ᠯᠢ ᠴᠦᠨ ᠶᠠᠨ ᠪᠦᠬᠦ ᠰᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠳᠤ ᠲᠤᠰᠬᠠᠢ ᠰᠡᠳᠦᠪᠲᠦ ᠨᠠᠮ ᠤᠨ ᠬᠢᠴᠢᠶᠡᠯ ᠵᠢᠭᠠᠪᠠ
ᠨᠡᠶᠢᠲᠡᠯᠡᠭᠰᠡᠨ ᠴᠠᠭ᠄
2021/4/8
       ᠪᠥᠬᠦ ᠰᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠠᠵᠢᠯ ᠤᠨ ᠲᠣᠬᠢᠷᠠᠭᠤᠯᠤᠯᠲᠠ ᠶᠣᠰᠣᠭᠠᠷ᠂ 3 ᠰᠠᠷ᠎ᠠ ᠶᠢᠨ 26 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ᠂ ᠰᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠳᠠᠷᠤᠭ᠎ᠠ ᠯᠢ ᠴᠦᠨ ᠶᠠᠨ ︽ᠤᠯᠤᠰ ᠲᠥᠷᠥ ᠶᠢᠨ ᠦᠨᠡᠨᠴᠢ ᠰᠢᠳᠤᠷᠭᠤ ᠳᠤ ᠠᠩᠬᠠᠷᠤᠯ ᠢᠶᠠᠨ ᠲᠥᠪᠯᠡᠷᠡᠭᠦᠯᠵᠦ᠂ ︿ᠬᠤᠶᠠᠷ ᠢ ᠬᠠᠮᠠᠭᠠᠯᠠᠬᠤ﹀ ᠶᠢ ᠦᠶ᠋ᠯᠡᠳᠦᠯᠭᠡᠵᠢᠭᠦᠯᠵᠦ᠂ ᠨᠠᠮ ᠪᠠ ᠠᠷᠠᠳ ᠲᠦᠮᠡᠨ ᠤ ᠢᠲᠡᠭᠡᠯᠲᠡᠶ ᠨᠠᠶᠢᠳᠠᠪᠤᠷᠢᠲᠠᠶ ᠪᠥᠭᠡᠳ ᠰᠠᠨᠠᠭ᠎ᠠ ᠠᠮᠤᠷ ᠰᠢᠨ᠎ᠡ ᠴᠠᠭ ᠦᠶ᠎ᠡ ᠶᠢᠨ ᠤᠯᠤᠰ ᠲᠥᠷᠥ ᠬᠠᠤᠯᠢ ᠴᠠᠭᠠᠵᠠ ᠶᠢᠨ ᠲᠡᠮᠦᠷ ᠴᠡᠷᠢᠭ ᠢ ᠴᠢᠷᠮᠠᠶᠢᠨ ᠪᠠᠶᠢᠭᠤᠯᠤᠶ᠎ᠠ︾ ᠭᠡᠬᠦ ᠰᠡᠳᠦᠪ ᠢᠶᠠᠷ ᠪᠥᠬᠦ ᠰᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠳᠤ ᠲᠤᠰᠬᠠᠶ ᠰᠡᠳᠦᠪᠲᠦ ᠨᠠᠮ ᠤᠨ ᠬᠢᠴᠢᠶᠡᠯ ᠵᠢᠭᠠᠪᠠ᠃      ᠯᠢ ᠴᠦᠨ ᠶᠠᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠪᠠ︔ ᠲᠦᠢᠯᠪᠤᠷᠢᠲᠠᠶ ᠬᠤᠪᠢᠰᠬᠠᠯᠲᠤ ᠵᠣᠷᠢᠭ ᠰᠠᠨᠠᠭ᠎ᠠ ᠶᠢ ᠪᠠᠳᠠᠷᠠᠭᠤᠯᠬᠤ ᠶᠢ ᠪᠠᠷᠢᠮᠲᠠᠯᠠᠵᠤ᠂ ᠰᠤᠷᠭᠠᠨ ᠬᠥᠮᠦᠵᠢᠭᠦᠯᠵᠦ ᠴᠡᠭᠴᠡᠯᠡᠬᠦ ᠠᠵᠢᠯ ᠤᠨ ᠡᠯ᠎ᠡ ᠵᠦᠢᠯ ᠤᠨ ᠡᠭᠦᠷᠭᠡ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠬᠤ ᠬᠡᠷᠡᠭᠲᠡᠶ︔ ᠤᠯᠤᠰ ᠲᠦᠷᠦ ᠶᠢᠨ ᠳᠠᠪᠲᠠᠯᠲᠠ ᠪᠠ ᠦᠢᠯᠡᠳᠦᠯᠭᠡ ᠶᠢᠨ ᠳᠠᠪᠲᠠᠯᠲᠠ ᠶᠢ ᠦᠷᠭᠦᠯᠵᠢᠯᠡᠨ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠰᠠᠶᠢᠨ ᠰᠠᠶᠢᠬᠠᠨ ᠲᠦᠷᠢ ᠲᠥᠷᠬᠦ ᠶᠢ ᠪᠦᠬᠦ ᠲᠠᠯ᠎ᠠ ᠪᠠᠷ ᠪᠤᠢ ᠪᠣᠯᠭᠠᠬᠤ ᠭᠤᠷᠪᠠᠨ ᠲᠠᠯ᠎ᠠ ᠪᠠᠷ ᠰᠢᠰᠲ᠋ᠧᠮ ᠲᠠᠢ ᠭᠦᠨᠵᠡᠭᠡᠢ ᠲᠠᠶᠢᠯᠪᠤᠷᠢᠯᠠᠯᠲᠠ ᠪᠠ ᠲᠣᠳᠣᠷᠬᠠᠶᠢᠯᠠᠯᠲᠠ ᠬᠢᠵᠡᠢ᠃      ᠯᠢ ᠴᠦᠨ ᠶᠠᠨ ᠴᠢᠬᠤᠯᠠᠴᠢᠯᠠᠭᠰᠠᠨ ᠨᠢ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠥᠷᠨᠢᠭᠦᠯᠵᠦ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ᠂ ᠨᠠᠮ ᠪᠣᠯᠤᠨ ᠤᠯᠤᠰ ᠤᠨ ᠦᠢᠯᠡᠰ ᠤᠨ ᠬᠥᠭᠵᠢᠯᠲᠡ ᠶᠢᠨ ᠪᠦᠬᠦ ᠲᠠᠯ᠎ᠠ ᠶᠢᠨ ᠦᠨᠳᠦᠷᠴᠡ ᠠᠴᠠ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠮᠥᠨ᠂ ᠮᠠᠨ ᠤ ᠰᠢᠶᠠᠨ ᠤ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠴᠠᠭᠠᠷᠠᠭᠰᠠᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢ ᠪᠠᠶᠢᠭᠤᠯᠬᠤ ᠴᠢᠬᠤᠯᠠ ᠶᠡᠭᠡ ᠠᠵᠠ ᠲᠣᠬᠢᠶᠠᠯ ᠮᠥᠨ᠂ ᠪᠦᠬᠦ ᠰᠢᠶᠠᠨ ᠤ ᠠᠵᠢᠯ ᠤᠨ ᠶᠡᠭᠡ ᠲᠠᠯ᠎ᠠ ᠳᠤ ᠦᠢᠯᠡᠴᠢᠯᠡᠬᠦ ᠴᠢᠬᠤᠯᠠ ᠭᠠᠷᠳᠠᠴᠠ ᠮᠥᠨ᠃ ᠪᠦᠬᠦ ᠰᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠨᠢᠭᠡᠴᠢ᠂ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠨᠠᠷ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠥᠷᠨᠢᠭᠦᠯᠬᠦ ᠴᠢᠬᠤᠯᠠ ᠶᠡᠭᠡ ᠠᠴᠢ ᠬᠤᠯᠪᠣᠭᠳᠠᠯ ᠤᠨ ᠲᠤᠬᠠᠶ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠳᠡᠭᠡᠷ᠎ᠡ ᠦᠨᠡᠨ ᠬᠦ ᠳᠡᠭᠡᠳᠦ ᠬᠡᠮᠵᠢᠶ᠎ᠡ ᠪᠠᠷ ᠨᠢᠭᠡᠳᠬᠡᠵᠦ᠂ ᠮᠠᠨ ᠤ ᠰᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠢ ᠯᠠᠪᠳᠠᠭᠤᠨ ᠪᠠᠲᠤᠲᠠᠶ ᠪᠠᠷ ᠰᠠᠶᠢᠲᠤᠷ ᠥᠷᠨᠢᠭᠦᠯᠬᠦ ᠬᠡᠷᠡᠭᠲᠡᠶ ᠭᠡᠪᠡ᠃       ᠯᠢ ᠴᠦᠨ ᠶᠠᠨ᠄ ᠪᠦᠬᠦ ᠲᠠᠯ᠎ᠠ ᠪᠠᠷ ᠨᠠᠮ ᠢ ᠴᠢᠩᠭ᠎ᠠ ᠬᠠᠮᠢᠶᠠᠷᠴᠤ ᠴᠠᠭᠳᠠᠭ᠎ᠠ ᠶᠢ ᠴᠢᠩᠭ᠎ᠠ ᠵᠠᠰᠠᠬᠤ ᠶᠢ ᠪᠠᠷᠢᠮᠲᠠᠯᠠᠵᠤ᠂ ︽ᠲᠠᠪᠤᠨ ᠰᠢᠯᠭᠠᠷᠠᠭᠰᠠᠨ︾ ᠱᠠᠭᠠᠷᠳᠠᠯᠭ᠎ᠠ ᠶᠢᠨ ᠲᠣᠭᠤᠷᠢᠨ ᠳᠤ᠂ ᠤᠯᠤᠰ ᠲᠦᠷᠦ ᠶᠢᠨ ᠲᠠᠯ᠎ᠠ ᠪᠠᠷ ᠦᠨᠡᠨᠴᠢ ᠰᠢᠳᠤᠷᠭᠤ ᠪᠠᠶᠢᠬᠤ᠂ ᠤᠯᠠᠨ ᠢ ᠲᠦᠢᠪᠡᠭᠡᠭᠰᠡᠨ ᠮᠣᠷᠢ ᠶᠢ ᠠᠷᠢᠯᠭᠠᠬᠤ᠂ ᠬᠡᠮ ᠠᠷᠬᠠᠭ ᠢ ᠴᠡᠭᠴᠡᠯᠡᠨ ᠵᠠᠰᠠᠬᠤ᠂ ᠪᠠᠭᠠᠲᠤᠷ ᠵᠢᠱᠢᠶᠡᠴᠢ ᠶᠢᠨ ᠵᠣᠷᠢᠭ ᠰᠠᠨᠠᠭ᠎ᠠ ᠶᠢ ᠪᠠᠳᠠᠷᠠᠭᠤᠯᠬᠤ ︽ᠲᠦᠷᠪᠡᠨ ᠵᠦᠢᠯ ᠤᠨ ᠡᠭᠦᠷᠭᠡ︾ ᠶᠢ ᠲᠤᠪᠤᠶᠢᠯᠭᠠᠨ ᠪᠠᠲᠤᠳᠬᠠᠵᠤ᠂ ᠰᠤᠷᠤᠯᠴᠠᠯᠭ᠎ᠠ ᠬᠥᠮᠦᠵᠢᠯ᠂ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ︽ᠭᠤᠷᠪᠠᠨ ᠵᠠᠩᠭᠢᠯᠠᠭ᠎ᠠ︾ ᠶᠢ ᠳ᠋ᠦᠩᠨᠡᠨ ᠳᠡᠭᠡᠭᠰᠢᠯᠡᠭᠦᠯᠵᠦ᠂ ᠪᠦᠬᠦ ᠲᠠᠯ᠎ᠠ ᠪᠠᠷ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ᠂ ᠢᠯᠵᠠᠷᠠᠯ ᠢ ᠡᠰᠡᠷᠭᠦᠴᠡᠨ ᠴᠠᠭᠳᠠᠭ᠎ᠠ ᠶᠢ ᠬᠦᠴᠦᠷᠬᠡᠭᠵᠢᠭᠦᠯᠵᠦ᠂ ᠬᠤᠪᠢᠰᠬᠠᠯᠵᠢᠭᠤᠯᠬᠤ᠂ ᠵᠢᠩᠬᠢᠨᠢᠴᠢᠯᠡᠬᠦ᠂ ᠲᠤᠰᠬᠠᠶᠢᠵᠢᠭᠤᠯᠬᠤ᠂ ᠠᠵᠢᠯ ᠮᠡᠷᠭᠡᠵᠢᠭᠦᠯᠬᠦ ᠪᠠᠶᠢᠭᠤᠯᠤᠯᠲᠠ ᠶᠢ ᠴᠢᠩᠭᠠᠳᠬᠠᠵᠤ᠂ ᠨᠠᠮ ᠪᠠ ᠠᠷᠠᠳ ᠲᠦᠮᠡᠨ ᠤ ᠢᠲᠡᠭᠡᠯ ᠲᠠᠢ᠂ ᠨᠠᠶᠢᠳᠠᠪᠤᠷᠢᠲᠠᠶ᠂ ᠰᠠᠨᠠᠭ᠎ᠠ ᠠᠮᠤᠷ ᠤᠯᠤᠰ ᠲᠦᠷᠦ ᠬᠠᠤᠯᠢ ᠴᠠᠭᠠᠵᠠ ᠶᠢᠨ ᠲᠡᠮᠤᠷ ᠴᠡᠷᠢᠭ ᠢ ᠴᠢᠷᠮᠠᠶᠢᠨ ᠪᠠᠶᠢᠭᠤᠯᠤᠨ᠎ᠠ ᠭᠡᠵᠦ ᠵᠢᠭᠠᠨ ᠭᠠᠷᠭᠠᠪᠠ᠃      ᠯᠢ ᠴᠦᠨ ᠶᠠᠨ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠲᠦᠷᠢᠮ ᠢ ᠴᠢᠩᠭ᠎ᠠ ᠰᠠᠬᠢᠬᠤ ᠬᠡᠷᠡᠭᠲᠡᠢ︔ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠨᠡᠩ ᠥᠨᠳᠥᠷ ᠲᠦᠪᠰᠢᠨ ᠪᠦᠬᠦᠢ ᠠᠮᠤᠷ ᠲᠦᠪᠰᠢᠨ ᠲᠣᠭᠲᠠᠬᠤ᠂ ᠬᠠᠤᠯᠢᠵᠢᠯ ᠤᠨ ᠲᠣᠭᠲᠠᠬᠤ ᠶᠢ ᠲᠦᠷᠭᠡᠨ ᠪᠠᠶᠢᠭᠤᠯᠬᠤ ᠬᠡᠷᠡᠭᠲᠡᠢ︔ ᠰᠢᠨᠵᠢᠯᠡᠬᠦ ᠤᠬᠠᠭᠠᠨᠴᠢ ᠰᠡᠳᠬᠢᠬᠦ ᠠᠷᠭ᠎ᠠ ᠪᠠ ᠠᠵᠢᠯᠯᠠᠬᠤ ᠠᠷᠭ᠎ᠠ ᠶᠢ ᠴᠢᠳᠠᠮᠠᠭᠠᠶ ᠪᠠᠷ ᠬᠡᠷᠡᠭᠯᠡᠵᠦ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠢ ᠤᠳᠤᠷᠢᠳᠬᠤ ᠪᠠ ᠠᠬᠢᠭᠤᠯᠬᠤ ᠴᠢᠳᠠᠪᠤᠷᠢ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠬᠡᠷᠡᠭᠲᠡᠶ︔ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠤᠯᠠᠨ ᠲᠦᠮᠡᠨ ᠤ ︽ᠪᠠᠴᠢᠮᠳᠠᠬᠤ᠂ ᠬᠦᠴᠢᠷᠳᠡᠬᠦ᠂ ᠵᠣᠪᠠᠭ᠋ᠤ᠂ ᠬᠦᠰᠡᠬᠦ︾ ᠠᠰᠠᠭᠤᠳᠠᠯ ᠢ ᠰᠠᠶᠢᠲᠤᠷ ᠰᠢᠶ᠋ᠳᠪᠦᠷᠢᠯᠡᠵᠦ᠂ ᠦᠨᠡᠨ ᠬᠦ ᠠᠳᠬᠤᠵᠤ ᠪᠣᠳᠠᠲᠠᠶ ᠪᠠᠷ ᠠᠵᠢᠯᠯᠠᠬᠤ ᠠᠵᠢᠯ ᠤᠨ ᠰᠤᠷᠲᠠᠯ ᠢ ᠪᠤᠢ ᠪᠣᠯᠭᠠᠬᠤ ᠬᠡᠷᠡᠭᠲᠡᠶ︔ ᠢᠯᠵᠠᠷᠠᠯ ᠢ ᠡᠰᠡᠷᠭᠦᠴᠡᠨ ᠬᠤᠪᠢᠷᠠᠭᠤᠯᠤᠯᠲᠠ ᠶᠢ ᠰᠡᠷᠭᠡᠶᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠢ ᠴᠢᠩᠭ᠎ᠠ ᠬᠠᠮᠢᠶᠠᠷᠤᠨ ᠴᠠᠭᠳᠠᠭ᠎ᠠ ᠶᠢ ᠴᠢᠩᠭ᠎ᠠ ᠵᠠᠰᠠᠵᠤ᠂ ᠨᠠᠮ ᠪᠠ ᠠᠷᠠᠳ ᠲᠦᠮᠡᠨ ᠤ ᠢᠲᠡᠭᠡᠮᠵᠢᠲᠡᠶ᠂ ᠨᠠᠶᠢᠳᠠᠪᠤᠷᠢᠲᠠᠶ᠂ ᠰᠠᠨᠠᠭ᠎ᠠ ᠠᠮᠤᠷ ᠤᠯᠤᠰ ᠲᠦᠷᠦ ᠬᠠᠤᠯᠢ ᠴᠠᠭᠠᠵᠠ ᠶᠢᠨ ᠲᠡᠮᠦᠷ ᠴᠡᠷᠢᠭ ᠢ ᠴᠢᠷᠮᠠᠶᠢᠨ ᠪᠠᠶᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠲᠤᠰᠬᠠᠶ ᠰᠡᠳᠦᠪᠲᠦ ᠨᠠᠮ ᠤᠨ ᠬᠢᠴᠢᠶᠡᠯ ᠤᠨ ᠳᠠᠷᠠᠭ᠎ᠠ᠂ ᠬᠤᠷᠠᠯ ᠳᠤ ᠣᠷᠣᠯᠴᠠᠭᠰᠠᠳ ᠪᠠᠰᠠ ᠰᠡᠷᠡᠮᠵᠢᠯᠡᠭᠦᠯᠬᠦ ᠬᠥᠮᠦᠵᠢᠯ ᠤᠨ ᠺᠢᠨᠣ᠋ ︽ᠬᠤᠪᠢᠷᠠᠯᠲᠠ︾ ᠶᠢ ᠬᠠᠮᠲᠤ ᠪᠠᠷ ᠦᠵᠡᠪᠡ᠃      ᠰᠢᠶᠠᠨ ᠤ ᠤᠳᠤᠷᠢᠳᠤᠯᠭ᠎ᠠ ᠫᠠᠩ ᠯᠢ᠂ ᠶᠦᠨ ᠵᠢᠶᠠᠨ ᠵᠦᠩ ᠵᠢᠴᠢ ᠰᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠡᠯ᠎ᠡ ᠳᠡᠳ᠋ ᠳᠠᠷᠤᠭ᠎ᠠ᠂ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ᠂ ᠰᠢᠶᠠᠨ ᠤ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ᠂ ᠰᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠨᠢᠭᠡᠴᠡ ᠶᠢᠨ ᠤᠳᠤᠷᠢᠳᠬᠤ ᠪᠠᠭ ᠤᠨ ᠪᠦᠷᠢᠯᠳᠦᠬᠦᠨ ᠵᠢᠴᠢ ᠵᠠᠩᠭᠢᠯᠠᠭ᠎ᠠ ᠶᠢᠨ ᠺᠠᠳ᠋ᠷ᠂ ᠡᠯ᠎ᠡ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠭᠡᠰᠢᠭᠦᠨ ᠬᠤᠷᠠᠯ ᠳᠤ ᠣᠷᠣᠯᠴᠠᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠰᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠰᠦᠨ ᠬᠠᠶ ᠱᠧᠩ ᠬᠤᠷᠠᠯ ᠡᠷᠭᠢᠯᠡᠵᠡᠶ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1