ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠯᠢᠦ ᠵᠢᠶ ᠶᠢᠩ ᠪᠦᠯᠬᠦᠮ ᠳᠠᠭᠠᠭᠤᠯᠤᠨ ᠵᠡᠭᠦᠨᠭᠠᠷ ᠬᠤᠰᠢᠭᠤᠨ ᠳᠤ ᠬᠦᠷᠴᠦ ᠵᠢᠭᠤᠯᠴᠢᠯᠠᠯ ᠤᠨ ᠲᠥᠷᠥᠯ ᠵᠦᠢᠯ ᠢ ᠵᠣᠯᠭᠠᠭᠤᠯᠪᠠ
ᠨᠡᠶᠢᠲᠡᠯᠡᠭᠰᠡᠨ ᠴᠠᠭ᠄
2021/4/14
        3 ᠳ᠋ᠤᠭᠠᠷ ᠰᠠᠷ᠎ᠠ ᠶᠢᠨ 26 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠯᠢᠦ ᠵᠢᠢ ᠶᠢᠩ ᠨᠡᠷ ᠵᠡᠭᠦᠨᠭᠠᠷ ᠬᠤᠰᠢᠭᠤᠨ ᠳᠤ ᠬᠦᠷᠴᠦ ᠱᠧᠨ ᠴᠢᠤᠸᠠᠨ ᠦᠵᠡᠮᠵᠢ ᠶᠢᠨ ᠣᠷᠣᠨ ᠤ ᠲᠦᠷᠦᠯ ᠵᠦᠢᠯ ᠤᠨ ᠬᠠᠮᠲᠤᠷᠠᠯᠴᠠᠭᠠᠨ ᠤ ᠶᠠᠪᠤᠳᠠᠯ ᠢ ᠵᠣᠯᠭᠠᠭᠤᠯᠪᠠ᠃ ᠵᠡᠭᠦᠨᠭᠠᠷ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠰᠦᠷᠭᠠᠷᠲᠤ᠂ ᠬᠤᠰᠢᠭᠤᠨ ᠳᠡᠳ᠋ ᠳᠠᠷᠤᠭ᠎ᠠ ᠴᠢᠦᠶ ᠱᠦ ᠴᠢᠩ᠂ ᠲᠣᠭᠲᠠᠬᠤ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠸᠠᠩ ᠯᠢ ᠰᠢᠨ ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ ᠸᠧᠨ ᠵᠢᠶᠠᠩ ᠬᠠᠶ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠱᠧᠨ ᠴᠢᠤᠸᠠᠨ ᠺᠣᠮᠫᠠᠨᠢ ᠶᠢᠨ ᠲᠥᠷᠥᠯ ᠵᠦᠢᠯ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃      ᠶᠠᠷᠢᠯᠴᠠᠬᠤ ᠬᠤᠷᠠᠯ ᠳᠡᠭᠡᠷ᠎ᠡ᠂ ᠱᠧᠨ ᠴᠢᠤᠸᠠᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠲᠦᠷᠦᠯ ᠵᠦᠢᠯ ᠤᠨ ᠪᠠᠶᠢᠳᠠᠯ ᠢ ᠲᠠᠨᠢᠯᠴᠠᠭᠤᠯᠵᠤ᠂ ᠬᠤᠶᠠᠷ ᠭᠠᠵᠠᠷ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠶᠠᠷᠢᠶ᠎ᠠ ᠲᠠᠯᠪᠢᠵᠤ᠂ ᠱᠧᠨ ᠴᠢᠤᠸᠠᠨ ᠦᠵᠡᠮᠵᠢ ᠶᠢᠨ ᠣᠷᠣᠨ ᠳᠤ ᠲᠡᠰ ᠳᠡᠪᠰᠢᠭᠦᠯᠬᠦ ᠬᠥᠭᠵᠢᠯᠲᠡ ᠶᠢᠨ ᠲᠥᠯᠥᠪᠵᠢᠭᠦᠯᠭᠡ᠂ ᠬᠠᠳᠤᠨ ᠭᠤᠣᠯ ᠳᠠᠭᠠᠤ ᠶᠢᠨ ᠬᠤᠶᠠᠷ ᠬᠥᠪᠡᠭᠡᠨ ᠤ ᠰᠣᠶᠣᠯ ᠵᠤᠭᠠᠴᠠᠯ ᠤᠨ ᠡᠬᠢ ᠪᠠᠶᠠᠯᠢᠭ ᠤᠨ ᠨᠡᠭᠡᠭᠡᠨ ᠬᠥᠭᠵᠢᠭᠦᠯᠦᠯᠲᠡ᠂ ᠭᠠᠵᠠᠷ ᠰᠢᠷᠣᠢ ᠶᠢᠨ ᠠᠰᠢᠭᠯᠠᠯᠲᠠ ᠪᠣᠯᠤᠨ ᠣᠷᠴᠢᠨ ᠲᠣᠭᠤᠷᠢᠨ ᠤ ᠬᠠᠮᠠᠭᠠᠯᠠᠯᠲᠠ᠂ ᠢᠵᠢ ᠪᠦᠷᠢᠳᠦᠭᠰᠡᠨ ᠦᠢᠯᠡᠴᠢᠯᠡᠭᠡᠨ ᠤ ᠲᠥᠬᠦᠭᠡᠷᠦᠮᠵᠢ᠂ ᠵᠠᠮ ᠬᠠᠷᠢᠯᠴᠠᠭᠠᠨ ᠤ ᠣᠷᠴᠢᠨ ᠲᠣᠭᠤᠷᠢᠨ᠂ ᠲᠤᠬᠠᠢ ᠶᠢᠨ ᠭᠠᠵᠠᠷ ᠤᠨ ᠲᠣᠰᠬᠤᠨ ᠤ ᠠᠷᠠᠳ ᠤᠨ ᠪᠠᠶᠠᠵᠢᠯ ᠢ ᠠᠬᠢᠭᠤᠯᠬᠤ ᠵᠡᠷᠭᠡ ᠲᠠᠯ᠎ᠠ ᠪᠠᠷ ᠵᠢᠴᠢ ᠣᠷᠣᠰᠢᠵᠤ ᠪᠠᠶᠢᠭ᠎ᠠ ᠠᠰᠠᠭᠤᠳᠠᠯ ᠤᠨ ᠲᠠᠯ᠎ᠠ ᠪᠠᠷ ᠰᠠᠨᠠᠯ ᠢᠶᠠᠨ ᠰᠣᠯᠢᠯᠴᠠᠵᠠᠢ᠃      ᠯᠢᠦ ᠵᠢᠢ ᠶᠢᠩ᠂ ᠲᠣᠭᠲᠠᠬᠤ ᠰᠢᠶᠠᠨ ᠪᠣᠯᠤᠨ ᠵᠡᠭᠦᠨᠭᠠᠷ ᠬᠤᠰᠢᠭᠤ ᠬᠤᠶᠠᠷ ᠭᠠᠵᠠᠷ ᠬᠠᠳᠤᠨ ᠭᠤᠣᠯ ᠲᠠᠢ ᠬᠥᠷᠰᠢᠯᠡᠵᠦ᠂ ᠣᠷᠣᠨ ᠪᠠᠶᠢᠷᠢ ᠶᠢᠨ ᠳᠠᠪᠠᠭᠤᠯᠢᠭ ᠲᠤᠪᠤᠶᠢᠮ᠎ᠠ᠂ ᠰᠣᠶᠣᠯ ᠵᠤᠭᠠᠴᠠᠯ ᠤᠨ ᠡᠬᠢ ᠪᠠᠶᠠᠯᠢᠭ ᠡᠯᠪᠡᠭ ᠳᠡᠯᠪᠡᠭ᠂ ᠱᠧᠨ ᠴᠢᠤᠸᠠᠨ ᠦᠵᠡᠮᠵᠢ ᠶᠢᠨ ᠣᠷᠣᠨ ᠨᠢ ᠬᠤᠶᠠᠷ ᠭᠠᠵᠠᠷ ᠤᠨ ᠰᠣᠶᠣᠯ ᠵᠤᠭᠠᠴᠠᠯ ᠤᠨ ᠬᠥᠭᠵᠢᠯᠲᠡ ᠶᠢᠨ ᠬᠠᠮᠲᠤᠷᠠᠯᠴᠠᠭ᠎ᠠ ᠳᠤ ᠠᠵᠠ ᠲᠣᠬᠢᠶᠠᠯ ᠣᠯᠭᠤᠵᠠᠢ᠃ ᠱᠧᠨ ᠴᠢᠤᠸᠠᠨ ᠦᠵᠡᠮᠵᠢ ᠶᠢᠨ ᠣᠷᠣᠨ ᠤ ᠲᠦᠷᠦᠯ ᠵᠦᠢᠯ ᠤᠨ ᠬᠠᠮᠲᠤᠷᠠᠯᠴᠠᠭ᠎ᠠ ᠶᠢ ᠦᠨᠡᠨᠬᠦ ᠴᠢᠩᠭᠠᠳᠬᠠᠵᠤ᠂ ᠠᠬᠢᠴᠠ ᠶᠢ ᠲᠦᠷᠭᠡᠳᠬᠡᠵᠦ᠂ ᠴᠢᠳᠠᠪᠤᠷᠢ ᠶᠢ ᠥᠷᠭᠡᠳᠬᠡᠨ ᠦᠷ᠎ᠡ ᠠᠰᠢᠭ ᠢ ᠳᠡᠭᠡᠭᠰᠢᠯᠡᠭᠦᠯᠵᠦ᠂ ᠣᠷᠣᠨ ᠪᠠᠶᠢᠷᠢ ᠪᠠᠨ ᠠᠯᠳᠠᠵᠤ ᠬᠠᠷᠢᠯᠴᠠᠨ ᠨᠥᠬᠦᠪᠥᠷᠢᠯᠡᠵᠦ᠂ ᠳᠠᠭᠤ ᠠᠪᠤᠯᠴᠠᠬᠤ ᠶᠢ ᠪᠦᠷᠢᠯᠳᠦᠭᠦᠯᠵᠦ᠂ ᠵᠤᠭᠠᠴᠠᠯ ᠤᠨ ᠠᠵᠤ ᠠᠬᠤᠢ ᠶᠢᠨ ᠨᠢᠭᠲᠠᠴᠠ ᠶᠢ ᠳᠡᠭᠡᠭᠰᠢᠯᠡᠭᠦᠯᠵᠦ᠂ ᠵᠤᠭᠠᠴᠠᠯ ᠤᠨ ᠡᠬᠢ ᠪᠠᠶᠠᠯᠢᠭ ᠢ ᠬᠠᠮᠲᠤᠪᠠᠷ ᠡᠳ᠋ᠯᠡᠵᠦ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠭᠦᠨᠵᠡᠭᠡᠶ ᠵᠢᠭᠤᠯᠴᠢᠯᠠᠯ ᠤᠨ ᠦᠢᠯᠡᠳᠭᠦᠨ ᠢ ᠶᠡᠭᠡ ᠪᠠᠷ ᠨᠡᠭᠡᠭᠡᠨ ᠬᠥᠭᠵᠢᠭᠦᠯᠵᠦ᠂ ᠱᠧᠨ ᠴᠢᠤᠸᠠᠨ ᠦᠵᠡᠮᠵᠢ ᠶᠢᠨ ᠣᠷᠣᠨ ᠪᠠ ᠳᠡᠰᠯᠡᠬᠦ ᠵᠢᠭᠤᠯᠴᠢᠯᠠᠯ ᠤᠨ ᠡᠬᠢ ᠪᠠᠶᠠᠯᠢᠭ ᠢ ᠮᠤᠵᠢ ᠶᠢᠨ ᠬᠤᠭᠤᠷᠣᠨᠳᠣᠬᠢ᠂ ᠬᠤᠲᠠ ᠶᠢᠨ ᠬᠤᠭᠤᠷᠣᠨᠳᠣᠬᠢ ᠲᠠᠯ᠎ᠠ ᠠᠴᠠ ᠨᠢᠭᠡᠳᠦᠯᠲᠡᠶ ᠲᠥᠯᠥᠪᠯᠡᠨ ᠰᠦᠪᠡᠭᠴᠢᠯᠡᠵᠦ᠂ ᠡᠷᠬᠢᠨ ᠲᠣᠭᠤᠷᠢᠨ ᠵᠢᠴᠢ ᠳᠡᠭᠡᠳᠦ ᠳᠣᠤᠷᠠᠳᠤ ᠤᠷᠤᠰᠬᠠᠯ ᠤᠨ ᠳᠠᠪᠠᠭᠤᠯᠢᠭ ᠡᠬᠢ ᠪᠠᠶᠠᠯᠢᠭ ᠢ ᠭᠦᠢᠴᠡᠳ ᠡᠮᠬᠢᠯᠡᠨ ᠨᠡᠶᠢᠯᠡᠭᠦᠯᠵᠦ᠂ ᠵᠢᠭᠤᠯᠴᠢᠯᠠᠯ ᠤᠨ ᠠᠵᠤ ᠦᠶ᠋ᠯᠡᠰ ᠤᠨ ᠬᠢᠷᠢ ᠲᠦᠪᠰᠢᠨ ᠢ ᠨᠠᠩ ᠶᠡᠭᠡ ᠪᠠᠷ ᠳᠡᠭᠡᠭᠰᠢᠯᠡᠭᠦᠯᠬᠦ ᠶᠢ ᠳᠥᠯᠭᠢᠨ ᠠᠬᠢᠭᠤᠯᠬᠤ ᠶᠢ ᠰᠠᠨᠠᠭᠤᠯᠵᠤ ᠪᠠᠶᠢᠨ᠎ᠠ᠃ ᠪᠡᠯᠡᠳᠬᠡᠯ ᠪᠢᠴᠢᠭ ᠤᠨ ᠵᠤᠭᠠᠴᠠᠯ ᠤᠨ ᠲᠦᠷᠦᠯ ᠵᠦᠢᠯ ᠤᠨ ᠠᠬᠢᠭᠤᠯᠬᠤ ᠬᠠᠮᠵᠢᠯᠴᠠᠭᠠᠨ ᠤ ᠲᠣᠭᠲᠠᠴᠠ ᠶᠢ ᠪᠠᠶᠢᠭᠤᠯᠵᠤ᠂ ᠬᠠᠮᠲᠤᠷᠠᠯᠴᠠᠭ᠎ᠠ ᠬᠥᠭᠵᠢᠯᠲᠡ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠬᠠᠮᠲᠤᠪᠠᠷ ᠵᠣᠬᠢᠴᠠᠭᠤᠯᠤᠨ ᠰᠢᠢᠳᠪᠦᠷᠢᠯᠡᠵᠦ᠂ ᠢᠳᠡᠪᠬᠢᠲᠡᠢ ᠪᠠᠷ ᠰᠣᠯᠢᠯᠴᠠᠵᠤ᠂ ᠬᠠᠷᠢᠯᠴᠠᠨ ᠬᠠᠪᠰᠤᠷᠤᠯᠴᠠᠵᠤ ᠬᠠᠷᠢᠯᠴᠠᠨ ᠲᠤᠯᠢ ᠪᠣᠯᠭᠠᠵᠤ᠂ ᠶᠡᠷᠦᠩᠬᠡᠶᠢᠯᠡᠭᠰᠡᠨ ᠵᠤᠭᠠᠴᠠᠯ ᠤᠨ ᠡᠯᠧᠮᠧᠨ᠋ᠲ ᠤᠨ ᠪᠠᠲᠤᠯᠠᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠤᠶᠠᠷ ᠭᠠᠵᠠᠷ ᠤᠨ ᠰᠣᠶᠣᠯ ᠵᠤᠭᠠᠴᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ ᠭᠡᠪᠡ᠃      ᠰᠦᠷᠭᠠᠯᠳᠤ᠂ ᠱᠧᠨ ᠴᠢᠤᠸᠠᠨ ᠠᠮᠢ ᠠᠬᠤᠢ ᠶᠢᠨ ᠵᠤᠭᠠᠴᠠᠯ ᠤᠨ ᠦᠵᠡᠮᠵᠢ ᠶᠢᠨ ᠣᠷᠣᠨ ᠢ ᠥᠷᠭᠡᠳᠬᠡᠨ ᠪᠠᠶᠢᠭᠤᠯᠬᠤ ᠲᠦᠷᠦᠯ ᠵᠦᠢᠯ ᠨᠢ ᠭᠠᠵᠠᠷ ᠣᠷᠣᠨ ᠤ ᠠᠯᠤᠰ ᠬᠡᠳᠤ ᠶᠢᠨ ᠬᠥᠭᠵᠢᠯᠲᠡ ᠪᠣᠯᠤᠨ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠬᠤ ᠤᠴᠢᠷ ᠠᠴᠠ ᠥᠨᠳᠥᠷ ᠭᠠᠷᠤᠭ᠎ᠠ ᠲᠠᠢ ᠪᠠᠷ ᠲᠥᠯᠥᠪᠵᠢᠭᠦᠯᠵᠦ ᠂ ᠥᠨᠳᠥᠷ ᠪᠠᠷᠢᠮᠵᠢᠶ᠎ᠠ ᠪᠠᠷ ᠪᠦᠳᠦᠭᠡᠨ ᠪᠠᠶᠢᠭᠤᠯᠵᠤ᠂ ᠬᠠᠳᠤᠨ ᠭᠤᠣᠯ ᠤᠨ ᠰᠣᠶᠣᠯ ᠵᠤᠭᠠᠴᠠᠯ ᠤᠨ ᠡᠬᠢ ᠪᠠᠶᠠᠯᠢᠭ ᠢ ᠬᠠᠮᠲᠤᠪᠠᠷ ᠲᠥᠯᠥᠪᠵᠢᠭᠦᠯᠦᠨ ᠨᠢᠭᠡᠳᠭᠡᠵᠦ᠂ ᠬᠠᠳᠤᠨ ᠭᠤᠣᠯ ᠳᠠᠭᠠᠤ ᠶᠢᠨ ᠠᠵᠤ ᠠᠬᠤᠢ ᠶᠢᠨ ᠪᠦᠰᠡ ᠶᠢ ᠬᠠᠮᠲᠤᠪᠠᠷ ᠪᠠᠶᠢᠭᠤᠯᠵᠤ᠂ ᠬᠤᠶᠠᠷ ᠭᠠᠵᠠᠷ ᠤᠨ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠬᠤᠶᠠᠷ ᠲᠠᠯ᠎ᠠ ᠪᠠᠷ ᠢᠶᠠᠨ ᠨᠢᠭᠡᠳᠦᠯᠲᠡᠢ ᠲᠥᠯᠥᠪᠵᠢᠭᠦᠯᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠰᠠᠶᠢᠲᠤᠷ ᠰᠠᠬᠢᠵᠤ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠵᠤ᠂ ᠰᠣᠶᠣᠯ ᠤᠨ ᠵᠤᠭᠠᠴᠠᠯ ᠤᠨ ᠦᠢᠯᠡᠰ ᠢ ᠲᠠᠰᠤᠷᠠᠯᠲᠠ ᠦᠭᠡᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠰᠢᠯᠢᠳᠡᠭᠵᠢᠭᠦᠯᠵᠦ᠂ ᠬᠤᠶᠠᠷ ᠬᠥᠪᠡᠭᠡᠨ ᠤ ᠠᠮᠢ ᠠᠬᠤᠢ ᠶᠢᠨ ᠵᠤᠭᠠᠴᠠᠯ ᠤᠨ ᠦᠢᠯᠡᠰ ᠤᠨ ᠳᠡᠰ ᠳᠡᠪᠰᠢᠬᠦ ᠶᠢ ᠠᠬᠢᠭᠤᠯᠤᠶ᠎ᠠ᠃ ᠢᠳᠡᠭᠡᠨ ᠤᠮᠳᠠᠭᠠᠨ᠂ ᠬᠤᠨᠤᠭ ᠪᠠᠭᠤᠳᠠᠯ᠂ ᠲᠠᠷᠢᠶᠠᠴᠢᠨ ᠠᠶᠢᠯ ᠤᠨ ᠵᠤᠭᠠᠴᠠᠯ ᠵᠡᠷᠭᠡ ᠲᠠᠯ᠎ᠠ ᠠᠴᠠ ᠪᠦᠬᠦ ᠲᠠᠯ᠎ᠠ ᠪᠠᠷ ᠪᠣᠳᠣᠯᠬᠢᠯᠠᠵᠤ᠂ ᠬᠥᠭᠵᠢᠯᠲᠡ ᠶᠢᠨ ᠳᠠᠪᠠᠭᠤᠯᠢᠭ ᠢ ᠪᠠᠲᠤᠳᠬᠠᠵᠤ᠂ ᠵᠤᠭᠠᠴᠠᠯ ᠤᠨ ᠲᠡᠰ ᠳᠡᠪᠰᠢᠬᠦ ᠶᠢ ᠠᠬᠢᠭᠤᠯᠬᠤ ᠮᠥᠷᠲᠡᠭᠡᠨ ᠠᠷᠠᠳ ᠤᠯᠠᠨ ᠤ ᠠᠰᠢᠭ ᠣᠷᠣᠯᠭ᠎ᠠ ᠶᠢ ᠪᠠᠲᠤᠯᠠᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠣᠯᠤᠨ ᠠᠮᠤᠷ ᠲᠦᠪᠰᠢᠨ ᠤ ᠲᠦᠷᠦᠭᠳᠡᠯ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠪᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1