ᠲᠣᠭᠲᠠᠬᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠰᠦᠪ ᠤᠨ ᠰᠦᠯᠵᠢᠶᠡᠨ ᠤ ᠬᠢᠨᠠᠯᠲᠠ ᠲᠠᠯᠪᠢᠬᠤ ᠰᠢᠰᠲ᠋ᠧᠮ ᠢ ᠰᠦᠯᠵᠢᠶᠡᠨ ᠳᠤ ᠬᠤᠯᠪᠣᠬᠤ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2021/4/9
       3 ᠳ᠋ᠤᠭᠠᠷ ᠰᠠᠷ᠎ᠠ ᠶᠢᠨ 26 ᠤ ᠡᠳᠦᠷ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠥᠰᠦᠪ ᠢ ᠰᠦᠯᠵᠢᠶᠡᠵᠢᠭᠦᠯᠦᠨ ᠬᠢᠨᠠᠬᠤ ᠰᠢᠰᠲ᠋ᠧᠮ ᠢ ᠰᠦᠯᠵᠢᠶᠡᠨ ᠳᠤ ᠣᠷᠣᠭᠤᠯᠤᠨ ᠠᠵᠢᠯᠯᠠᠭᠤᠯᠬᠤ ᠶᠣᠰᠣᠯᠠᠯ ᠶᠠᠪᠤᠭᠤᠯᠪᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠰᠢᠶᠦ᠋ᠨ᠂ ᠳᠡᠳ᠋ ᠡᠷᠬᠢᠯᠡᠭᠴᠢ ᠸᠤᠨ ᠵᠢᠶᠠᠩ ᠬᠠᠶ ᠰᠦᠯᠵᠢᠶᠡᠨ ᠳᠤ ᠭᠠᠷᠬᠤ ᠶᠣᠰᠣᠯᠠᠯ ᠳᠤ ᠣᠷᠣᠯᠴᠠᠪᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ᠂ ᠰᠢᠶᠠᠨ ᠤ ᠡᠳ᠋ ᠤᠨ ᠵᠠᠰᠠᠭ ᠤᠨ ᠲᠣᠪᠴᠢ᠊ ᠡᠶ᠎ᠡ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠤᠭ᠎ᠠ ᠪᠦᠷᠢᠳᠬᠡᠯ ᠤᠨ ᠲᠤᠪᠴᠢᠶ᠎ᠠ᠂ ᠬᠢᠨᠠᠨ ᠪᠤᠳᠤᠬᠤ᠂ ᠰᠦᠯᠵᠢᠶᠡᠨ ᠳᠤ ᠣᠷᠣᠭᠤᠯᠬᠤ ᠶᠣᠰᠣᠯᠠᠯ ᠳᠡᠭᠡᠷ᠎ᠡ᠂ ᠰᠢᠰᠲ᠋ᠧᠮ ᠤᠨ ᠵᠥᠭᠡᠯᠡᠨ ᠲᠣᠨᠤᠭ ᠢ ᠨᠡᠭᠡᠭᠡᠨ ᠬᠥᠭᠵᠢᠭᠦᠯᠵᠦ ᠬᠠᠮᠠᠭᠠᠯᠠᠬᠤ ᠠᠵᠢᠯ ᠢ ᠬᠠᠷᠢᠭᠤᠴᠠᠵᠤ ᠪᠠᠶᠢᠭ᠎ᠠ ᠮᠡᠷᠭᠡᠵᠢᠯ ᠤᠨ ᠠᠵᠢᠯᠲᠠᠳ ᠰᠢᠰᠲ᠋ᠧᠮ ᠢ ᠬᠡᠷᠡᠭᠯᠡᠬᠦ ᠠᠷᠭ᠎ᠠ ᠶᠢ ᠨᠠᠷᠢᠨ ᠲᠠᠨᠢᠯᠴᠠᠭᠤᠯᠤᠭᠰᠠᠨ ᠪᠥᠭᠡᠳ ᠪᠦᠷᠢᠨ ᠭᠦᠢᠴᠡᠳ ᠦᠵᠡᠭᠦᠯᠵᠡᠶ᠃      ᠲᠠᠨᠢᠯᠴᠠᠭᠤᠯᠤᠭᠰᠠᠨ ᠢᠶᠠᠷ᠂ ᠲᠣᠰ ᠤᠳᠠᠭ᠎ᠠ ᠶᠢᠨ ᠰᠦᠯᠵᠢᠶᠡᠨ ᠳᠤ ᠬᠤᠯᠪᠣᠭᠰᠠᠨ ᠬᠢᠨᠠᠯᠲᠠ ᠲᠠᠯᠪᠢᠬᠤ ᠰᠢᠰᠲ᠋ᠧᠮ ᠨᠢ ᠪᠠᠶᠢᠴᠠᠭᠠᠨ ᠯᠠᠪᠯᠠᠬᠤ᠂ ᠤᠷᠢᠳᠴᠢᠯᠠᠨ ᠰᠡᠷᠡᠮᠵᠢᠯᠡᠭᠦᠯᠬᠦ᠂ ᠵᠠᠳᠠᠯᠬᠤ᠂ ᠦᠢᠯᠡᠴᠢᠯᠡᠬᠦ ᠳᠥᠷᠪᠡᠨ ᠶᠡᠭᠡ ᠴᠢᠳᠠᠮᠵᠢ ᠲᠠᠢ ᠪᠠᠶᠢᠵᠤ᠂ ᠡᠳ᠋ ᠤᠨ ᠵᠠᠰᠠᠭ ᠤᠨ ᠲᠥᠰᠦᠪ ᠲᠤ ᠬᠢᠨᠠᠯᠲᠠ ᠲᠠᠯᠪᠢᠬᠤ᠂ ᠰᠠᠯᠠᠭ᠎ᠠ ᠮᠥᠴᠢᠷ ᠤᠨ ᠲᠥᠰᠦᠪ ᠲᠤ ᠬᠢᠨᠠᠯᠲᠠ ᠲᠠᠯᠪᠢᠬᠤ᠂ ᠲᠤᠰᠬᠠᠶ ᠰᠡᠳᠦᠪ ᠢᠶᠠᠷ ᠬᠢᠨᠠᠯᠲᠠ ᠲᠠᠯᠪᠢᠬᠤ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠳᠤ ᠬᠢᠨᠠᠯᠲᠠ ᠲᠠᠯᠪᠢᠬᠤ ᠵᠡᠷᠭᠡ ᠲᠤᠯᠤᠭᠠᠨ ᠶᠡᠭᠡ ᠬᠡᠷᠡᠭᠯᠡᠭᠡᠨ ᠤ ᠬᠡᠰᠡᠭ ᠪᠠᠭᠲᠠᠨ᠎ᠠ᠃ ᠰᠢᠨ᠎ᠡ ᠰᠢᠰᠲ᠋ᠧᠮ ᠢ ᠡᠬᠢᠯᠡᠵᠦ ᠬᠡᠷᠡᠭᠯᠡᠭᠰᠡᠨ ᠨᠢ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠰᠦᠪ ᠢ ᠬᠢᠨᠠᠨ ᠪᠠᠶᠢᠴᠠᠭᠠᠵᠤ ᠬᠢᠨᠠᠯᠲᠠ ᠲᠠᠯᠪᠢᠬᠤ ᠠᠵᠢᠯ ᠮᠡᠳᠡᠭᠡ ᠵᠠᠩᠭᠢᠵᠢᠯᠲᠠ ᠪᠠ ᠤᠶᠤᠨᠴᠢᠯᠠᠯᠲᠠ ᠶᠢ ᠠᠩᠬ᠎ᠠ ᠠᠯᠬᠤᠮ ᠪᠡᠶᠡᠯᠡᠭᠦᠯᠦᠭᠰᠡᠨ ᠢ ᠬᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠶ ᠶᠢᠨ ᠬᠢᠨᠠᠯᠲᠠ ᠲᠠᠯᠪᠢᠬᠤ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ᠂ ᠲᠥᠰᠦᠪ ᠤᠨ ᠪᠦᠬᠦ ᠶᠠᠪᠤᠴᠠ ᠳᠤ ᠬᠢᠨᠠᠯᠲᠠ ᠲᠠᠯᠪᠢᠬᠤ ᠶᠢ ᠰᠢᠯᠢᠳᠡᠭᠵᠢᠭᠦᠯᠬᠦ ᠳᠤ ᠴᠢᠬᠤᠯᠠ ᠠᠴᠢ ᠬᠤᠯᠪᠣᠭᠳᠠᠯ ᠲᠠᠢ᠃      ᠰᠦᠨ ᠰᠢᠶᠦ᠋ᠨ᠂ ᠬᠤᠶᠢᠰᠢᠳᠠ ᠶᠢᠨ ᠠᠵᠢᠯ ᠤᠨ ᠳᠤᠮᠳᠠ ᠪᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ ᠡᠭᠦᠷᠭᠡ ᠴᠢᠳᠠᠪᠬᠢ ᠶᠢ ᠪᠠᠲᠤ ᠡᠵᠡᠮᠳᠡᠵᠦ᠂ ᠰᠢᠰᠲᠧᠮ ᠢ ᠪᠣᠯᠪᠠᠰᠤᠷᠠᠩᠭᠤᠢ ᠡᠵᠡᠮᠰᠢᠨ ᠰᠠᠶᠢᠲᠤᠷ ᠬᠡᠷᠡᠭᠯᠡᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢᠨ ᠬᠤᠯᠪᠣᠯᠳᠤᠭᠰᠠᠨ ᠬᠢᠨᠠᠯᠲᠠ ᠶᠢ ᠴᠢᠩᠭᠠᠳᠬᠠᠵᠤ᠂ ᠡᠳᠦᠷ ᠲᠤᠳᠤᠮ ᠤᠨ ᠬᠢᠨᠠᠯᠲᠠ᠂ ᠲᠣᠭᠲᠠᠮᠠᠯ ᠬᠤᠭᠤᠴᠠᠭ᠎ᠠ ᠲᠠᠢ ᠪᠠᠷ ᠵᠠᠳᠠᠯᠤᠯᠲᠠ ᠬᠢᠬᠦ ᠪᠠ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ ᠶᠢ ᠤᠶᠠᠯᠳᠤᠭᠤᠯᠵᠤ᠂ ᠬᠠᠤᠯᠢ ᠶᠣᠰᠣᠭᠠᠷ ᠪᠦᠲᠦᠮᠵᠢᠲᠡᠢ ᠬᠢᠨᠠᠯᠲᠠ ᠲᠠᠯᠪᠢᠬᠤ ᠬᠡᠷᠡᠭᠲᠡᠢ᠃ ᠠᠮᠤᠷ ᠲᠦᠪᠰᠢᠨ ᠤ ᠤᠬᠠᠮᠰᠠᠷ ᠢᠶᠠᠨ ᠴᠢᠩᠭᠠᠳᠬᠠᠵᠤ᠂ ᠠᠵᠢᠯ ᠤᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠨᠢᠭᠤᠴᠠ ᠶᠢ ᠬᠠᠮᠠᠭᠠᠯᠠᠬᠤ ᠠᠵᠢᠯ ᠢ ᠴᠢᠬᠤᠯᠠᠴᠢᠯᠠᠵᠤ᠂ ᠰᠦᠯᠵᠢᠶ᠎ᠡ ᠪᠠᠷ ᠬᠢᠨᠠᠯᠲᠠ ᠲᠠᠯᠪᠢᠬᠤ ᠰᠢᠰᠲ᠋ᠧᠮ ᠤᠨ ᠬᠡᠷᠡᠭᠯᠡᠯᠲᠡ ᠬᠠᠮᠢᠶᠠᠷᠤᠯᠲᠠ ᠶᠢ ᠵᠢᠷᠤᠮᠵᠢᠭᠤᠯᠬᠤ ᠶᠢᠨ ᠬᠠᠮᠲᠤ ᠰᠢᠰᠲ᠋ᠧᠮ ᠤᠨ ᠰᠡᠭᠦᠯᠴᠢ ᠶᠢᠨ ᠬᠤᠭᠤᠴᠠᠭᠠᠨ ᠤ ᠬᠠᠮᠠᠭᠠᠯᠠᠯᠲᠠ ᠪᠠ ᠴᠢᠳᠠᠮᠵᠢ ᠶᠢ ᠲᠡᠭᠦᠯᠳᠡᠷᠵᠢᠭᠦᠯᠬᠦ ᠠᠵᠢᠯ ᠢ ᠰᠠᠶᠢᠲᠤᠷ ᠠᠳᠬᠤᠵᠤ᠂ ᠰᠢᠰᠲ᠋ᠧᠮ ᠤᠨ ᠪᠠᠶᠢᠪᠠᠰᠤ ᠵᠣᠬᠢᠬᠤ ᠦᠢᠯᠡᠳᠦᠯ ᠢᠶᠠᠨ ᠪᠠᠳᠠᠷᠠᠭᠤᠯᠬᠤ ᠶᠢ ᠦᠨᠡᠨ ᠬᠦ ᠪᠠᠲᠤᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ ᠴᠢᠳᠠᠪᠤᠷᠢ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠲᠥᠰᠦᠪ ᠤᠨ ᠰᠢᠢᠳᠪᠦᠷᠢᠲᠦ ᠪᠤᠳᠤᠯᠭ᠎ᠠ ᠶᠢ ᠬᠢᠨᠠᠨ ᠪᠠᠶᠢᠴᠠᠭᠠᠵᠤ ᠬᠢᠨᠠᠯᠲᠠ ᠲᠠᠯᠪᠢᠬᠤ ᠳᠤ ᠰᠢᠶ᠋ᠳᠪᠦᠷᠢᠲᠦ ᠪᠤᠳᠤᠯᠭ᠎ᠠ ᠶᠢᠨ ᠦᠨᠳᠦᠰᠦ ᠪᠠᠷᠢᠮᠲᠠ ᠶᠢ ᠦᠨᠡᠨ ᠬᠦ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1