᠢ ᠪᠠᠷᠢᠮᠲᠠᠯᠠᠨ᠂ ᠬᠥᠮᠦᠵᠢᠯ ᠴᠡᠭᠴᠡᠯᠡᠯᠲᠡ ᠶᠢᠨ ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠶ᠃ ᠡᠭᠦᠷᠭᠡ ᠶᠢᠨ ᠵᠢᠷᠤᠭ ᠢ ᠤᠯᠠᠮ ᠨᠢᠭᠡ ᠠᠯᠬᠤᠮ ᠲᠣᠳᠣᠷᠬᠠᠶ ᠪᠣᠯᠭᠠᠵᠤ᠂ ᠴᠠᠭ ᠤᠨ ᠬᠦᠰᠦᠨᠦᠭᠲᠦ ᠶᠢ ᠨᠠᠷᠢᠯᠢᠬᠵᠢᠭᠤᠯᠤᠨ᠂ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠳᠠᠯᠠᠵᠤ᠂ ᠤᠳᠤᠷᠢᠳᠤᠯᠭ᠎ᠠ ᠶᠢᠨ ᠴᠢᠬᠤᠯᠠᠴᠢᠯᠠᠬᠤ ᠶᠢ ᠪᠣᠳᠠᠲᠠᠶᠢᠵᠢᠭᠤᠯᠵᠤ᠂ ᠴᠢᠩᠭ᠎ᠠ ᠬᠠᠮᠢᠶᠠᠷᠬᠤ ᠶᠢ ᠪᠣᠳᠠᠲᠠᠶᠢᠵᠢᠭᠤᠯᠵᠤ᠂ ᠰᠤᠷᠭᠠᠨ ᠬᠥᠮᠦᠵᠢᠭᠦᠯᠵᠦ ᠬᠥᠲᠥᠯᠦᠨ ᠵᠢᠯᠣᠭᠤᠳᠬᠤ ᠶᠢ ᠪᠣᠳᠠᠲᠠᠶᠢᠵᠢᠭᠤᠯᠵᠤ᠂ ᠦᠷᠭᠦᠯᠵᠢᠯᠡᠨ ᠠᠬᠢᠭᠤᠯᠵᠤ᠂ ᠦᠷᠭᠦᠯᠵᠢᠯᠡᠨ ᠲᠡᠭᠦᠯᠳᠡᠷᠵᠢᠭᠦᠯᠵᠦ᠂ ᠦᠷᠭᠦᠯᠵᠢᠯᠡᠨ ᠰᠢᠨᠡᠳᠬᠡᠬᠦ ᠬᠡᠷᠡᠭᠲᠡᠶ ᠭᠡᠪᠡ᠃      ᠯᠢᠦ ᠵᠢᠶ ᠶᠢᠩ ᠴᠢᠬᠤᠯᠠᠴᠢᠯᠠᠭᠰᠠᠨ ᠨᠢ᠂ ᠲᠣᠰ ᠤᠳᠠᠭᠠᠨ ᠤ ᠰᠤᠷᠭᠠᠨ ᠬᠥᠮᠦᠵᠢᠯ ᠤᠨ ᠴᠡᠭᠴᠡᠯᠡᠯᠲᠡ ᠶᠢᠨ ᠠᠵᠢᠯ ᠢᠶᠠᠷ ᠠᠵᠠ ᠲᠣᠬᠢᠶᠠᠯ ᠪᠣᠯᠭᠠᠵᠤ᠂ ᠨᠢᠭᠡ ᠤᠳᠠᠭᠠᠨ ᠤ ᠪᠥᠬᠦ ᠲᠠᠯ᠎ᠠ ᠶᠢᠨ ᠪᠡᠶ᠎ᠡ ᠶᠢᠨ ᠪᠠᠶᠢᠴᠠᠭᠠᠯᠲᠠ ᠶᠢ ᠥᠷᠨᠢᠭᠦᠯᠵᠦ᠂ ᠵᠠᠶᠢᠯᠠᠬᠤ ᠥᠬᠡᠶ᠂ ᠳᠤᠲᠠᠭᠳᠠᠯ ᠢᠶᠠᠨ ᠬᠠᠮᠠᠭᠠᠯᠠᠬᠤ ᠥᠬᠡᠶ ᠪᠠᠶᠢᠵᠤ᠂ ᠰᠠᠶᠢᠲᠤᠷ ᠪᠠᠶᠢᠴᠠᠭᠠᠨ ᠦᠵᠡᠵᠦ᠂ ᠰᠠᠶᠢᠲᠤᠷ ᠡᠷᠭᠢᠴᠡᠭᠦᠯᠦᠨ ᠪᠤᠳᠤᠵᠤ᠂ ᠰᠠᠶᠢᠲᠤᠷ ᠴᠡᠭᠴᠡᠯᠡᠬᠦ ᠬᠡᠷᠡᠭᠲᠡᠶ᠃ ᠠᠷᠠᠳ ᠲᠦᠮᠡᠨ ᠢᠶᠠᠷ ᠭᠤᠣᠯ ᠪᠣᠯᠭᠠᠬᠤ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠶᠢ ᠢᠮᠠᠭᠲᠠ ᠪᠠᠷᠢᠮᠲᠠᠯᠠᠵᠤ᠂ ᠳ᠋ᠦᠩᠨᠡᠨ ᠪᠣᠯᠪᠠᠰᠤᠷᠠᠭᠤᠯᠬᠤ ᠶᠢ ᠴᠢᠬᠤᠯᠠᠴᠢᠯᠠᠵᠤ᠂ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠴᠦ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠲᠠᠢ ᠤᠶᠠᠯᠳᠤᠭᠤᠯᠵᠤ᠂ ᠤᠴᠢᠷ ᠶᠠᠪᠤᠳᠠᠯ ᠢ ᠲᠦᠯᠬᠢᠬᠦ ᠦᠭᠡᠢ᠂ ᠤᠴᠢᠷ ᠶᠠᠪᠤᠳᠠᠯ ᠠᠴᠠ ᠵᠠᠶᠢᠯᠠᠬᠤ ᠦᠭᠡᠢ᠂ ᠬᠠᠲᠠᠭᠤ ᠶᠠᠪᠤᠳᠠᠯ ᠢ ᠰᠢᠢᠳᠪᠦᠷᠢᠯᠡᠬᠦ᠂ ᠬᠦᠴᠢᠷ ᠶᠠᠪᠤᠳᠠᠯ ᠢ ᠰᠢᠢᠳᠪᠦᠷᠢᠯᠡᠬᠦ᠂ ᠪᠣᠳᠠᠲᠠᠢ ᠶᠠᠪᠤᠳᠠᠯ ᠬᠢᠬᠦ᠂ ᠰᠠᠶᠢᠨ ᠶᠠᠪᠤᠳᠠᠯ ᠬᠢᠬᠦ ᠶᠢ ᠪᠡᠶᠡᠯᠡᠭᠦᠯᠬᠦ ᠬᠡᠷᠡᠭᠲᠡᠢ᠃ ᠡᠭᠦᠳᠡ ᠪᠠᠨ ᠨᠡᠭᠡᠭᠡᠵᠦ ᠴᠡᠭᠴᠡᠯᠡᠯᠲᠡ ᠶᠢ ᠠᠳᠬᠤᠬᠤ ᠶᠢ ᠪᠠᠷᠢᠮᠲᠠᠯᠠᠵᠤ᠂ ᠤᠯᠠᠨ ᠲᠦᠮᠡᠨ ᠤ ᠬᠢᠨᠠᠯᠲᠠ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠬᠢᠨᠠᠯᠲᠠ ᠶᠢ ᠤᠶᠠᠯᠳᠤᠭᠤᠯᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ ᠬᠤᠯᠪᠣᠭᠠᠯᠠᠨ ᠬᠥᠳᠡᠯᠦᠯᠴᠡᠬᠦ ᠶᠢ ᠪᠡᠶᠡᠯᠡᠭᠦᠯᠵᠦ᠂ ᠰᠤᠷᠭᠠᠨ ᠬᠥᠮᠦᠵᠢᠭᠦᠯᠵᠦ ᠴᠡᠭᠴᠡᠯᠡᠬᠦ ᠠᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠪᠠᠷ ᠳᠠᠮᠵᠢᠭᠤᠯᠤᠨ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢ ᠤᠯᠤᠰ ᠲᠦᠷᠦ ᠶᠢᠨ ᠲᠠᠯ᠎ᠠ ᠪᠠᠷ ᠨᠠᠶᠢᠳᠠᠪᠤᠷᠢᠲᠠᠢ ᠂ ᠴᠢᠳᠠᠪᠤᠷᠢ ᠶᠢᠨ ᠲᠠᠯ᠎ᠠ ᠪᠠᠷ ᠢᠲᠡᠭᠡᠮᠵᠢᠲᠡᠢ᠂ ᠬᠡᠷᠡᠭᠴᠡᠭᠡ ᠲᠠᠢ ᠦᠶ᠎ᠡ ᠳᠤ ᠲᠤᠯᠵᠤ ᠳᠡᠶᠢᠯᠬᠦ ︽ᠲᠡᠮᠤᠷ ᠴᠡᠷᠢᠭ︾ ᠪᠣᠯᠭᠠᠬᠤ ᠬᠡᠷᠡᠭᠲᠡᠢ ᠭᠡᠵᠡᠢ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1