3 ᠳ᠋ᠤᠭᠠᠷ ᠰᠠᠷ᠎ᠠ ᠶᠢᠨ 29 ᠤ ᠡᠳᠦᠷ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ︽ | ᠳᠥᠷᠪᠡᠨ ᠰᠢᠯᠤᠭᠤᠨ ᠪᠤᠰᠤ ᠬᠤᠶᠠᠷ ᠰᠢᠯᠤᠭᠤᠨ︾ ᠤ ᠬᠡᠯᠪᠡᠷᠢ ᠪᠠᠷ ᠶᠦᠨ ᠵᠥᠩ ᠵᠠᠮ ᠤᠨ ᠲᠣᠮᠢᠯᠠᠭᠰᠠᠨ ᠰᠠᠯᠪᠤᠷᠢ᠂ | ᠵᠥᠩ ᠲᠠᠨ ᠲᠣᠮᠢᠯᠠᠭᠰᠠᠨ ᠰᠠᠯᠪᠤᠷᠢ᠂ ᠬᠠᠤᠯᠢ ᠴᠠᠭᠠᠵᠠ ᠶᠢᠨ ᠲᠣᠪᠴᠢᠶ᠎ᠠ ᠵᠡᠷᠭᠡ ᠭᠠᠵᠠᠷ ᠲᠤ ᠭᠦᠨᠵᠡᠭᠡᠶᠢᠷᠡᠨ | ᠨᠢᠭᠤᠴᠠ ᠪᠠᠷ ᠰᠤᠷᠪᠤᠯᠵᠢᠯᠠᠨ ᠬᠢᠨᠠᠨ ᠵᠢᠯᠣᠭᠤᠳᠴᠤ᠂ ᠮᠠᠨ ᠤ ᠰᠢᠶᠠᠨ ᠤ ᠤᠯᠤᠰ ᠲᠥᠷᠥ ᠬᠠᠤᠯᠢ ᠴᠠᠭᠠᠵᠠ ᠶᠢᠨ | ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠪᠠᠶᠢᠳᠠᠯ ᠢ ᠪᠠᠶᠢᠴᠠᠭᠠᠪᠠ᠃ ᠰᠢᠶᠠᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠦᠨ ᠬᠠᠢ ᠱᠧᠩ ᠣᠷᠣᠯᠴᠠᠪᠠ᠃ | ᠬᠦᠷᠦᠭᠰᠡᠨ ᠭᠠᠵᠠᠷ ᠪᠣᠯᠭᠠᠨ ᠳᠤ᠂ ᠯᠢ ᠴᠦᠨ ᠶᠠᠨ ᠦᠨᠳᠦᠰᠦᠨ ᠱᠠᠲᠤᠨ ᠤ ᠺᠠᠳ᠋ᠷ ᠴᠠᠭᠳᠠᠭ᠎ᠠ ᠪᠣᠯᠤᠨ | ᠠᠵᠢᠯ ᠶᠠᠪᠤᠳᠠᠯ ᠬᠢᠬᠦ ᠪᠠᠷ ᠢᠷᠡᠭᠰᠡᠨ ᠤᠯᠠᠨ ᠲᠦᠮᠡᠨ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠤᠯᠤᠰ ᠲᠦᠷᠦ | ᠬᠠᠤᠯᠢ ᠴᠠᠭᠠᠵᠠ ᠶᠢᠨ ᠠᠵᠢᠯ ᠤᠨ ᠲᠤᠬᠠᠢ ᠦᠵᠡᠯᠲᠡ ᠶᠢ ᠨᠠᠷᠢᠨ ᠬᠢᠨᠠᠮᠠᠭᠠᠢ ᠰᠣᠨᠣᠰᠴᠠᠢ᠃ ᠡᠭᠦᠨ ᠤ ᠬᠠᠮᠲᠤ | ᠰᠤᠷᠤᠯᠴᠠᠬᠤ ᠮᠠᠲ᠋ᠧᠷᠢᠶᠠᠯ ᠢ ᠨᠠᠷᠢᠨ ᠨᠢᠮᠪᠠᠶ ᠪᠠᠶᠢᠴᠠᠭᠠᠨ ᠦᠵᠡᠵᠦ᠂ ᠺᠠᠳ᠋ᠷ ᠴᠠᠭᠳᠠᠭ᠎ᠠ ᠶᠢᠨ ᠰᠤᠷᠤᠯᠴᠠᠭᠰᠠᠨ | ᠲᠡᠮᠳᠡᠭᠯᠡᠯ ᠢ ᠲᠤᠬᠠᠶ ᠶᠢᠨ ᠭᠠᠵᠠᠷ ᠲᠤᠨᠢ ᠰᠣᠩᠭᠤᠨ ᠪᠠᠶᠢᠴᠠᠭᠠᠵᠤ᠂ ᠡᠬᠡ ᠳᠠᠩᠰᠠ ᠶᠢ ᠰᠢᠯᠵᠢᠭᠦᠯᠦᠨ ᠦᠵᠡᠵᠦ᠂ | ᠲᠣᠮᠢᠯᠠᠭᠰᠠᠨ ᠰᠠᠯᠪᠤᠷᠢ ᠶᠢᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ | ᠠᠵᠢᠯ ᠢ ᠨᠠᠷᠢᠨ ᠬᠢᠨᠠᠮᠠᠭᠠᠶ ᠣᠶᠢᠯᠠᠭᠠᠪᠠ᠃ ᠲᠡᠷᠡ ᠵᠢᠭᠠᠵᠤ ᠭᠠᠷᠭᠠᠭᠰᠠᠨ ᠨᠢ᠂ ᠤᠯᠤᠰ ᠲᠥᠷᠥ ᠬᠠᠤᠯᠢ | ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠥᠷᠨᠢᠭᠦᠯᠬᠦ ᠪᠣᠯ ᠨᠠᠮ ᠤᠨ ᠲᠥᠪ ᠬᠤᠷᠢᠶᠠᠨ ᠠᠴᠠ | ᠭᠠᠷᠭᠠᠭᠰᠠᠨ ᠨᠢᠭᠡᠨ ᠴᠢᠬᠤᠯᠠ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠮᠥᠨ᠂ ᠪᠦᠬᠦ ᠲᠠᠯ᠎ᠠ ᠪᠠᠷ ᠨᠠᠮ ᠢ | ᠴᠢᠩᠭ᠎ᠠ ᠬᠠᠮᠢᠶᠠᠷᠴᠤ ᠴᠠᠭᠳᠠᠭ᠎ᠠ ᠶᠢ ᠴᠢᠩᠭ᠎ᠠ ᠵᠠᠰᠠᠬᠤ ᠶᠢ ᠪᠠᠷᠢᠮᠲᠠᠯᠠᠨ᠂ ᠠᠷᠠᠳ ᠣᠯᠠᠨ ᠤ ᠰᠢᠨ᠎ᠡ ᠬᠦᠰᠡᠯ | ᠡᠷᠡᠮᠡᠯᠵᠡᠯ ᠳᠤ ᠨᠡᠩ ᠰᠠᠶᠢᠨ ᠬᠠᠷᠢᠭᠤᠯᠲᠠ ᠥᠭᠴᠦ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠰᠢᠨ᠎ᠡ | ᠳᠦᠷᠢ ᠲᠥᠷᠬᠦ ᠶᠢ ᠪᠤᠶ ᠪᠣᠯᠭᠠᠬᠤ ᠶᠢᠨ ᠵᠠᠶᠢᠯᠠᠰᠢ ᠦᠭᠡᠶ ᠱᠠᠭᠠᠷᠳᠠᠯᠭ᠎ᠠ ᠮᠥᠨ᠃ ᠪᠦᠬᠦ ᠰᠢᠶᠠᠨ ᠤ ᠤᠯᠤᠰ ᠲᠦᠷᠦ | ᠬᠠᠤᠯᠢ ᠴᠠᠭᠠᠵᠠ ᠶᠢᠨ ᠰᠢᠰᠲ᠋ᠧᠮ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ | ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠰᠤᠷᠭᠠᠨ ᠬᠥᠮᠦᠵᠢᠭᠦᠯᠵᠦ ᠴᠡᠭᠴᠡᠯᠡᠬᠦ ᠶᠢ ᠨᠡᠶᠢᠭᠡᠮ ᠤᠨ | ᠲᠣᠭᠲᠠᠭᠤᠨ ᠢ ᠬᠠᠮᠠᠭᠠᠯᠠᠬᠤ᠂ ᠵᠥᠷᠢᠴᠡᠯ ᠢ ᠨᠠᠮᠳᠠᠭᠤᠯᠬᠤ ᠶᠢ ᠠᠬᠢᠭᠤᠯᠬᠤ᠂ ᠬᠠᠤᠯᠢᠵᠢᠯ ᠡᠵᠡᠩᠨᠡᠯᠲᠡ ᠶᠢᠨ ᠣᠷᠴᠢᠨ | ᠲᠣᠭᠤᠷᠢᠨ ᠢ ᠰᠢᠯᠢᠳᠡᠭᠵᠢᠭᠦᠯᠬᠦ᠂ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠬᠦ ᠵᠡᠷᠭᠡ ᠠᠵᠢᠯ ᠲᠠᠢ | ᠣᠷᠭᠠᠨᠢᠭ ᠢᠶᠠᠷ ᠤᠶᠠᠯᠳᠤᠭᠤᠯᠵᠤ᠂ ᠡᠯ᠎ᠡ ᠲᠦᠷᠦᠯ ᠤᠨ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠴᠡᠭᠴᠡᠯᠡᠬᠦ | ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠶᠡᠷᠦᠩᠬᠡᠶᠢᠯᠡᠭᠰᠡᠨ ᠦᠢᠯᠡᠳᠦᠯ ᠢ ᠦᠨᠡᠨᠬᠦ | ᠪᠦᠷᠢᠯᠳᠦᠭᠦᠯᠬᠦ ᠪᠠ ᠥᠷᠭᠡᠳᠬᠡᠬᠦ ᠬᠡᠷᠡᠭᠲᠡᠢ ᠭᠡᠪᠡ᠃ | ᠯᠢ ᠴᠦᠨ ᠶᠠᠨ ᠴᠢᠬᠤᠯᠠᠴᠢᠯᠠᠭᠰᠠᠨ ᠨᠢ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ | ᠴᠡᠭᠴᠡᠯᠡᠯᠲᠡ ᠶᠢᠨ ᠠᠵᠢᠯ ᠢ ᠥᠷᠨᠢᠭᠦᠯᠬᠦ ᠲᠤᠬᠠᠢ ᠲᠥᠪ ᠤᠨ ᠶᠡᠷᠦᠩᠬᠡᠢ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ | ᠭᠦᠨᠵᠡᠭᠡᠢ ᠲᠤᠤᠱᠯᠠᠭᠤᠯᠵᠤ᠂ ᠤᠯᠤᠰ ᠲᠦᠷᠦ ᠶᠢᠨ ᠦᠨᠡᠨᠴᠢ ᠰᠢᠳᠤᠷᠭᠤ ᠶᠢ ᠪᠠᠲᠤᠳᠬᠠᠬᠤ᠂ ᠤᠯᠠᠨ ᠢ | ᠲᠦᠢᠪᠡᠭᠡᠭᠰᠡᠳ ᠢ ᠠᠷᠢᠯᠭᠠᠬᠤ᠂ ᠬᠡᠮ ᠠᠷᠬᠠᠭ ᠢ ᠴᠡᠭᠴᠡᠯᠡᠨ ᠵᠠᠰᠠᠬᠤ᠂ ᠪᠠᠭᠠᠲᠤᠷ ᠵᠢᠱᠢᠶᠡᠴᠢ ᠶᠢᠨ ᠵᠣᠷᠢᠭ | ᠰᠠᠨᠠᠭ᠎ᠠ ᠶᠢ ᠪᠠᠳᠠᠷᠠᠭᠤᠯᠬᠤ ︽ᠲᠦᠷᠪᠡᠨ ᠵᠦᠢᠯ ᠤᠨ ᠡᠭᠦᠷᠭᠡ︾ ᠶᠢ ᠲᠥᠪᠯᠡᠷᠡᠭᠦᠯᠦᠨ ᠬᠦᠴᠦᠯᠡᠵᠦ᠂ ᠰᠤᠷᠤᠯᠴᠠᠯᠭ᠎ᠠ | ᠬᠥᠮᠦᠵᠢᠯ ᠢ ᠪᠣᠳᠠᠲᠠᠢ ᠪᠥᠭᠡᠳ ᠨᠠᠷᠢᠨ ᠠᠳᠬᠤᠵᠤ᠂ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠵᠤ᠂ ᠡᠯ᠎ᠡ | ᠭᠤᠭᠴᠤᠭ᠎ᠠ ᠶᠢᠨ ᠠᠵᠢᠯ ᠢ ᠳ᠋ᠦᠩᠨᠡᠨ ᠳᠡᠭᠡᠭᠰᠢᠯᠡᠭᠦᠯᠬᠦ ᠬᠡᠷᠡᠭᠲᠡᠢ᠃ ᠳᠠᠯᠳᠠᠭᠤᠷ ᠰᠤᠷᠪᠤᠯᠵᠢᠯᠠᠵᠤ ᠬᠢᠨᠠᠨ | ᠵᠢᠯᠣᠭᠤᠳᠬᠤ ᠪᠠᠷ ᠳᠡᠮᠵᠢᠨ ᠣᠯᠵᠤ ᠮᠡᠳᠡᠭᠰᠡᠨ ᠲᠠᠩᠰᠠ ᠡᠪᠬᠡᠮᠡᠯ ᠤᠨ ᠮᠠᠲ᠋ᠧᠷᠢᠶᠠᠯ ᠨᠢ ᠪᠦᠷᠢᠨ ᠲᠡᠭᠦᠯᠳᠡᠷ ᠪᠢᠰᠢ᠂ | ᠰᠤᠷᠤᠯᠴᠠᠯᠭ᠎ᠠ ᠶᠢᠨ ᠲᠡᠮᠳᠡᠭᠯᠡᠯ ᠨᠢ ᠪᠦᠷᠢᠨ ᠲᠡᠭᠦᠯᠳᠡᠷ ᠪᠢᠰᠢ᠂ ᠰᠤᠷᠤᠯᠴᠠᠯᠭ᠎ᠠ ᠬᠥᠮᠦᠵᠢᠯ ᠤᠨ ᠠᠵᠢᠯ ᠢ | ᠪᠦᠲᠦᠭᠡᠯᠴᠢ ᠪᠠᠷ ᠥᠷᠨᠢᠭᠦᠯᠬᠦ ᠨᠢ ᠲᠡᠶᠢᠮᠦ ᠪᠠᠶᠠᠯᠢᠭ ᠪᠢᠰᠢ ᠵᠡᠷᠭᠡ ᠠᠰᠠᠭᠤᠳᠠᠯ ᠢ ᠨᠠᠷᠢᠨ ᠬᠢᠨᠠᠮᠠᠭᠠᠶ ᠲᠤᠩᠭᠠᠨ | ᠪᠣᠳᠣᠯᠬᠢᠯᠠᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠶᠣᠰᠣᠭᠠᠷ ᠦᠳᠲᠡᠷ ᠲᠦᠷᠭᠡᠨ ᠴᠡᠭᠴᠡᠯᠡᠨ | ᠰᠠᠶᠢᠵᠢᠷᠠᠭᠤᠯᠵᠤ᠂ ᠰᠤᠷᠭᠠᠨ ᠬᠥᠮᠦᠵᠢᠭᠦᠯᠵᠦ ᠴᠡᠭᠴᠡᠯᠡᠬᠦ ᠠᠵᠢᠯ ᠤᠨ ᠲᠠᠰᠤᠷᠠᠯᠲᠠ ᠥᠬᠡᠶ ᠭᠦᠨᠵᠡᠭᠡᠶᠢᠷᠡᠨ | ᠪᠣᠳᠠᠲᠠᠶᠢᠵᠢᠬᠤ ᠶᠢ ᠦᠨᠡᠨ ᠬᠦ ᠳᠥᠯᠭᠢᠨ ᠠᠬᠢᠭᠤᠯᠬᠤ ᠬᠡᠷᠡᠭᠲᠡᠶ ᠭᠡᠵᠡᠢ᠃ | ᠯᠢ ᠴᠦᠨ ᠶᠠᠨ ᠴᠢᠬᠤᠯᠠᠴᠢᠯᠠᠭᠰᠠᠨ ᠨᠢ᠂ ᠪᠥᠬᠦ ᠰᠢᠶᠠᠨ ᠤ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ | ᠺᠠᠳ᠋ᠷ ᠴᠠᠭᠳᠠᠭ᠎ᠠ ᠨᠠᠷ ᠰᠢ ᠶᠢᠨ ᠫᠢᠩ ᠶᠡᠷᠦᠩᠬᠡᠶ ᠱᠦᠵᠢ ᠶᠢᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠵᠢᠭᠠᠪᠤᠷᠢ ᠪᠠ ᠰᠤᠷᠭᠠᠯ ᠤᠨ ᠵᠣᠷᠢᠭ ᠰᠠᠨᠠᠭ᠎ᠠ ᠶᠢ ᠭᠦᠨᠵᠡᠭᠡᠶ | ᠰᠤᠷᠤᠯᠴᠠᠨ ᠲᠤᠤᠱᠯᠠᠭᠤᠯᠵᠤ᠂ ᠪᠥᠬᠦ ᠤᠯᠤᠰ᠂ ᠪᠥᠬᠦ ᠣᠷᠣᠨ᠂ ᠪᠥᠬᠦ ᠬᠤᠲᠠ ᠶᠢᠨ ᠤᠯᠤᠰ ᠲᠥᠷᠥ ᠬᠠᠤᠯᠢ | ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠠᠵᠢᠯ ᠤᠨ ᠰᠢᠢᠳᠪᠦᠷᠢᠳᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ᠂ | ᠴᠢᠩᠭ᠎ᠠ ᠴᠢᠩᠭ᠎ᠠ ᠤᠯᠤᠰ ᠲᠥᠷᠥ ᠶᠢᠨ ᠬᠠᠷᠢᠭᠤᠴᠠᠯᠭ᠎ᠠ ᠪᠠᠷ ᠬᠥᠮᠦᠵᠢᠯ ᠴᠡᠭᠴᠡᠯᠡᠯᠲᠡ ᠶᠢᠨ ᠡᠭᠦᠷᠭᠡ ᠶᠢ ᠥᠨᠳᠥᠷ | ᠪᠠᠷᠢᠮᠵᠢᠶ᠎ᠠ ᠪᠠᠷ᠂ ᠴᠢᠨᠠᠷ ᠰᠠᠶᠢᠲᠠᠶ ᠪᠡᠶᠡᠯᠡᠭᠦᠯᠬᠦ ᠬᠡᠷᠡᠭᠲᠡᠶ᠃ ᠬᠡᠯᠪᠡᠷᠢ ᠶᠢᠨ ᠦᠵᠡᠯ ᠢ ᠡᠷᠡᠰ ᠡᠰᠡᠷᠭᠦᠴᠡᠵᠦ᠂ | ᠠᠵᠢᠯ ᠢᠶᠠᠨ ᠦᠨᠡᠨ ᠬᠦ ᠬᠢᠵᠦ᠂ ᠦᠵᠡᠯ ᠰᠠᠨᠠᠭ᠎ᠠ ᠪᠠᠨ ᠦᠨᠡᠨ ᠬᠦ ᠣᠷᠣᠭᠤᠯᠵᠤ᠂ ᠠᠰᠠᠭᠤᠳᠠᠯ ᠢ ᠤᠶᠠᠯᠳᠤᠭᠤᠯᠵᠤ᠂ | ᠴᠡᠭᠴᠡᠯᠡᠯᠲᠡ ᠶᠢᠨ ᠳᠤᠮᠳᠠ ᠦᠨᠡᠨ ᠬᠦ ᠬᠥᠮᠦᠵᠢᠯ ᠬᠦᠷᠳᠡᠵᠤ᠂ ᠦᠷ᠎ᠡ ᠪᠦᠲᠦᠭᠡᠯ ᠢᠶᠠᠨ ᠠᠷᠠᠳ ᠤᠨ ᠲᠥᠯᠥᠭᠡ | ᠪᠣᠳᠠᠲᠤ ᠶᠠᠪᠤᠳᠠᠯ ᠬᠢᠬᠦ ᠳᠡᠭᠡᠷ᠎ᠡ ᠬᠤᠪᠢᠷᠠᠭᠤᠯᠵᠤ᠂ ᠤᠯᠠᠨ ᠲᠦᠮᠡᠨ ᠤ ᠳᠡᠷᠭᠡᠳᠡᠬᠢ ᠪᠤᠬᠢᠨᠢᠳᠤᠯ ᠲᠠᠢ ᠶᠠᠪᠤᠳᠠᠯ᠂ | ᠰᠠᠨᠠᠭᠠᠰᠢᠷᠠᠯ ᠲᠠᠢ ᠶᠠᠪᠤᠳᠠᠯ ᠢ ᠬᠦᠴᠦᠯᠡᠨ ᠰᠢᠢᠳᠪᠦᠷᠢᠯᠡᠵᠦ᠂ ᠤᠯᠠᠨ ᠲᠦᠮᠡᠨ ᠢ ᠦᠨᠡᠨ ᠪᠣᠳᠠᠲᠠᠶ ᠠᠮᠤᠷ | ᠲᠦᠪᠰᠢᠨ ᠤ ᠲᠦᠷᠦᠭᠳᠡᠯ᠂ ᠬᠦᠷᠲᠡᠮᠵᠢ ᠶᠢᠨ ᠲᠦᠷᠦᠭᠳᠡᠯ ᠲᠠᠢ ᠪᠣᠯᠭᠠᠬᠤ ᠬᠡᠷᠡᠭᠲᠡᠶ ᠭᠡᠪᠡ᠃ | ᠯᠢ ᠴᠦᠨ ᠶᠠᠨ ᠴᠢᠬᠤᠯᠠᠴᠢᠯᠠᠭᠰᠠᠨ ᠨᠢ᠂ ᠣᠳᠣᠬᠠᠨ ᠳᠤ ᠰᠤᠷᠭᠠᠨ ᠬᠥᠮᠦᠵᠢᠯ ᠤᠨ ᠴᠡᠭᠴᠡᠯᠡᠯᠲᠡ ᠶᠠᠭ | ᠰᠠᠶᠢᠬᠠᠨ ᠰᠤᠷᠤᠯᠴᠠᠯᠭ᠎ᠠ ᠬᠥᠮᠦᠵᠢᠯ ᠤᠨ ᠱᠠᠲᠤᠨ ᠳᠤ ᠣᠷᠣᠰᠢᠵᠤ ᠪᠠᠶᠢᠨ᠎ᠠ᠂ ᠰᠤᠷᠤᠯᠴᠠᠯᠭ᠎ᠠ ᠶᠢᠨ ᠡᠭᠦᠷᠭᠡ ᠶᠢ | ᠭᠤᠣᠯᠳᠠᠯᠭ᠎ᠠ ᠲᠠᠢ ᠳᠣᠪᠤᠶᠢᠯᠭᠠᠵᠤ᠂ ᠲᠣᠭᠲᠠᠭᠠᠭᠰᠠᠨ ᠵᠦᠢᠯ ᠵᠤᠷᠪᠤᠰ ᠤᠳ ᠴᠥᠭᠡᠨ ᠪᠤᠰᠤ᠂ ᠲᠣᠭᠲᠠᠭᠠᠭᠰᠠᠨ | ᠵᠦᠢᠯ ᠵᠤᠷᠪᠤᠰ ᠤᠳ ᠨᠢᠭᠡ ᠶᠢ ᠴᠦ ᠳᠤᠲᠠᠭᠳᠠᠭᠤᠯᠬᠤ ᠦᠭᠡᠶ᠂ ᠣᠷᠣᠯᠴᠠᠭᠰᠠᠨ ᠬᠥᠮᠦᠰ ᠢ ᠪᠦᠬᠦᠨ ᠢ ᠬᠠᠮᠤᠷᠬᠤ | ᠬᠡᠷᠡᠭᠲᠡᠶ᠃ ᠬᠥᠮᠦᠵᠢᠯ ᠴᠡᠭᠴᠡᠯᠡᠯᠲᠡ ᠶᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠠᠢ | ᠣᠷᠭᠠᠨᠢᠭ ᠢᠶᠠᠷ ᠤᠶᠠᠯᠳᠤᠭᠤᠯᠵᠤ᠂ ᠲᠡᠦᠬᠡ ᠶᠢ ᠰᠤᠷᠤᠯᠴᠠᠵᠤ ᠶᠣᠰᠣ ᠤᠴᠢᠷ ᠢ ᠣᠶᠢᠯᠠᠭᠠᠬᠤ᠂ ᠲᠡᠦᠬᠡ ᠶᠢ | ᠰᠤᠷᠤᠯᠴᠠᠵᠤ ᠢᠲᠡᠭᠡᠯ ᠢ ᠨᠡᠮᠡᠭᠳᠡᠭᠦᠯᠬᠦ᠂ ᠲᠡᠦᠬᠡ ᠶᠢ ᠰᠤᠷᠤᠯᠴᠠᠵᠤ ᠶᠣᠰᠣ ᠰᠤᠷᠲᠠᠬᠤᠨ ᠢ ᠡᠷᠬᠢᠮᠯᠡᠬᠦ᠂ ᠲᠡᠦᠬᠡ ᠶᠢ | ᠰᠤᠷᠤᠯᠴᠠᠵᠤ ᠦᠢᠯᠡᠳᠦᠯᠭᠡᠵᠢᠭᠦᠯᠬᠦ ᠪᠠᠷ ᠬᠦᠴᠦᠯᠡᠨ ᠴᠢᠷᠮᠠᠶᠢᠵᠤ᠂ ᠦᠨᠡᠨᠴᠢ ᠰᠢᠳᠤᠷᠭᠤ ᠠᠷᠢᠭᠤᠨ ᠴᠡᠪᠡᠷ | ᠨᠠᠶᠢᠳᠠᠪᠤᠷᠢᠲᠠᠢ ᠪᠠᠶᠢᠬᠤ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠰᠣᠷᠣᠭᠰᠠᠨ ᠢᠶᠠᠨ ᠬᠡᠷᠡᠭᠯᠡᠬᠦ ᠶᠢ | ᠪᠠᠷᠢᠮᠲᠠᠯᠠᠵᠤ᠂ ᠪᠣᠳᠠᠲᠤ ᠶᠠᠪᠤᠳᠠᠯ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠤᠨ ᠲᠥᠪ ᠭᠤᠣᠯᠴᠢ | ᠰᠢᠳᠤᠷᠭᠤ ᠶᠣᠰᠣ ᠶᠢ ᠠᠬᠢᠭᠤᠯᠬᠤ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠢ ᠬᠠᠮᠠᠭᠠᠯᠠᠬᠤ | ᠰᠢᠳᠤᠷᠭᠤ ᠬᠠᠮᠠᠭᠠᠯᠠᠭᠴᠢ ᠪᠣᠯᠬᠤ ᠶᠢ ᠦᠨᠡᠨ ᠬᠦ ᠰᠠᠶᠢᠲᠤᠷ ᠪᠠᠲᠤᠯᠠᠵᠤ᠂ ᠨᠠᠮ ᠪᠠ ᠠᠷᠠᠳ ᠲᠦᠮᠡᠨ ᠳᠤ ᠬᠢᠷᠢ | ᠲᠡᠩᠴᠡᠭᠰᠡᠨ ᠰᠢᠯᠭᠠᠯᠲᠠ ᠶᠢᠨ ᠬᠠᠭᠤᠳᠠᠰᠤ ᠲᠤᠰᠢᠶᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠪᠡ᠃ | |