ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2021/4/6
      3 ᠳ᠋ᠤᠭᠠᠷ ᠰᠠᠷ᠎ᠠ ᠶᠢᠨ 25 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠂ ︽ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠶ  ᠰᠢᠢᠳᠪᠦᠷᠢᠯᠡᠬᠦ︾᠂ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ᠂ ᠸᠠᠺᠼᠢᠨ ᠤ ᠲᠠᠷᠢᠯᠭ᠎ᠠ᠂ ᠭᠤᠤᠯᠳᠠᠯᠭ᠎ᠠ ᠲᠠᠢ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ᠂ ᠠᠵᠤ ᠠᠬᠤᠶ ᠶᠢᠨ ᠠᠵᠢᠯᠯᠠᠭᠠᠨ ᠤ ᠲᠣᠬᠢᠷᠠᠭᠤᠯᠤᠯᠲᠠ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ᠂ ᠦᠨᠳᠦᠰᠦᠲᠡᠨ ᠤ ᠪᠦᠯᠬᠦᠮᠳᠡᠯ᠂ ᠠᠶᠤᠯᠭᠦᠶ ᠦᠶ᠋ᠯᠡᠳᠪᠦᠷᠢᠯᠡᠯ᠂ ᠰᠠᠬᠢᠯᠭ᠎ᠠ ᠪᠠᠲᠤ ᠰᠤᠷᠲᠠᠯ ᠤᠨ ᠪᠠᠶᠢᠭᠤᠯᠤᠯᠲᠠ ᠵᠡᠷᠭᠡ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠢ ᠳᠠᠬᠢᠨ ᠲᠣᠬᠢᠷᠠᠭᠤᠯᠵᠤ ᠳᠠᠬᠢᠨ ᠪᠠᠶᠢᠷᠢᠯᠠᠭᠤᠯᠪᠠ᠃ ᠰᠢᠶᠠᠨ ᠤ ᠤᠳᠤᠷᠢᠳᠤᠯᠭ᠎ᠠ ᠯᠢᠦ ᠵᠢᠢ ᠶᠢᠩ᠂ ᠸᠧᠢ ᠰᠢᠶᠤᠤ ᠳ᠋ᠦᠩ᠂ ᠱᠢ ᠯᠢ ᠵᠢᠶᠦ᠋ᠨ᠂ ᠯᠦ ᠢᠦᠢ ᠵᠦᠩ᠂ ᠷᠧᠨ ᠷᠦᠢ᠂ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠠᠴᠠ᠂ ᠰᠢ ᠶᠢᠨ ᠫᠢᠩ ᠶᠡᠷᠦᠩᠬᠡᠢ ᠱᠦᠵᠢ ᠶᠢᠨ ᠲᠥᠪ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠠᠶᠢᠴᠢᠯᠠᠯᠳᠠ ᠶᠢᠨ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠨᠠᠷᠢᠨ ᠨᠢᠮᠪᠠᠢ ᠵᠣᠬᠢᠶᠠᠨ ᠪᠠᠶᠢᠭᠤᠯᠤᠨ ᠰᠠᠶᠢᠲᠤᠷ ᠥᠷᠨᠢᠭᠦᠯᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠲᠡᠦᠬᠡ ᠰᠤᠷᠴᠤ ᠶᠣᠰᠣ ᠤᠴᠢᠷ ᠢ ᠣᠶᠢᠯᠠᠭᠠᠬᠤ᠂ ᠲᠡᠦᠬᠡ ᠰᠤᠷᠴᠤ ᠢᠲᠡᠭᠡᠯᠴᠡᠭᠡ ᠪᠠᠨ ᠨᠡᠮᠡᠭᠳᠡᠭᠦᠯᠬᠦ᠂ ᠲᠡᠦᠬᠡ ᠰᠤᠷᠴᠤ ᠶᠣᠰᠣ ᠰᠤᠷᠲᠠᠬᠤᠨ ᠢ ᠡᠷᠬᠢᠮᠯᠡᠬᠦ᠂ ᠲᠡᠦᠬᠡ ᠰᠤᠷᠴᠤ ᠦᠢᠯᠡᠳᠦᠯᠭᠡᠵᠢᠭᠦᠯᠬᠦ ᠶᠢ ᠬᠦᠳᠦᠯᠥᠨ ᠳᠠᠭᠠᠭᠤᠯᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠰᠢᠨ᠎ᠡ ᠪᠠᠶᠢᠳᠠᠯ᠂ ᠰᠢᠨ᠎ᠡ ᠡᠭᠦᠷᠭᠡ᠂ ᠰᠢᠨ᠎ᠡ ᠱᠠᠭᠠᠷᠳᠠᠯᠭ᠎ᠠ ᠶᠢ ᠪᠠᠲᠤ ᠡᠵᠡᠮᠳᠡᠵᠦ᠂ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ︽ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠢ ᠰᠢᠢᠳᠪᠦᠷᠢᠯᠡᠬᠦ︾ ᠠᠵᠢᠯ ᠢ ᠡᠷᠡᠰ ᠰᠠᠶᠢᠲᠤᠷ ᠠᠳᠬᠤᠵᠤ᠂ ᠲᠤᠬᠢᠷᠠᠭᠤᠯᠭ᠎ᠠ ᠶᠢᠨ ᠲᠥᠪ ᠤᠨ ᠬᠤᠪᠢᠶᠠᠷᠢᠯᠠᠭᠰᠠᠨ ᠬᠡᠷᠡᠭ ᠶᠠᠪᠤᠳᠠᠯ ᠢ ᠴᠠᠭ ᠲᠤᠬᠠᠢ ᠳᠤᠨᠢ᠂ ᠥᠨᠳᠥᠷ ᠪᠦᠲᠦᠮᠵᠢᠲᠡᠢ ᠰᠢᠢᠳᠪᠦᠷᠢᠯᠡᠵᠦ᠂ ᠪᠦᠬᠦ ᠰᠢᠶᠠᠨ ᠤ ᠠᠵᠢᠯ ᠤᠨ ᠬᠠᠭᠤᠳᠠᠰᠤ ᠶᠢᠨ ᠴᠤᠤᠷᠢᠶᠠᠲᠤᠬᠤ ᠨᠤᠷᠮ᠎ᠠ᠂ ᠰᠢᠢᠳᠪᠦᠷᠢᠯᠡᠵᠦ ᠳᠠᠭᠤᠰᠬᠠᠬᠤ ᠨᠤᠷᠮ᠎ᠠ᠂ ᠬᠠᠨᠤᠮᠵᠢ ᠶᠢᠨ ᠨᠤᠷᠮ᠎ᠠ ᠶᠢ ᠪᠠᠲᠤᠯᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ︽ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠢ ᠰᠢᠢᠳᠪᠦᠷᠢᠯᠡᠬᠦ︾ ᠶᠢ ᠴᠢᠨᠠᠷ ᠰᠠᠶᠢᠲᠠᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠪᠡ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠠᠵᠢᠯ ᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠰᠠᠶᠢᠲᠤᠷ ᠪᠠᠶᠢᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠲᠣᠭᠤᠷᠢᠨ ᠪᠠᠶᠢᠴᠠᠭᠠᠵᠤ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ ᠡᠰᠢ ᠰᠦᠷᠡᠯ ᠰᠢᠲᠠᠭᠠᠬᠤ ᠶᠢ ᠴᠠᠭᠠᠵᠠᠯᠠᠬᠤ ᠤᠬᠠᠭᠤᠯᠭ᠎ᠠ ᠶᠢᠨ ᠠᠵᠢᠯ ᠢ ᠥᠷᠭᠡᠨ ᠢᠶᠠᠷ ᠥᠷᠨᠢᠭᠦᠯᠵᠦ᠂ ᠡᠯ᠎ᠡ ᠵᠦᠢᠯ ᠤᠨ ᠤᠬᠠᠭᠤᠯᠭ᠎ᠠ  ᠶᠢᠨ ᠠᠷᠭ᠎ᠠ ᠪᠠᠷᠢᠯ ᠢ ᠭᠦᠢᠴᠡᠳ ᠠᠰᠢᠭᠯᠠᠨ᠂ ᠲᠣᠰᠬᠤᠨ ᠤ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠡᠰᠢ ᠰᠦᠷᠡᠯ ᠤᠨ ᠡᠬᠢ ᠪᠠᠶᠠᠯᠢᠭ ᠢ ᠤᠬᠠᠮᠰᠠᠷ ᠠᠴᠠ ᠪᠠᠨ ᠵᠦᠢ ᠵᠣᠬᠢᠰᠲᠠᠶ ᠠᠰᠢᠭᠯᠠᠭᠤᠯᠬᠤ ᠬᠡᠷᠡᠭᠲᠡᠶ᠃ ᠰᠢᠨ᠎ᠡ ᠬᠥᠭᠵᠢᠯᠲᠡ ᠶᠢᠨ ᠱᠠᠲᠤᠨ ᠳᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠪᠦᠬᠦ ᠰᠢᠶᠠᠨ ᠤ ᠬᠦᠴᠦᠨ ᠢ ᠲᠠᠶᠢᠴᠢᠯᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ᠃ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠠᠷᠢᠯᠭ᠎ᠠ ᠶᠢᠨ ᠴᠡᠭ᠂ ᠰᠢᠶᠠᠩ ᠪᠠᠯᠭᠠᠰᠤ ᠂ ᠰᠠᠯᠠᠭ᠎ᠠ ᠮᠥᠴᠢᠷ ᠤᠨ ᠠᠵᠢᠯ ᠲᠥᠷᠥᠯ ᠤᠨ ᠸᠠᠺᠼᠢᠨ ᠤ ᠲᠠᠷᠢᠯᠭ᠎ᠠ ᠶᠢᠨ ᠠᠵᠢᠯ ᠢ ᠤᠯᠠᠮ ᠨᠢᠭᠡ ᠠᠯᠬᠤᠮ ᠨᠠᠷᠢᠯᠢᠬᠵᠢᠭᠤᠯᠵᠤ᠂ ᠤᠬᠠᠭᠤᠯᠵᠤ ᠬᠥᠲᠥᠯᠦᠨ ᠵᠢᠯᠣᠭᠤᠳᠬᠤ᠂ ᠪᠠᠶᠢᠳᠠᠯ ᠢ ᠤᠶᠢᠯᠠᠭᠠᠨ ᠳᠠᠶᠢᠴᠢᠯᠠᠬᠤ ᠠᠵᠢᠯ ᠢ ᠪᠣᠳᠠᠲᠠᠶ ᠪᠥᠭᠡᠳ ᠨᠠᠷᠢᠯᠢᠭ ᠠᠳᠬᠤᠵᠤ᠂ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ᠂ ᠪᠥᠬᠦ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠦᠨᠡᠨ ᠬᠦ ᠪᠠᠲᠤᠯᠠᠬᠤ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠶ᠃ ᠬᠠᠲᠤᠨ ᠭᠤᠣᠯ ᠳᠠᠭᠠᠤ ᠶᠢᠨ ᠠᠮᠢ ᠠᠬᠤᠢ ᠶᠢᠨ ᠬᠠᠮᠠᠭᠠᠯᠠᠯᠲᠠ ᠶᠢ ᠢᠮᠠᠭᠲᠠ ᠨᠡᠩ ᠳᠤᠪᠤᠶᠢᠮ᠎ᠠ ᠪᠠᠶᠢᠷᠢᠨ ᠳᠤ ᠲᠠᠯᠪᠢᠵᠤ᠂ ᠭᠤᠣᠯ ᠤᠨ ᠵᠠᠮ ᠢ ᠲᠣᠭᠤᠷᠢᠨ ᠪᠠᠶᠢᠴᠠᠭᠠᠬᠤ᠂ ᠪᠠᠶᠢᠩᠭᠤᠵᠢᠭᠤᠯᠬᠤ ᠰᠤᠳᠤᠯᠭᠠᠨ ᠢ ᠴᠢᠩᠭᠠᠳᠬᠠᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ ᠭᠤᠣᠯ ᠤᠨ ᠳᠠᠷᠤᠭ᠎ᠠ ᠶᠢᠨ ᠳᠦᠷᠢᠮ ᠤᠨ ᠬᠠᠮᠢᠶ᠎ᠠ ᠪᠦᠬᠦᠢ ᠠᠵᠢᠯ ᠢ ᠳᠤᠬᠢᠷᠠᠭᠤᠯᠵᠤ᠂ ᠪᠦᠬᠦ ᠰᠢᠶᠠᠨ ᠤ ᠠᠮᠢ ᠠᠬᠤᠢ ᠶᠢᠨ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠲᠡᠢ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠨᠠᠶᠢᠳᠠᠪᠤᠷᠢᠵᠢᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠵᠤ᠂ ︽ᠭᠤᠷᠪᠠ ᠶᠢ ᠰᠤᠷᠪᠤᠯᠵᠢᠯᠠᠬᠤ︾ ︽ᠭᠤᠷᠪᠠ ᠶᠢ ᠠᠰᠠᠭᠤᠬᠤ︾ ᠲᠠᠢ ᠤᠶᠠᠯᠳᠤᠭᠤᠯᠵᠤ᠂ ᠡᠭᠦᠷᠭᠡ ᠶᠢᠨ ᠵᠠᠳᠠᠯᠤᠯᠲᠠ ᠶᠢ ᠰᠠᠶᠢᠲᠤᠷ ᠬᠢᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠢᠮᠠᠭᠲᠠ ᠴᠢᠩᠭᠠᠷᠠᠭᠤᠯᠵᠤ᠂ ᠬᠤᠯᠪᠣᠭᠳᠠᠯ ᠪᠦᠬᠦᠢ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠪᠠᠷᠢᠯᠭ᠎ᠠ ᠶᠢᠨ ᠭᠠᠵᠠᠷ ᠤᠨ ᠠᠮᠤᠷ ᠲᠦᠪᠰᠢᠨ ᠤ ᠪᠠᠶᠢᠴᠠᠭᠠᠯᠲᠠ ᠶᠢ ᠴᠢᠩᠭᠠᠳᠬᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠪᠦᠲᠦᠮᠵᠢᠲᠡᠢ ᠬᠤᠷᠢᠭᠯᠠᠬᠤ ᠬᠡᠷᠡᠭᠲᠡᠢ᠃ ᠠᠵᠤ ᠠᠬᠤᠶ ᠶᠢᠨ ᠠᠵᠢᠯᠯᠠᠭᠠᠨ ᠤ ᠲᠣᠬᠢᠷᠠᠭᠤᠯᠤᠯᠲᠠ ᠶᠢ ᠰᠠᠢᠲᠤᠷ ᠠᠳᠬᠤᠵᠤ᠂ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠂ ᠪᠦᠬᠦ ᠵᠢᠯ ᠤᠨ ᠬᠠᠷᠠᠯᠲᠠ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠠᠵᠢᠯ ᠢᠶᠠᠨ ᠡᠬᠢᠯᠡᠭᠦᠯᠬᠦ ᠪᠠ ᠰᠡᠷᠭᠦᠭᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠶᠢ ᠰᠠᠶᠢᠲᠤᠷ ᠠᠳᠬᠤᠵᠤ᠂ ᠵᠣᠯᠭᠠᠭᠤᠯᠤᠨ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠴᠢᠬᠤᠯᠠᠴᠢᠯᠠᠨ᠎ᠠ᠃ ᠠᠵᠠ ᠵᠠᠪᠰᠢᠶᠠᠨ ᠢᠶᠠᠷ ᠮᠢᠨᠴᠦᠭᠦᠷᠡᠬᠦ ᠦᠵᠡᠯ ᠰᠠᠨᠠᠭ᠎ᠠ ᠶᠢ ᠡᠷᠡᠰ ᠲᠡᠪᠴᠢᠵᠦ᠂ ︽ᠬᠠᠩᠰᠢ︾ ᠶᠢᠨ ᠬᠤᠭᠤᠴᠠᠭᠠᠨ ᠳᠠᠬᠢ ᠤᠢ ᠰᠢᠭᠤᠢ ᠶᠢᠨ ᠲᠦᠢᠮᠡᠷ ᠢ ᠰᠡᠷᠭᠡᠶᠢᠯᠡᠬᠦ ᠠᠵᠢᠯ ᠢ ᠦᠨᠡᠨᠬᠦ ᠰᠠᠶᠢᠲᠤᠷ ᠬᠢᠵᠦ᠂ ᠪᠣᠯᠪᠠᠰᠤᠨ ᠳᠠᠬᠢᠯᠭ᠎ᠠ ᠶᠢᠨ ᠰᠢᠨ᠎ᠡ ᠰᠤᠷᠲᠠᠯ ᠢ ᠴᠢᠨᠠᠭᠰᠢᠳᠠ ᠰᠠᠨᠠᠭᠠᠴᠢᠯᠠᠵᠤ᠂ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠪᠤᠯᠬᠢ ᠳᠠᠳᠬᠠᠯ ᠠᠴᠠ ᠰᠠᠯᠭᠠᠵᠤ᠂ ᠰᠢᠯᠢᠳᠡᠭ ᠰᠣᠶᠣᠯ ᠤᠨ ᠤᠯᠠᠮᠵᠢᠯᠠᠭᠴᠢ᠂ ᠣᠷᠴᠢᠨ ᠲᠣᠭᠤᠷᠢᠨ ᠤ ᠵᠠᠰᠠᠯᠲᠠ ᠶᠢᠨ ᠣᠷᠣᠯᠴᠠᠭᠴᠢ ᠪᠣᠯᠬᠤ ᠪᠠᠷ ᠴᠢᠷᠮᠠᠶᠢᠬᠤ ᠬᠡᠷᠡᠭᠲᠡᠢ᠃      ᠬᠤᠷᠠᠯ ᠠᠴᠠ᠂ ᠰᠢ ᠶᠢᠨ ᠫᠢᠩ ᠶᠡᠷᠦᠩᠬᠡᠢ ᠱᠦᠵᠢ ᠶᠢᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠬᠥᠮᠦᠵᠢᠯ ᠴᠡᠭᠴᠡᠯᠡᠯᠲᠡ ᠶᠢ ᠴᠢᠨᠠᠷ ᠰᠠᠶᠢᠲᠠᠢ ᠥᠷᠨᠢᠭᠦᠯᠬᠦ᠂ ᠤᠯᠤᠰ ᠲᠦᠷᠦ ᠶᠢᠨ ᠠᠮᠢ ᠠᠬᠤᠢ ᠶᠢ ᠴᠢᠨᠠᠭᠰᠢᠳᠠ ᠰᠢᠯᠢᠳᠡᠭᠵᠢᠭᠦᠯᠬᠦ᠂ ᠰᠠᠬᠢᠯᠭ᠎ᠠ ᠪᠠᠲᠤ ᠣᠪᠣᠷ ᠰᠤᠷᠲᠠᠯ ᠢ ᠴᠢᠨᠠᠭᠰᠢᠳᠠ ᠰᠠᠶᠢᠵᠢᠷᠠᠭᠤᠯᠬᠤ᠂ ᠬᠡᠪ ᠪᠣᠯᠪᠠᠰᠤᠷᠠᠯ ᠴᠢᠳᠠᠪᠤᠷᠢ ᠶᠢ ᠴᠢᠨᠠᠭᠰᠢᠳᠠ ᠴᠢᠩᠭᠠᠳᠬᠠᠬᠤ ᠶᠢ ᠠᠬᠢᠭᠤᠯᠵᠤ᠂ ᠲᠤᠭ ᠢ ᠥᠨᠳᠥᠷ ᠮᠠᠨᠳᠤᠭᠤᠯᠬᠤ᠂ ᠨᠠᠮ ᠤᠨ ᠵᠢᠯᠤᠭᠤᠳᠤᠯᠭ᠎ᠠ ᠶᠢ ᠲᠠᠭᠠᠬᠤ᠂ ᠡᠭᠦᠷᠭᠡ ᠬᠠᠷᠢᠭᠤᠴᠠᠯᠭ᠎ᠠ ᠳᠠᠭᠠᠨ ᠦᠨᠡᠨᠴᠢ ᠰᠢᠳᠤᠷᠭᠤ ᠪᠠᠶᠢᠬᠤ ᠦᠵᠡᠯ ᠰᠠᠨᠠᠭᠠᠨ ᠤ ᠰᠠᠭᠤᠷᠢ ᠶᠢ ᠪᠠᠲᠤᠳᠬᠠᠬᠤ ᠬᠡᠷᠡᠭᠲᠡᠢ᠃ ᠰᠠᠬᠢᠯᠭ᠎ᠠ ᠪᠠᠲᠤ ᠶᠣᠰᠣ ᠲᠦᠷᠢᠮ ᠢ ᠴᠢᠩᠭ᠎ᠠ ᠰᠠᠬᠢᠵᠤ᠂ ︽ᠪᠢᠲᠡᠭᠦᠦ ᠴᠠᠭᠠᠷᠢᠭ ᠤᠨ ᠬᠠᠮᠢᠶᠠᠷᠤᠯᠲᠠ︾ ᠶᠢ ᠴᠢᠩᠭᠠᠳᠬᠠᠵᠤ᠂ ᠡᠯ᠎ᠡ ᠲᠦᠷᠦᠯ ᠤᠨ ᠠᠵᠢᠯ ᠢ ᠯᠠᠪᠳᠠᠭᠤᠨ ᠪᠠᠲᠤᠲᠠᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠦᠵᠡᠯ ᠰᠠᠨᠠᠭ᠎ᠠ ᠲᠠᠨᠢᠯᠲᠠ ᠪᠣᠯᠤᠨ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠴᠣᠭᠴᠠᠯᠠᠨ ᠪᠠᠶᠢᠭᠤᠯᠬᠤ ᠤᠬᠠᠭᠤᠯᠭ᠎ᠠ ᠬᠥᠮᠦᠵᠢᠯ ᠤᠨ ᠠᠵᠢᠯ ᠢ ᠰᠠᠶᠢᠲᠤᠷ ᠥᠷᠨᠢᠭᠦᠯᠵᠦ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠰᠢᠨ᠎ᠡ ᠬᠠᠭᠤᠳᠠᠰᠤ ᠶᠢ ᠬᠠᠮᠲᠤᠪᠠᠷ ᠪᠢᠴᠢᠭᠯᠡᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠬᠡᠷᠡᠭᠲᠡᠢ︕ ᠭᠡᠪᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1