ᠪᠦᠬᠦ ᠰᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠤᠨ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/4/14
       ᠪᠥᠬᠦ ᠰᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠴᠡᠭ ᠲᠤ ᠰᠠᠭᠤᠭ᠎ᠠ ᠵᠢᠯᠣᠭᠤᠳᠬᠤ ᠳᠤᠭᠤᠶᠢᠯᠠᠩ ᠤᠨ ᠭᠤᠷᠪᠠᠳᠤᠭᠠᠷ ᠳᠣᠷᠣᠭᠰᠢ ᠪᠠᠭᠤᠬᠤ ᠳᠤᠭᠤᠶᠢᠯᠠᠩ ᠤᠨ ᠵᠥᠪᠰᠢᠶᠡᠷᠡᠯ ᠢᠶᠠᠷ᠂ 3  ᠳ᠋ᠤᠭᠠᠷ‌‍ᠰᠠᠷ᠎ᠠ ᠶᠢᠨ 26 ᠤ ᠡᠳᠦᠷ᠂ ᠪᠥᠬᠦ ᠰᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠤᠨ ᠮᠡᠳᠡᠭᠦᠯᠦᠯᠲᠡ ᠶᠢᠨ ᠬᠤᠷᠠᠯ ᠬᠤᠷᠠᠯᠳᠤᠵᠤ ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠫᠠᠩ ᠯᠢ ᠪᠥᠬᠦ ᠰᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠳᠤ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠤᠨ ᠮᠡᠳᠡᠭᠦᠯᠦᠯᠲᠡ ᠬᠢᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠦᠨ ᠬᠠᠢ ᠱᠧᠩ ᠬᠤᠷᠠᠯ ᠢ ᠡᠷᠬᠢᠯᠡᠪᠡ᠃      ᠫᠠᠩ ᠯᠢ ᠢᠯᠡᠳᠬᠡᠯ ᠳᠡᠭᠡᠨ ᠮᠠᠨ ᠤ ᠰᠢᠶᠠᠨ ᠤ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠵᠦ ᠪᠠᠶᠢᠭ᠎ᠠ ᠪᠠᠶᠢᠳᠠᠯ ᠪᠣᠯᠤᠨ ᠬᠠᠨᠳᠤᠰᠢ ᠶᠢ ᠭᠦᠨᠵᠡᠭᠡᠶ ᠵᠠᠳᠠᠯᠵᠤ᠂ ᠡᠮᠬᠢ ᠵᠢᠷᠤᠮ ᠲᠣᠳᠣᠷᠬᠠᠶ᠂ ᠯᠣᠭᠢᠭ ᠲᠣᠳᠣᠷᠬᠠᠶ ᠪᠥᠭᠡᠳ ᠵᠠᠷᠢᠮ ᠠᠮᠢᠳᠤᠯᠢᠭ ᠬᠡᠷᠡᠭ ᠤᠨ ᠵᠢᠱᠢᠶ᠎ᠡ ᠪᠠᠷ ᠭᠡᠷᠡᠴᠢᠯᠡᠵᠦ᠂ ᠥᠩᠭᠡᠨ ᠲᠠᠯ᠎ᠠ ᠠᠴᠠ ᠳᠣᠲᠣᠷ ᠲᠠᠯ᠎ᠠ ᠳᠤ ᠬᠦᠷᠲᠡᠯ᠎ᠡ ᠭᠦᠨᠵᠡᠭᠡᠶ ᠰᠡᠳᠬᠢᠭᠦᠯᠵᠦ᠂ ᠥᠷᠭᠡᠨ ᠣᠯᠠᠨ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠨᠠᠷ ᠤᠨ ᠪᠢᠰᠢᠷᠡᠨ ᠵᠢᠷᠦᠬᠡᠰᠢᠶᠡᠬᠦ ᠶᠢ ᠰᠡᠷᠡᠮᠵᠢᠯᠡᠵᠦ᠂ ᠬᠤᠷᠢᠭ᠎ᠠ ᠱᠤᠭᠤᠮ ᠢ ᠰᠠᠬᠢᠬᠤ ᠶᠢ ᠬᠥᠮᠦᠵᠢᠭᠦᠯᠦᠨ ᠵᠢᠯᠣᠭᠤᠳᠪᠠ᠃      ᠬᠤᠷᠠᠯ ᠠᠴᠠ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢ ᠬᠥᠮᠦᠵᠢᠭᠦᠯᠦᠨ ᠴᠡᠭᠴᠡᠯᠡᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠨ ᠴᠢᠩᠭᠠᠳᠬᠠᠬᠤ ᠬᠡᠷᠡᠭᠲᠡᠢ᠃ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠨᠢᠭᠡᠴᠡ ᠶᠢᠨ ᠬᠢᠨ ᠨᠠᠮ ᠤᠨ ᠭᠡᠰᠢᠭᠦᠨ ᠺᠠᠳ᠋ᠷ ᠴᠠᠭᠳᠠᠭ᠎ᠠ ᠶᠢ ᠵᠣᠬᠢᠶᠠᠨ ᠪᠠᠶᠢᠭᠤᠯᠵᠤ ᠰᠤᠳᠤᠯᠤᠨ ᠶᠠᠷᠢᠯᠴᠠᠵᠤ ᠰᠣᠯᠢᠯᠴᠠᠬᠤ ᠶᠢ ᠭᠦᠨᠵᠡᠭᠡᠢ ᠥᠷᠨᠢᠭᠦᠯᠵᠦ᠂ ᠦᠵᠡᠯ ᠰᠠᠨᠠᠭᠠᠨ ᠤ ᠪᠣᠯᠪᠠᠰᠤᠷᠠᠯ ᠢᠶᠠᠨ ᠴᠢᠩᠭᠠᠳᠬᠠᠵᠤ᠂ ᠲᠡᠮᠦᠷ ᠮᠡᠲᠦ ᠬᠦᠰᠡᠯᠡᠩ ᠢᠲᠡᠭᠡᠯ ᠪᠢᠰᠢᠷᠡᠯ ᠲᠠᠢ᠂ ᠲᠡᠮᠦᠷ ᠮᠡᠲᠦ ᠬᠠᠷᠢᠭᠤᠴᠠᠯᠭ᠎ᠠ ᠡᠭᠦᠷᠭᠡᠯᠡᠯ ᠲᠠᠢ᠂ ᠲᠡᠮᠦᠷ ᠮᠡᠲᠦ ᠴᠠᠭᠠᠷᠠᠭᠰᠠᠨ ᠴᠢᠳᠠᠪᠤᠷᠢ ᠲᠠᠢ᠂ ᠲᠡᠮᠦᠷ ᠮᠡᠲᠦ ᠰᠠᠬᠢᠯᠭ᠎ᠠ ᠪᠠᠲᠤ ᠲᠠᠢ ᠬᠡᠪ ᠰᠤᠷᠲᠠᠯ ᠲᠠᠢ ᠤᠯᠤᠰ ᠲᠦᠷᠦ ᠬᠠᠤᠯᠢ ᠴᠠᠭᠠᠵᠠ ᠲᠡᠮᠦᠷ ᠴᠡᠷᠢᠭ ᠢ ᠴᠢᠷᠮᠠᠶᠢᠨ ᠪᠤᠢ ᠪᠣᠯᠭᠠᠵᠤ᠂ ᠰᠢᠨ᠎ᠡ ᠴᠠᠭ ᠦᠶ᠎ᠡ ᠶᠢᠨ ᠨᠠᠮ ᠪᠣᠯᠤᠨ ᠠᠷᠠᠳ ᠲᠦᠮᠡᠨ ᠠᠴᠠ ᠳᠠᠭᠠᠭᠠᠯᠭᠠᠭᠰᠠᠨ ᠡᠭᠦᠷᠭᠡ ᠬᠠᠷᠢᠭᠤᠴᠠᠯᠭ᠎ᠠ ᠶᠢ ᠨᠡᠩ ᠰᠠᠶᠢᠲᠤᠷ ᠡᠭᠦᠷᠭᠡᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠨᠠᠮ ᠢ ᠴᠢᠩᠭ᠎ᠠ ᠵᠠᠰᠠᠬᠤ ᠴᠠᠭᠳᠠᠭ᠎ᠠ ᠶᠢ ᠴᠢᠩᠭ᠎ᠠ ᠵᠠᠰᠠᠬᠤ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠰᠤᠷᠭᠠᠨ ᠬᠥᠮᠦᠵᠢᠭᠦᠯᠵᠦ ᠴᠡᠭᠴᠡᠯᠡᠬᠦ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ᠃ ︽ᠨᠢᠭᠡᠳᠦᠭᠡᠷ ᠭᠠᠷ︾ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠯ᠎ᠡ ᠵᠦᠢᠯ ᠤᠨ ᠲᠣᠭᠲᠠᠭᠠᠯ ᠢ ᠲᠦᠷᠦᠭᠦᠯᠡᠨ ᠵᠢᠷᠤᠮᠯᠠᠨ ᠬᠡᠷᠡᠭᠵᠢᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ᠂ ᠨᠠᠮ ᠤᠨ ᠭᠡᠰᠢᠭᠦᠨ ᠪᠠ ᠤᠯᠠᠨ ᠲᠦᠮᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠠᠵᠢᠯ ᠢ ᠤᠯᠤᠰ ᠲᠦᠷᠦ ᠬᠠᠤᠯᠢ ᠴᠠᠭᠠᠵᠠ ᠶᠢᠨ ᠠᠵᠢᠯ ᠲᠠᠢ ᠬᠠᠮᠲᠤ ᠳᠤᠨᠢ ᠲᠥᠯᠥᠪᠵᠢᠭᠦᠯᠵᠦ᠂ ᠬᠠᠮᠲᠤ ᠳᠤᠨᠢ ᠪᠠᠶᠢᠷᠢᠯᠠᠭᠤᠯᠵᠤ᠂ ᠬᠠᠮᠲᠤ ᠳᠤᠨᠢ ᠲᠦᠯᠬᠢᠨ ᠠᠬᠢᠭᠤᠯᠬᠤ ᠶᠢ ᠪᠠᠷᠢᠮᠲᠠᠯᠠᠵᠤ᠂ ᠢᠯᠠᠩᠭᠤᠶ᠎ᠠ ᠤᠯᠤᠰ ᠲᠦᠷᠦ ᠬᠠᠤᠯᠢ ᠴᠠᠭᠠᠵᠠ ᠶᠢᠨ ᠠᠩᠭᠢ ᠶᠢᠨ ᠬᠥᠮᠦᠵᠢᠯ ᠴᠡᠭᠴᠡᠯᠡᠯᠲᠡ ᠪᠠ ᠪᠠᠶᠢᠭᠤᠯᠤᠯᠲᠠ ᠶᠢᠨ ᠠᠵᠢᠯ ᠢ ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠬᠠᠮᠢᠶᠠᠷᠴᠤ᠂ ᠪᠡᠶ᠎ᠡ ᠪᠠᠷ ᠢᠶᠠᠨ ᠵᠣᠬᠢᠴᠠᠭᠤᠯᠵᠤ᠂ ᠪᠡᠶ᠎ᠡ ᠪᠠᠷ ᠢᠶᠠᠨ ᠰᠢᠪᠠᠳᠠᠨ ᠭᠦᠢᠴᠡᠳᠬᠡᠭᠦᠯᠵᠦ᠂ ᠪᠠᠭ ᠢᠶᠠᠨ ᠰᠠᠶᠢᠲᠤᠷ ᠬᠠᠮᠢᠶᠠᠷᠴᠤ᠂ ᠡᠩᠨᠡᠭᠡ ᠪᠠᠨ ᠰᠠᠶᠢᠲᠤᠷ ᠳᠠᠭᠠᠭᠤᠯᠵᠤ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ ᠭᠡᠪᠡ᠃      ᠬᠤᠷᠠᠯ ᠠᠴᠠ ᠱᠠᠭᠠᠷᠳᠠᠭᠰᠠᠨ ᠨᠢ᠂ ᠵᠠᠯᠬᠠᠭᠠᠨ ᠰᠢᠢᠳᠭᠡᠬᠦ ᠪᠠ ᠰᠢᠢᠳᠪᠦᠷᠢᠯᠡᠬᠦ ᠶᠢ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠲᠠᠢ ᠤᠶᠠᠯᠳᠤᠭᠤᠯᠵᠤ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡᠪᠡᠷ ᠵᠠᠰᠠᠵᠤ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ︽ᠡᠭᠡᠯᠢᠯᠡᠭᠡ ᠶᠢᠨ ᠴᠢᠳᠠᠪᠤᠷᠢ︾ ᠶᠢ ᠴᠢᠩᠭᠠᠳᠬᠠᠵᠤ᠂ ᠰᠤᠷᠭᠠᠨ ᠬᠥᠮᠦᠵᠢᠭᠦᠯᠵᠦ ᠴᠡᠭᠴᠡᠯᠡᠬᠦ ᠪᠠᠷ ᠳᠠᠮᠵᠢᠭᠤᠯᠤᠨ᠂ ᠲᠤᠰ ᠰᠠᠯᠠᠭ᠎ᠠ ᠮᠥᠴᠢᠷ᠂ ᠲᠤᠰ ᠨᠢᠭᠡᠴᠡ ᠶᠢᠨ ᠢᠶᠠᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠪᠠᠶᠢᠭᠤᠯᠤᠯᠲᠠ ᠪᠠ ᠺᠠᠳ᠋ᠷ ᠤᠨ ᠡᠩᠨᠡᠭᠡᠨ ᠤ ᠬᠠᠮᠢᠶᠠᠷᠤᠯᠲᠠ ᠪᠠᠷ ᠭᠤᠣᠯᠳᠠᠯᠭ᠎ᠠ ᠪᠣᠯᠭᠠᠭᠰᠠᠨ ᠬᠤᠯᠪᠣᠭᠳᠠᠯ ᠪᠦᠬᠦᠢ ᠲᠦᠷᠢᠮ ᠲᠣᠭᠲᠠᠭᠠᠯ ᠢ ᠲᠣᠭᠲᠠᠭᠠᠨ ᠲᠡᠭᠦᠯᠳᠡᠷᠵᠢᠭᠦᠯᠵᠦ᠂ ᠡᠴᠦᠰ ᠲᠡᠭᠡᠨ ᠤᠯᠤᠰ ᠲᠦᠷᠦ ᠶᠢᠨ ᠠᠮᠢ ᠠᠬᠤᠢ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠰᠠᠬᠢᠯᠭ᠎ᠠ ᠪᠠᠲᠤ ᠣᠪᠣᠷ ᠰᠤᠷᠲᠠᠯ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠴᠢᠳᠠᠪᠤᠷᠢ ᠬᠡᠪ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠠᠵᠢᠯ ᠤᠨ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠨᠠᠮ ᠪᠠ ᠠᠷᠠᠳ ᠲᠦᠮᠡᠨ ᠠᠴᠠ ᠣᠯᠭᠤᠭᠰᠠᠨ ᠰᠢᠨ᠎ᠡ ᠴᠠᠭ ᠦᠶ᠎ᠡ ᠶᠢᠨ ᠲᠤᠰᠢᠶᠠᠯ ᠬᠠᠷᠢᠭᠤᠴᠠᠯᠭ᠎ᠠ ᠶᠢ ᠨᠡᠩ ᠰᠠᠶᠢᠲᠤᠷ ᠡᠭᠦᠷᠭᠡᠯᠡᠭᠦᠯᠬᠦ ᠪᠣᠯᠭᠠᠨ᠎ᠠ ᠭᠡᠵᠡᠢ᠃      ᠰᠢᠶᠠᠨ ᠤ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠹᠦ᠋ ᠴᠢᠩ ᠱᠧᠩ᠂ ᠪᠦᠬᠦ ᠰᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠺᠠᠳ᠋ᠷᠴᠤᠳ ᠤᠨ ᠮᠡᠳᠡᠭᠦᠯᠦᠯᠲᠡ ᠶᠢᠨ ᠬᠤᠷᠠᠯ ᠢ ᠰᠣᠨᠣᠰᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1