ᠮᠠᠨ ᠤ ᠰᠢᠶᠠᠨ ᠬᠤᠶᠠᠳᠤᠭᠠᠷ ᠤᠯᠠᠷᠢᠯ ᠤᠨ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/4/13
         4  ᠳ᠋ᠦ᠋ᠭᠡᠷ ᠰᠠᠷ᠎ᠠ ᠶᠢᠨ 9 ᠤ ᠡᠳᠦᠷ᠂ ᠮᠠᠨ ᠤ ᠰᠢᠶᠠᠨ 2021 ᠣᠨ ᠤ ᠬᠤᠶᠠᠳᠤᠭᠠᠷ ᠤᠯᠠᠷᠢᠯ ᠤᠨ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠵᠤ᠂ ᠨᠢᠭᠡᠳᠦᠭᠡᠷ ᠤᠯᠠᠷᠢᠯ ᠤᠨ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠳᠡᠵᠦ᠂ ᠳᠠᠷᠠᠭᠠᠴᠢ ᠶᠢᠨ ᠱᠠᠲᠤᠨ ᠤ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠳᠡᠭᠡᠷ᠎ᠡ᠂ ᠰᠢᠶᠠᠨ ᠤ ᠭᠠᠯ ᠤᠨᠲᠠᠷᠠᠭᠠᠬᠤ ᠶᠡᠭᠡ ᠠᠩᠬᠢ᠂ ᠥᠪᠥᠷ ᠮᠣᠩᠭᠤᠯ ᠤᠨ ᠭᠤᠸᠠᠩ ᠶᠢᠨ ᠬᠦᠩᠭᠡᠨ ᠴᠠᠭᠠᠨ ᠤ ᠦᠢᠯᠡᠰ ᠤᠨ ᠺᠣᠮᠫᠠᠨᠢ᠂ ᠥᠪᠥᠷ ᠮᠣᠩᠭᠤᠯ ᠤᠨ ᠿᠢ ᠱᠧᠩ ᠲᠠᠬᠢᠨ ᠡᠭᠦᠰᠴᠦ ᠪᠣᠯᠬᠤ ᠡᠬᠢ ᠪᠠᠶᠠᠯᠢᠭ ᠤᠨ ᠺᠣᠮᠫᠠᠨᠢ ᠰᠣᠯᠢᠯᠴᠠᠭᠠᠨ ᠤ ᠶᠠᠷᠢᠶ᠎ᠠ ᠲᠠᠯᠪᠢᠵᠠᠢ᠃      ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠤᠨ ᠠᠵᠢᠯ ᠪᠣᠯ ᠨᠢᠭᠡᠨ ᠰᠢᠰᠲᠧᠮᠲᠦ ᠴᠢᠨᠠᠷᠲᠠᠢ᠂ ᠨᠠᠷᠢᠨ ᠪᠤᠳᠤᠯᠢᠶᠠᠨᠲᠤ ᠴᠢᠨᠠᠷᠲᠠᠢ᠂ ᠤᠷᠳᠤ ᠬᠤᠭᠤᠴᠠᠭᠠᠲᠤ ᠴᠢᠨᠠᠷᠲᠠᠢ᠂ ᠪᠡᠷᠬᠡ ᠬᠠᠲᠠᠭᠤᠵᠢᠯᠲᠠᠢ ᠠᠵᠢᠯ ᠮᠥᠨ᠂ ᠤᠯᠠᠨ ᠲᠦᠮᠡᠨ ᠤ ᠠᠮᠢ ᠨᠠᠰᠤᠨ ᠤ ᠠᠮᠤᠷ ᠲᠦᠪᠰᠢᠨ ᠳᠤ ᠬᠤᠯᠪᠣᠭᠳᠠᠵᠤ᠂ ᠠᠵᠤ ᠠᠬᠤᠢ ᠶᠢᠨ ᠬᠥᠭᠵᠢᠯᠲᠡ ᠶᠢᠨ ᠶᠡᠭᠡ ᠲᠠᠯ᠎ᠠ ᠳᠤ ᠬᠤᠯᠪᠣᠭᠳᠠᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠳᠤ ᠬᠤᠯᠪᠣᠭᠳᠠᠵᠤ ᠪᠠᠶᠢᠳᠠᠭ ᠪᠣᠯᠬᠤᠷ ᠶᠠᠮᠠᠷᠪᠠ ᠦᠶ᠎ᠡ ᠳᠤ ᠴᠦ ᠭᠡᠳ ᠬᠦᠩᠭᠡᠨ ᠬᠠᠭᠤᠮᠠᠭᠠᠢ ᠪᠠᠷ ᠬᠠᠨᠳᠤᠵᠤ ᠪᠣᠯᠬᠤ ᠦᠭᠡᠢ᠃ ᠡᠨᠡ ᠵᠢᠯ ᠠᠴᠠ ᠨᠠᠰᠢ ᠪᠦᠬᠦ ᠰᠢᠶᠠᠨ ᠤ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠣᠯᠵᠤ᠂ ᠭᠡᠪᠡᠴᠦ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠮᠥᠨᠬᠦ ᠬᠦᠨᠳᠦ ᠨᠣᠴᠢᠲᠠᠢ ᠪᠠᠶᠢᠨ᠎ᠠ᠂ ᠬᠤᠷᠢᠭ᠎ᠠ ᠱᠤᠭᠤᠮ ᠢ ᠦᠨᠡᠨᠬᠦ ᠪᠠᠲᠤ ᠰᠠᠬᠢᠵᠤ᠂ ︽ᠪᠣᠳᠠᠲᠠᠢ ᠶᠢ ᠲᠡᠷᠢᠭᠦᠨ ᠳᠤ ᠲᠠᠯᠪᠢᠵᠤ᠂ ᠴᠢᠩᠭ᠎ᠠ ᠪᠠᠶᠢᠬᠤ ᠶᠢ ᠲᠡᠷᠢᠭᠦᠨ ᠳᠤ ᠲᠠᠯᠪᠢᠵᠤ᠂ ᠰᠠᠶᠢᠨ ᠪᠠᠶᠢᠬᠤ ᠶᠢ ᠡᠷᠬᠢᠮᠯᠡᠬᠦ︾ ᠶᠣᠰᠣᠭᠠᠷ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠠᠶᠤᠯ ᠲᠦᠭᠰᠢᠭᠦᠷᠢ ᠶᠢ ᠨᠠᠮᠳᠠᠭᠤᠯᠬᠤ ᠶᠢ ᠦᠷᠭᠦᠯᠵᠢᠯᠡᠨ ᠴᠢᠩᠭᠠᠳᠬᠠᠵᠤ᠂ ᠠᠶᠤᠯ ᠲᠦᠭᠰᠢᠭᠦᠷᠢ ᠶᠢᠨ ᠬᠦᠷᠢᠶ᠎ᠡ ᠶᠢ ᠴᠢᠩᠭ᠎ᠠ ᠠᠩᠬᠠᠷᠴᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠰᠡᠷᠭᠡᠶᠢᠯᠡᠨ ᠴᠢᠩᠭ᠎ᠠ ᠰᠠᠬᠢᠵᠤ᠂ ᠠᠵᠢᠯ ᠤᠨ ᠬᠠᠷᠢᠭᠤᠴᠠᠯᠭ᠎ᠠ ᠶᠢ ᠪᠠᠲᠤᠳᠬᠠᠵᠤ᠂ ᠠᠮᠤᠷ ᠲᠦᠪᠰᠢᠨ ᠤ ᠠᠳᠡᠯ ᠭᠠᠷᠬᠤ ᠶᠢ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠠᠶᠤᠯ ᠦᠭᠡᠶ ᠦᠢᠯᠡᠳᠪᠦᠷᠢᠯᠡᠯ ᠤᠨ ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ ᠡᠷᠬᠡᠪᠰᠢ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠠᠶᠤᠯᠭᠦᠶ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠲᠠᠢ ᠤᠶᠠᠯᠳᠤᠭᠤᠯᠤᠨ᠂ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠬᠢᠬᠦ︾ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠤᠭ᠎ᠠ ᠪᠦᠷᠢᠳᠬᠡᠯ ᠨᠢ ᠲᠣᠳᠣᠷᠬᠠᠶ᠂ ᠲᠦᠭᠰᠢᠭᠦᠷᠢ ᠨᠢ ᠲᠣᠳᠣᠷᠬᠠᠶ᠂ ᠪᠠᠯᠠᠶ ᠣᠷᠣᠨ ᠦᠯᠡᠳᠡᠭᠡᠬᠦ ᠥᠬᠡᠶ ᠪᠠᠶᠢᠬᠤ ᠶᠢ ᠡᠴᠦᠰ ᠲᠤᠨᠢ ᠲᠤᠯᠲᠠᠯ᠎ᠠ ᠬᠢᠵᠦ᠂ ᠡᠮᠦᠨᠡᠬᠢ ᠬᠤᠭᠤᠴᠠᠭᠠᠨ ᠤ ᠪᠠᠶᠢᠭᠤᠯᠤᠭᠰᠠᠨ ︽ᠳᠥᠷᠪᠡᠨ ᠨᠠᠷᠢᠨ ᠲᠠᠩᠰᠠ︾ ᠵᠢᠴᠢ ︽ᠲᠣᠰᠣ ᠨᠡᠮᠡᠬᠦ ᠬᠠᠷ᠎ᠠ ᠥᠷᠲᠡᠭᠡ︾ ᠳᠤ ᠴᠣᠬᠢᠯᠲᠠ ᠥᠭᠬᠦ ᠠᠵᠢᠯ ᠳᠤ ᠭᠤᠤᠯᠳᠠᠯᠭ᠎ᠠ ᠲᠠᠢ ᠬᠠᠨᠳᠤᠭᠤᠯᠤᠨ᠂ ︽ᠡᠷᠬᠢᠨ ᠬᠠᠷᠠᠬᠤ︾ ᠶᠢ ᠥᠷᠨᠢᠭᠦᠯᠵᠦ᠂ ᠳᠠᠯᠳᠠ ᠬᠡᠮ ᠣᠷᠬᠢᠭᠳᠠᠭᠰᠠᠨ ᠡᠰᠡᠬᠦ᠂ ᠠᠷᠭ᠎ᠠ ᠬᠡᠮᠵᠢᠶ᠎ᠡ ᠨᠢ ᠪᠦᠲᠦᠮᠵᠢᠲᠡᠶ ᠪᠠᠶᠢᠬᠤ ᠡᠰᠡᠬᠦ ᠶᠢ ᠭᠤᠤᠯᠳᠠᠯᠭ᠎ᠠ ᠲᠠᠢ ᠦᠵᠡᠵᠦ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠡᠷᠲᠡ ᠢᠯᠡᠷᠡᠭᠦᠯᠵᠦ ᠡᠷᠲᠡ ᠴᠡᠭᠴᠡᠯᠡᠨ ᠰᠠᠶᠢᠵᠢᠷᠠᠭᠤᠯᠵᠤ᠂ ᠳᠠᠬᠢᠨ ᠰᠡᠷᠭᠦᠬᠦ ᠶᠢ ᠡᠷᠡᠰ ᠬᠤᠷᠢᠭᠯᠠᠬᠤ ᠬᠡᠷᠡᠭᠲᠡᠶ᠃ ᠡᠭᠦᠨ ᠤ ᠬᠠᠮᠲᠤ ᠠᠶᠤᠯᠲᠠᠶ ᠬᠢᠮᠢ ᠶᠢᠨ ᠪᠣᠳᠠᠰ᠂ ᠵᠠᠮ ᠬᠠᠷᠢᠯᠴᠠᠭ᠎ᠠ᠂ ᠵᠤᠭᠠᠴᠠᠯ ᠤᠨ ᠦᠵᠡᠮᠵᠢ ᠶᠢᠨ ᠣᠷᠣᠨ᠂ ᠪᠠᠷᠢᠯᠭ᠎ᠠ ᠶᠢᠨ ᠠᠵᠢᠯ᠂ ᠬᠠᠤᠯᠢ ᠪᠤᠰᠤ ᠠᠵᠢᠯᠯᠠᠭ᠎ᠠ ᠳᠤ ᠴᠣᠬᠢᠯᠲᠠ ᠥᠭᠴᠦ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠵᠠᠰᠠᠬᠤ ᠵᠡᠷᠭᠡ ᠴᠢᠬᠤᠯᠠ ᠬᠦᠷᠢᠶ᠎ᠡ ᠵᠢᠴᠢ ᠪᠠᠶᠠᠷ ᠳᠤᠷᠠᠰᠬᠠᠯ ᠠᠮᠠᠷᠠᠯᠲᠠ ᠶᠢᠨ ᠡᠳᠦᠷ᠂ ᠥᠨᠳᠥᠷ ᠬᠠᠯᠠᠭᠤᠨ᠂ ᠦᠶᠡᠷ ᠤᠨ ᠬᠤᠭᠤᠴᠠᠭ᠎ᠠ ᠵᠡᠷᠭᠡ ᠭᠤᠣᠯᠳᠠᠯᠭ᠎ᠠ ᠲᠠᠢ ᠴᠠᠭ ᠬᠤᠭᠤᠴᠠᠭ᠎ᠠ ᠶᠢ ᠴᠢᠩᠭ᠎ᠠ ᠠᠩᠬᠠᠷᠴᠤ᠂ ᠠᠮᠤᠷ ᠲᠦᠪᠰᠢᠨ ᠤ ᠬᠡᠮ ᠰᠣᠭᠤᠭ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠦᠨᠡᠨᠬᠦ ᠠᠵᠢᠯ ᠤᠨ ᠪᠠᠶᠢᠷᠢ ᠨᠢᠭᠡᠪᠦᠷᠢ ᠂ ᠭᠤᠭᠴᠤᠭ᠎ᠠ ᠨᠢᠭᠡᠪᠦᠷᠢ ᠳᠤ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠵᠦ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠪᠦᠬᠦ ᠰᠢᠶᠠᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠵᠤ ᠥᠭᠬᠦ ᠬᠡᠷᠡᠭᠲᠡᠢ ᠭᠡᠪᠡ᠃      ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠲᠢᠶᠠᠨ ᠯᠢ ᠵᠢᠶᠦ᠋ᠨ ᠬᠤᠷᠠᠯ ᠳᠤ ᠣᠷᠣᠯᠴᠠᠭᠰᠠᠨ ᠪᠥᠭᠡᠳ ᠡᠯ᠎ᠡ ᠬᠤᠯᠪᠣᠭᠳᠠᠯ ᠪᠦᠬᠦᠢ ᠨᠢᠭᠡᠴᠡ ᠲᠠᠢ ︽2021 ᠣᠨ ᠤ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠪᠢᠴᠢᠭ︾ ᠲᠤ ᠭᠠᠷ ᠤᠨ ᠦᠰᠦᠭ ᠵᠢᠷᠤᠪᠠ᠃ ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠬᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ᠂ ᠡᠯ᠎ᠡ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠨᠡᠶᠢᠳᠡ 100 ᠭᠠᠷᠤᠢ ᠬᠥᠮᠦᠨ ᠬᠤᠷᠠᠯ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1