ᠸᠠᠩ ᠯᠢ ᠰᠢᠶᠠ ᠪᠦᠬᠦ ᠬᠤᠳᠠ ᠶᠢᠨ ᠰᠠᠷ᠎ᠠ ᠶᠢᠨ ᠠᠵᠢᠯ ᠤᠨ ᠦᠨᠡᠯᠡᠯᠲᠡ ᠶᠢᠨ ᠬᠤᠷᠠᠯ ᠳᠡᠭᠡᠷ᠎ᠡ ᠴᠢᠬᠤᠯᠠᠴᠢᠯᠠᠭᠰᠠᠨ ᠨᠢ
ᠨᠡᠶᠢᠲᠡᠯᠡᠭᠰᠡᠨ ᠴᠠᠭ᠄
2021/4/7
      ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠬᠤ ᠲᠤᠯᠭᠠᠮ᠎ᠠ ᠰᠡᠳᠬᠢᠯᠭᠡ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠾᠧ ᠬᠠᠢ ᠳ᠋ᠦᠩ ᠪᠠᠢ ᠶᠦᠩ ᠫᠢᠩ ᠣᠷᠣᠯᠴᠠᠵᠠᠢ      3  ᠳ᠋ᠤᠭᠠᠷ ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠪᠦᠬᠦ ᠬᠤᠲᠠ ᠶᠢᠨ ᠰᠠᠷ᠎ᠠ ᠶᠢᠨ ᠠᠵᠢᠯ ᠤᠨ ᠦᠨᠡᠯᠡᠯᠲᠡ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠡᠰᠡᠭ ᠬᠤᠰᠢᠭᠤ ᠰᠢᠶᠠᠨ ᠲᠣᠭᠤᠷᠢᠭ ᠤᠨ ᠶᠡᠷᠦᠩᠬᠡᠶ ᠱᠦᠵᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠵᠡᠷᠭᠡ ᠭᠤᠤᠯᠳᠠᠯᠭ᠎ᠠ ᠲᠠᠢ ᠠᠵᠢᠯ ᠵᠢᠴᠢ ᠬᠡᠰᠡᠭ ᠰᠠᠯᠠᠭ᠎ᠠ ᠮᠥᠴᠢᠷ ᠤᠨ ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠶ ᠳᠤᠨᠢ ᠭᠦᠶ᠋ᠴᠡᠳᠬᠡᠬᠦ ᠵᠡᠷᠭᠡ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃       ᠬᠤᠷᠠᠯ ᠳᠡᠭᠡᠷ᠎ᠡ᠂ ᠲᠤᠭᠳᠠᠬᠤ ᠰᠢᠶᠠᠨ᠂ ᠰᠢᠨ᠎ᠡ ᠬᠤᠲᠠ ᠲᠣᠭᠤᠷᠢᠭ᠂ ᠢᠦᠶ ᠴᠢᠤᠸᠠᠨ ᠲᠣᠭᠤᠷᠢᠭ ᠤᠨ ᠬᠢᠨ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠢᠶᠠᠨ ᠤᠷᠢᠳ ᠬᠤᠵᠢᠳ ᠬᠠᠷᠢᠭᠤ ᠮᠡᠳᠡᠭᠦᠯᠵᠦ᠂ ᠸᠠᠩ ᠯᠢ ᠰᠢᠶᠠ ᠦᠨᠡᠯᠡᠯᠲᠡ ᠬᠢᠪᠠ︔ ᠬᠤᠲᠠ ᠶᠢᠨ ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠶ ᠭᠦᠢᠴᠡᠳᠭᠡᠬᠦ ᠵᠢᠯᠣᠭᠤᠳᠤᠨ ᠳᠣᠭᠢᠷᠠᠭᠤᠯᠬᠤ ᠲᠥᠪ ᠠᠴᠠ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠶ ᠭᠦᠢᠴᠡᠳᠭᠡᠬᠦ ᠠᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠳᠡᠵᠦ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠶ ᠳ᠋ᠦᠩ ᠦᠨᠡᠯᠡᠯᠲᠡ ᠬᠢᠵᠦ ᠱᠠᠭᠠᠷᠳᠠᠯᠭ᠎ᠠ ᠳᠤᠷᠠᠳᠴᠤ᠂ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠣᠪᠣᠷ ᠢᠶᠠᠨ ᠢᠯᠡᠳᠬᠡᠬᠦ ᠦᠭᠡ ᠬᠡᠯᠡᠪᠡ᠃       ᠸᠠᠩ ᠯᠢ ᠰᠢᠶᠠ ᠳ᠋ᠦᠩᠨᠡᠯᠲᠡ ᠶᠢᠨ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠰᠠᠶᠢᠲᠤᠷ ᠡᠬᠢᠯᠡᠭᠦᠯᠬᠦ᠂ ᠰᠠᠶᠢᠲᠤᠷ ᠡᠬᠢᠯᠡᠭᠦᠯᠬᠦ ᠶᠢ ᠠᠬᠢᠭᠤᠯᠬᠤ ᠦᠨᠳᠦᠰᠦᠨ ᠠᠵᠢᠯᠯᠠᠭ᠎ᠠ ᠶᠢᠨ ᠵᠢᠷᠤᠮᠯᠠᠯ ᠮᠥᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠴᠢᠨᠠᠭᠰᠢᠳᠠ ᠴᠢᠩᠭᠠᠳᠬᠠᠵᠤ᠂ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠨᠠᠷᠢᠨ ᠬᠢᠨᠠᠮᠠᠭᠠᠢ ᠰᠠᠶᠢᠲᠤᠷ ᠠᠳᠬᠤᠬᠤ ᠬᠡᠷᠡᠭᠲᠡᠢ ᠭᠡᠪᠡ᠃      ᠸᠠᠩ ᠯᠢ ᠰᠢᠶᠠ᠂ ᠣᠳᠣᠬᠠᠨ ᠳᠤ᠂ ᠠᠷᠪᠠᠨ ᠵᠦᠢᠯ ᠤᠨ ᠭᠤᠣᠯᠳᠠᠯᠭ᠎ᠠ ᠲᠠᠢ ᠠᠵᠢᠯ ᠢ ᠳᠤᠪᠤᠶᠢᠮ᠎ᠠ ᠰᠠᠶᠢᠲᠤᠷ ᠠᠳᠬᠤᠬᠤ ᠬᠡᠷᠡᠭᠲᠡᠢ᠄ ᠨᠢᠭᠡ ᠳᠤ᠂ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠵᠤ᠂ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠲᠡᠷᠬᠡᠢ ᠣᠶᠢᠯᠠᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ ᠬᠤᠶᠠᠷ ᠲᠤ᠂ ᠠᠰᠠᠭᠤᠳᠠᠯ ᠢ ᠴᠡᠭᠴᠡᠯᠡᠨ ᠥᠭᠡᠷᠡᠴᠢᠯᠡᠬᠦ ᠠᠵᠢᠯ ᠢ ᠰᠠᠶᠢᠲᠤᠷ ᠠᠳᠬᠤᠵᠤ᠂ ᠲᠦᠷᠭᠡᠨ ᠴᠡᠭᠴᠡᠯᠡᠵᠦ᠂ ᠲᠦᠷᠭᠡᠨ ᠥᠭᠡᠷᠡᠴᠢᠯᠡᠵᠦ᠂ ᠲᠦᠷᠭᠡᠨ ᠦᠷ᠎ᠡ ᠪᠦᠲᠦᠮᠵᠢ ᠭᠠᠷᠭᠠᠬᠤ ᠬᠡᠷᠡᠭᠲᠡᠶ᠃ ᠭᠤᠷᠪᠠ ᠳᠤ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠰᠠᠶᠢᠲᠤᠷ ᠠᠳᠬᠤᠵᠤ᠂ ᠬᠠᠨᠤᠮᠵᠢᠲᠠᠶ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠲᠦᠷᠪᠡ ᠳᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠰᠠᠶᠢᠲᠤᠷ ᠠᠳᠬᠤᠵᠤ᠂ ᠵᠣᠯᠭᠠᠭᠤᠯᠤᠨ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠶᠢ ᠴᠢᠬᠤᠯᠠᠴᠢᠯᠠᠬᠤ ᠬᠡᠷᠡᠭᠲᠡᠢ᠃ ᠲᠠᠪᠤ ᠳᠤ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠠᠵᠢᠯ ᠢᠶᠠᠨ ᠡᠬᠢᠯᠡᠭᠦᠯᠬᠦ ᠪᠠ ᠰᠡᠷᠭᠦᠭᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠵᠢᠷᠭᠤᠭ᠎ᠠ ᠳᠤ᠂ ᠠᠵᠤ ᠠᠬᠤᠶ ᠶᠢᠨ ᠠᠵᠢᠯᠯᠠᠭᠠᠨ ᠤ ᠲᠣᠬᠢᠷᠠᠭᠤᠯᠤᠯᠲᠠ ᠶᠢ ᠰᠠᠢᠲᠤᠷ ᠠᠳᠬᠤᠵᠤ᠂ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠂ ᠪᠦᠬᠦ ᠵᠢᠯ ᠤᠨ ᠬᠠᠷᠠᠯᠲᠠ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠲᠤᠯᠤᠭ᠎ᠠ ᠳᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠠᠵᠢᠯ ᠢ ᠰᠠᠶᠢᠲᠤᠷ ᠠᠳᠬᠤᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠵᠤ᠂ ᠵᠣᠷᠢᠭ ᠰᠢᠭᠤᠳᠤᠨ ᠤᠯᠠᠨ ᠲᠦᠮᠡᠨ ᠤ ︽ᠵᠢᠷᠦᠬᠡ ᠠᠭᠤᠰᠬᠢᠨ ᠤ ᠡᠪᠡᠳᠴᠢᠨ︾ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠨᠠᠢᠮᠠ ᠳᠤ᠂ ᠠᠷᠠᠳ ᠤᠨ ᠠᠮᠢᠳᠤᠷᠠᠯ ᠤᠨ ᠪᠣᠳᠠᠲᠠᠢ ᠶᠠᠪᠤᠳᠠᠯ ᠢ ᠰᠠᠶᠢᠲᠤᠷ ᠠᠳᠬᠤᠵᠤ᠂ ︽ᠭᠤᠷᠪᠠ ᠶᠢ ᠰᠤᠷᠪᠤᠯᠵᠢᠯᠠᠬᠤ︾ ︽ᠭᠤᠷᠪᠠ ᠶᠢ ᠠᠰᠠᠭᠤᠬᠤ︾ ᠶᠢ ᠤᠶᠠᠯᠳᠤᠭᠤᠯᠬᠤ ᠶᠢ ᠪᠠᠷᠢᠮᠲᠠᠯᠠᠵᠤ᠂ ᠬᠤᠳᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠨᠢᠭᠡᠪᠦᠷᠢ ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠬᠦ ᠠᠷᠭ᠎ᠠ ᠬᠡᠮᠵᠢᠶ᠎ᠡ ᠨᠦᠭᠦᠳ ᠢ ᠠᠪᠴᠤ᠂ ᠡᠯ᠎ᠡ ᠬᠤᠰᠢᠭᠤ ᠰᠢᠶᠠᠨ ᠲᠣᠭᠤᠷᠢᠭ᠂ ᠵᠡᠭᠡᠯᠢ ᠭᠤᠳᠤᠮᠵᠢ᠂ ᠰᠢᠶᠠᠩ ᠪᠠᠯᠭᠠᠰᠤ ︽ᠤᠯᠠᠨ ᠲᠦᠮᠡᠨ ᠤ ᠲᠥᠯᠥᠭᠡ ᠬᠠᠨᠤᠮᠵᠢ ᠦᠭᠡᠢ ᠪᠠᠭ᠎ᠠ ᠶᠠᠪᠤᠳᠠᠯ ᠢ ᠰᠢᠢᠳᠪᠦᠷᠢᠯᠡᠵᠦ ᠥᠭᠬᠦ︾ ᠶᠢ ᠲᠣᠳᠣᠷᠬᠠᠶᠢᠯᠠᠵᠤ᠂ ︽ᠨᠢᠭᠡᠳᠦᠭᠡᠷ ᠭᠠᠷ︾ ᠢᠯᠡ ᠪᠠᠷ ᠣᠪᠣᠷ ᠢᠶᠠᠨ ᠢᠯᠡᠳᠬᠡᠵᠦ᠂ ᠢᠯᠡ ᠪᠠᠷ ᠤᠯᠠᠨ ᠲᠠᠢ ᠠᠭᠤᠯᠵᠠᠵᠤ᠂ ᠢᠯᠡ ᠪᠠᠷ ᠠᠮᠠᠯᠳᠠᠬᠤ ᠬᠡᠷᠡᠭᠲᠡᠢ᠃ ᠶᠢᠰᠦ ᠳᠤ᠂ ᠦᠨᠳᠦᠰᠦᠲᠡᠨ ᠤ ᠪᠦᠯᠬᠦᠮᠳᠡᠯ ᠤᠨ ᠠᠵᠢᠯ ᠢ ᠰᠠᠶᠢᠲᠤᠷ ᠠᠳᠬᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠡᠷᠡᠰ ᠪᠠᠲᠤ ᠪᠤᠢ ᠪᠣᠯᠭᠠᠬᠤ ᠬᠡᠷᠡᠭᠲᠡᠢ᠃ ᠠᠷᠪᠠ ᠳᠤ᠂ ᠰᠠᠬᠢᠯᠭ᠎ᠠ ᠪᠠᠲᠤ ᠣᠪᠣᠷ ᠰᠤᠷᠲᠠᠯ ᠢ ᠰᠠᠶᠢᠲᠤᠷ ᠠᠳᠬᠤᠵᠤ᠂ ᠴᠢᠩᠭ᠎ᠠ ᠪᠠᠶᠢᠬᠤ ᠶᠢᠨ ᠭᠤᠣᠯ ᠬᠦᠭ ᠠᠶᠠᠰ ᠢ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠡᠴᠦᠰ ᠲᠤᠨᠢ ᠲᠤᠯᠲᠠᠯ᠎ᠠ ᠴᠢᠩᠳᠠᠯᠠᠵᠤ᠂ ︽ᠪᠢᠲᠡᠭᠦᠦ ᠬᠠᠮᠢᠶᠠᠷᠤᠯᠲᠠ︾ ᠶᠢ ᠴᠢᠩᠭᠠᠳᠬᠠᠵᠤ᠂ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠨᠢ ᠸᠢᠳᠢᠣ᠋ ᠶᠢᠨ ᠬᠡᠯᠪᠡᠷᠢ ᠪᠠᠷ ᠶᠠᠪᠤᠭᠳᠠᠵᠤ᠂ ᠬᠤᠳᠠ ᠶᠢᠨ ᠤᠳᠤᠷᠢᠳᠤᠯᠭ᠎ᠠ ᠪᠠᠢ ᠶᠦᠩ ᠫᠢᠩ ᠭᠤᠣᠯ ᠬᠤᠷᠠᠯ ᠤᠨ ᠲᠠᠯᠠᠪᠠᠢ ᠳᠤ ᠣᠷᠣᠯᠴᠠᠵᠤ᠂ ᠰᠢᠶᠠᠨ ᠤ ᠤᠳᠤᠷᠢᠳᠤᠯᠭ᠎ᠠ ᠯᠢ ᠴᠦᠨ ᠶᠠᠨ᠂ ᠯᠢᠦ ᠵᠢᠢ ᠶᠢᠩ᠂ ᠲᠢᠶᠠᠨ ᠯᠢ ᠵᠢᠶᠦ᠋ᠨ᠂ ᠯᠢᠦ ᡁᠢ ᠴᠢᠶᠠᠩ᠂ ᠶᠦᠨ ᠵᠢᠶᠠᠨ ᠵᠦᠩ᠂ ᠡᠯ᠎ᠡ ᠪᠠᠯᠭᠠᠰᠤ᠂ ᠾᠧ ᠺᠸᠤ ᠶᠢᠨ ᠬᠠᠮᠢᠶᠠᠷᠤᠯᠲᠠ ᠶᠢᠨ ᠵᠥᠪᠯᠡᠯ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠮᠠᠨ ᠤ ᠰᠢᠶᠠᠨ ᠤ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1