ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 233 ᠳ᠋ᠤᠭᠠᠷ ᠬᠤᠷᠠᠯᠳᠤᠭᠠᠨ ᠬᠤᠷᠠᠯᠳᠤᠪᠠ
ᠨᠡᠶᠢᠲᠡᠯᠡᠭᠰᠡᠨ ᠴᠠᠭ᠄
2021/4/12
      4 ᠳ᠋ᠤᠭᠡᠷ ᠰᠠᠷ᠎ᠠ ᠶᠢᠨ 7 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 233 ᠳ᠋ᠤᠭᠠᠷ ᠬᠤᠷᠠᠯᠳᠤᠭᠠᠨ ᠬᠤᠷᠠᠯᠳᠤᠵᠤ᠂ ᠰᠢᠶᠠᠨ ᠪᠠᠯᠭᠠᠰᠤᠨ ᠤ ᠤᠳᠤᠷᠢᠳᠬᠤ ᠪᠠᠭ ᠤᠨ ᠬᠤᠭᠤᠴᠠᠭ᠎ᠠ ᠰᠣᠯᠢᠬᠤ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠬᠤᠷᠠᠯ ᠡᠷᠭᠢᠯᠡᠪᠡ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠨᠡ ᠵᠢᠯ ᠰᠢᠶᠠᠨ ᠪᠠᠯᠭᠠᠰᠤ ᠬᠤᠶᠠᠷ ᠱᠠᠲᠤᠨ ᠤ ᠤᠳᠤᠷᠢᠳᠬᠤ ᠪᠠᠭ ᠤᠨ ᠬᠤᠭᠤᠴᠠᠭ᠎ᠠ ᠰᠣᠯᠢᠬᠤ ᠠᠵᠢᠯ ᠢ ᠵᠠᠯᠭᠠᠯᠳᠤᠭᠠᠪᠠᠷ ᠬᠢᠬᠦ ᠪᠣᠯᠤᠨ᠎ᠠ᠂ ᠡᠨᠡ ᠪᠣᠯ ᠪᠦᠬᠦ ᠰᠢᠶᠠᠨ ᠤ ᠤᠯᠤᠰ ᠲᠥᠷᠥ ᠶᠢᠨ ᠠᠮᠢᠳᠤᠷᠠᠯ ᠤᠨ ᠳᠤᠮᠳᠠᠬᠢ ᠨᠢᠭᠡᠨ ᠲᠣᠮᠣ ᠶᠠᠪᠤᠳᠠᠯ ᠮᠥᠨ᠂ ᠡᠭᠦᠨ ᠤ ᠬᠠᠷᠢᠭᠤᠴᠠᠯᠭ᠎ᠠ ᠨᠢ ᠬᠦᠨᠳᠦ ᠶᠡᠭᠡ ᠪᠥᠭᠡᠳ ᠠᠯᠤᠰ ᠬᠡᠳᠦ ᠶᠢᠨ ᠨᠥᠯᠥᠭᠡ ᠲᠠᠢ ᠶᠤᠮ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠰᠢᠶᠠᠨ ᠪᠠᠯᠭᠠᠰᠤᠨ ᠤ ᠤᠳᠤᠷᠢᠳᠬᠤ ᠪᠠᠭ ᠤᠨ ᠬᠤᠭᠤᠴᠠᠭ᠎ᠠ ᠰᠣᠯᠢᠬᠤ ᠠᠵᠢᠯ ᠤᠨ ᠬᠤᠷᠠᠯ ᠵᠢᠴᠢ ᠪᠠᠯᠭᠠᠰᠤᠨ ᠤ ᠤᠳᠤᠷᠢᠳᠬᠤ ᠪᠠᠭ ᠤᠨ ᠬᠤᠭᠤᠴᠠᠭ᠎ᠠ ᠰᠣᠯᠢᠬᠤ ᠠᠵᠢᠯ ᠤᠨ ᠲᠥᠰᠦᠯ ᠤᠨ ᠱᠠᠭᠠᠷᠳᠠᠯᠭ᠎ᠠ ᠶᠣᠰᠣᠭᠠᠷ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠨᠠᠷᠢᠨ ᠲᠠᠩᠰᠠ ᠲᠠᠢ ᠬᠠᠷᠢᠴᠠᠭᠤᠯᠤᠨ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠲᠡᠷᠡ ᠬᠡᠪ ᠢᠶᠠᠷ ᠨᠢ ᠰᠠᠶᠢᠲᠤᠷ ᠠᠳᠬᠤᠬᠤ ᠬᠡᠷᠡᠭᠲᠡᠶ᠃ ᠴᠠᠭ ᠤᠨ ᠪᠣᠭᠤᠮᠲᠠ ᠶᠢ ᠰᠠᠶᠢᠲᠤᠷ ᠠᠳᠬᠤᠵᠤ᠂ ᠴᠠᠭ ᠤᠨ ᠠᠬᠢᠴᠠ ᠶᠢ ᠵᠣᠬᠢᠰᠲᠠᠢ ᠲᠤᠬᠢᠷᠠᠭᠤᠯᠵᠤ᠂ ᠡᠯ᠎ᠡ ᠵᠦᠢᠯ ᠤᠨ ᠡᠭᠦᠷᠭᠡ ᠶᠢ ᠴᠠᠭ ᠲᠤᠬᠠᠢ ᠳᠤᠨᠢ ᠠᠬᠢᠭᠤᠯᠬᠤ ᠶᠢ ᠪᠠᠲᠤᠯᠠᠬᠤ ᠬᠡᠷᠡᠭᠲᠡᠢ᠃ ᠲᠡᠰ ᠳᠠᠷᠠᠭᠠᠯᠠᠯ ᠤᠨ ᠪᠣᠭᠤᠮᠲᠠ ᠶᠢ ᠰᠠᠶᠢᠲᠤᠷ ᠠᠳᠬᠤᠵᠤ᠂ ᠰᠠᠨᠠᠭᠠᠴᠢᠯᠠᠭ᠎ᠠ ᠠᠴᠠ ᠪᠠᠨ ᠬᠤᠳᠠ ᠶᠢᠨ ᠬᠤᠭᠤᠴᠠᠭ᠎ᠠ ᠰᠣᠯᠢᠬᠤ ᠠᠵᠢᠯ ᠤᠨ ᠱᠠᠯᠠᠪᠳᠠᠭᠤᠯᠤᠨ ᠪᠠᠶᠢᠴᠠᠭᠠᠬᠤ ᠵᠢᠯᠣᠭᠤᠳᠬᠤ ᠳᠤᠭᠤᠶᠢᠯᠠᠩ ᠲᠠᠢ ᠤᠯᠤᠯᠴᠠᠨ ᠬᠠᠮᠵᠢᠯᠴᠠᠵᠤ᠂ ᠬᠤᠭᠤᠴᠠᠭ᠎ᠠ ᠰᠣᠯᠢᠬᠤ ᠲᠡᠰ ᠳᠠᠷᠠᠭᠠᠯᠠᠯ ᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠢ ᠬᠠᠤᠯᠢ ᠲᠣᠭᠲᠠᠭᠠᠯ ᠶᠣᠰᠣᠭᠠᠷ ᠡᠮᠬᠢ ᠵᠢᠷᠤᠮ ᠲᠠᠢ ᠥᠷᠨᠢᠭᠦᠯᠬᠦ ᠶᠢ ᠪᠠᠲᠤᠯᠠᠬᠤ ᠬᠡᠷᠡᠭᠲᠡᠢ᠃ ᠰᠠᠬᠢᠯᠭ᠎ᠠ ᠪᠠᠲᠤ ᠶᠢᠨ ᠪᠣᠭᠤᠮᠲᠠ ᠶᠢ ᠰᠠᠶᠢᠲᠤᠷ ᠰᠠᠬᠢᠵᠤ᠂ ︽ᠠᠷᠪᠠ ᠶᠢ ᠴᠢᠩᠭ᠎ᠠ ᠴᠠᠭᠠᠵᠠᠯᠠᠬᠤ︾ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠵᠦ᠂ ᠦᠵᠡᠯ ᠰᠠᠨᠠᠭᠠᠨ ᠤ ᠲᠠᠯ᠎ᠠ ᠪᠠᠷ ᠬᠦᠳᠦᠯᠦᠨ ᠵᠢᠯᠣᠭᠤᠳᠬᠤ᠂ ᠬᠡᠪ ᠰᠤᠷᠲᠠᠯ ᠤᠨ ᠲᠠᠯ᠎ᠠ ᠪᠠᠷ ᠬᠦᠳᠦᠯᠦᠨ ᠵᠢᠯᠣᠭᠤᠳᠬᠤ᠂ ᠬᠢᠨᠠᠯᠲᠠ ᠲᠠᠯᠪᠢᠵᠤ ᠬᠦᠳᠦᠯᠦᠨ ᠵᠢᠯᠣᠭᠤᠳᠬᠤ ᠶᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠰᠤᠷᠲᠠᠯ ᠴᠢᠬᠡᠴᠢ ᠣᠪᠣᠷ ᠲᠥᠪ ᠬᠤᠭᠤᠴᠠᠭ᠎ᠠ ᠰᠣᠯᠢᠬᠤ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠪᠤᠢ ᠪᠣᠯᠭᠠᠬᠤ ᠬᠡᠷᠡᠭᠲᠡᠢ᠃ ᠬᠥᠮᠦᠨ ᠬᠡᠷᠡᠭᠯᠡᠬᠦ ᠪᠣᠭᠤᠮᠲᠠ ᠶᠢ ᠰᠠᠶᠢᠲᠤᠷ ᠰᠠᠬᠢᠵᠤ᠂ ᠠᠵᠢᠯ ᠶᠠᠪᠤᠳᠠᠯ ᠬᠢᠬᠦ ᠳᠤᠷᠠᠲᠠᠢ᠂ ᠦᠨᠡᠨ ᠬᠦ ᠠᠵᠢᠯ ᠶᠠᠪᠤᠳᠠᠯ ᠬᠢᠬᠦ᠂ ᠠᠵᠢᠯ ᠶᠠᠪᠤᠳᠠᠯ ᠪᠦᠲᠦᠭᠡᠬᠦ ᠺᠠᠳ᠋ᠷ ᠢ ᠠᠭᠤᠳᠠᠯᠤᠨ ᠭᠠᠷᠭᠠᠵᠤ᠂ ᠲᠣᠮᠢᠯᠠᠨ ᠬᠡᠷᠡᠭᠯᠡᠵᠦ᠂ ︽ᠲᠤᠯᠤᠭᠠᠨ ᠵᠦᠢᠯ ᠤᠨ ᠴᠢᠳᠠᠪᠤᠷᠢ︾ ᠪᠠᠷ ᠴᠢᠩᠭ᠎ᠠ ᠪᠥᠭᠡᠳ ᠠᠵᠢᠯ ᠤᠨ ᠪᠣᠳᠠᠲᠤ ᠪᠦᠲᠦᠮᠵᠢ ᠪᠠᠷ ᠲᠤᠪᠤᠶᠢᠮ᠎ᠠ ᠰᠢᠯᠢᠳᠡᠭ ᠵᠠᠯᠠᠭᠤ ᠺᠠᠳ᠋ᠷ ᠢ ᠶᠡᠭᠡ ᠪᠠᠷ ᠰᠢᠯᠢᠨ ᠰᠣᠩᠭᠤᠵᠤ᠂ ᠬᠥᠮᠦᠨ ᠬᠡᠷᠡᠭᠯᠡᠬᠦ ᠵᠥᠪ ᠤᠳᠤᠷᠢᠳᠤᠮᠵᠢ ᠪᠠᠷ ᠠᠵᠢᠯ ᠶᠠᠪᠤᠳᠠᠯ ᠬᠢᠵᠦ ᠠᠳᠠᠯ ᠦᠢᠯᠡᠰ ᠴᠣᠭᠴᠠᠯᠠᠬᠤ ᠤᠳᠤᠷᠢᠳᠤᠮᠵᠢ ᠶᠢ ᠦᠨᠡᠨ ᠬᠦ ᠬᠥᠲᠥᠯᠥᠨ ᠳᠠᠭᠠᠭᠤᠯᠬᠤ ᠬᠡᠷᠡᠭᠲᠡᠶ ᠭᠡᠪᠡ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃      ᠰᠢᠶᠠᠨ ᠤ ᠤᠳᠤᠷᠢᠳᠤᠯᠭ᠎ᠠ ᠶᠦᠨ ᠷᠦᠢ ᠵᠢᠶᠦ᠋ᠨ᠂ ᠲᠢᠶᠠᠨ ᠸᠧᠨ ᠭᠧ ᠵᠢᠴᠢ ᠰᠢᠶᠠᠨ ᠤ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠨ᠂ ᠰᠢᠶᠠᠨ ᠭᠠᠵᠠᠷ ᠤᠨ ᠳᠡᠰ ᠤᠨ ᠬᠤᠯᠪᠣᠭᠳᠠᠯ ᠪᠦᠬᠦᠢ ᠤᠳᠤᠷᠢᠳᠤᠯᠭ᠎ᠠ ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1