ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2021 ᠣᠨ ᠤ 5 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/4/9
         ᠰᠢᠶᠠᠨ ᠤ ᠨᠠᠮ ᠤᠨ ᠬᠤᠷᠢᠶ᠎ᠠ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ ᠶᠢᠨ ᠬᠤᠷᠠᠯ ᠤᠨ ᠵᠣᠷᠢᠭ ᠰᠠᠨᠠᠭ᠎ᠠ ᠶᠣᠰᠣᠭᠠᠷ᠂ ︽ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠶ ᠰᠢᠶᠠᠨ ᠤ ᠨᠠᠮ ᠤᠨ ᠬᠤᠷᠢᠶ᠎ᠠ ᠶᠢᠨ ᠠᠵᠢᠯ ᠤᠨ ᠲᠥᠰᠦᠯ︾ ᠤᠨ ᠱᠠᠭᠠᠷᠳᠠᠯᠭ᠎ᠠ ᠶᠢ ᠦᠨᠳᠦᠰᠦᠯᠡᠨ᠂ 3 ᠳ᠋ᠤᠭᠠᠷ ᠰᠠᠷ᠎ᠠ ᠶᠢᠨ 29 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠣᠨᠣᠯ ᠤᠨ ᠰᠤᠷᠤᠯᠴᠠᠯᠭ᠎ᠠ ᠶᠢᠨ ᠭᠤᠤᠯ ᠳᠤᠭᠤᠶᠢᠯᠠᠩ ᠤᠨ 2021 ᠣᠨ ᠤ 5 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠶᠦᠨᠵᠦ᠋ᠩ ᠰᠣᠶᠣᠯ ᠤᠨ ᠣᠷᠳᠣᠨ ᠳᠤ ᠬᠤᠷᠠᠯᠳᠤᠪᠠ᠃ ᠯᠢ ᠴᠦᠨ ᠶᠠᠨ᠂ ᠰᠦᠨ ᠰᠢᠶᠦ᠋ᠨ᠂ ᠲᠢᠶᠠᠨ ᠸᠧᠨ ᠭᠧ ᠵᠡᠷᠭᠡ ᠭᠤᠣᠯ ᠳᠤᠭᠤᠶᠢᠯᠠᠩ ᠤᠨ ᠪᠦᠷᠢᠯᠳᠦᠬᠦᠨ ᠵᠢᠴᠢ ᠪᠦᠬᠦ ᠰᠢᠶᠠᠨ ᠤ ᠰᠠᠯᠠᠭᠠᠨ ᠲᠡᠰ ᠤᠨ ᠺᠠᠳ᠋ᠷ ᠰᠤᠷᠤᠯᠴᠠᠯᠭ᠎ᠠ ᠶᠢᠨ ᠬᠤᠷᠠᠯ ᠳᠤ ᠣᠷᠣᠯᠴᠠᠪᠠ᠃      ᠰᠤᠷᠤᠯᠴᠠᠯᠭ᠎ᠠ ᠶᠢᠨ ᠬᠤᠷᠠᠯ ᠠᠴᠠ ᠬᠤᠳᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠨᠡᠶᠢᠭᠡᠮ ᠤᠨ ᠬᠠᠮᠢᠶᠠᠷᠤᠯᠲᠠ ᠪᠣᠯᠤᠨ ᠰᠣᠶᠣᠯ ᠵᠢᠭᠠᠨ ᠰᠤᠳᠤᠯᠬᠤ ᠲᠠᠰᠤᠭ ᠤᠨ ᠡᠷᠬᠢᠯᠡᠭᠴᠢ᠂ ᠳᠡᠳ᠋ ᠫᠷᠤᠹᠧᠰᠰᠤᠷ ᠰᠦᠨ ᠵᠦᠩ ᠬᠤᠢ ᠶᠢ ᠣᠨᠴᠠᠭᠠᠶᠢᠯᠠᠨ ᠤᠷᠢᠵᠤ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠷᠡᠯ ᠰᠠᠴᠤᠷᠠᠩᠭᠤᠢ ᠥᠩᠭᠡᠷᠡᠯᠲᠡ ᠪᠣᠯᠤᠨ ᠡᠷᠬᠢᠮ ᠨᠠᠨᠳᠢᠨ ᠲᠤᠷᠰᠢᠯᠭ᠎ᠠ — ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠲᠡᠦᠬᠡ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠶ᠎ᠠ︾ ᠭᠡᠬᠦ ᠰᠡᠳᠦᠪ ᠢᠶᠠᠷ ᠲᠤᠰᠬᠠᠢ ᠰᠡᠳᠦᠪᠲᠦ ᠲᠠᠶᠢᠯᠤᠮᠵᠢ ᠬᠢᠯᠭᠡᠪᠡ᠃ ᠰᠦᠨ ᠵᠦᠩ ᠬᠤᠢ ᠶᠠᠭᠤᠨ ᠤ ᠤᠴᠢᠷ ᠠᠴᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠨᠢ ᠶᠠᠮᠠᠷ ᠲᠡᠦᠬᠡ ᠪᠣᠯᠬᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠭᠤᠣᠯᠳᠠᠯᠭ᠎ᠠ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠱᠠᠭᠠᠷᠳᠠᠯᠭ᠎ᠠ ᠵᠡᠷᠭᠡ ᠲᠠᠯ᠎ᠠ ᠪᠠᠷ ᠰᠢᠰᠲ᠋ᠧᠮ ᠲᠠᠢ ᠲᠣᠳᠣᠷᠬᠠᠶᠢᠯᠠᠨ ᠥᠭᠦᠯᠡᠪᠡ᠃ ᠲᠠᠶᠢᠯᠤᠮᠵᠢ ᠶᠢᠨ ᠭᠤᠣᠯ ᠰᠡᠳᠦᠪ ᠢᠯᠡ ᠲᠣᠳᠣ᠂ ᠲᠡᠦᠬᠡ ᠶᠢᠨ ᠮᠠᠲ᠋ᠧᠷᠢᠶᠠᠯ ᠨᠠᠷᠢᠨ ᠪᠣᠳᠠᠲᠠᠢ᠂ ᠬᠠᠷᠠᠭᠠᠰᠤ ᠥᠷᠭᠡᠨ᠂ ᠰᠡᠳᠬᠢᠴᠡ ᠲᠣᠳᠣᠷᠬᠠᠢ᠂ ᠮᠠᠰᠢ ᠴᠢᠩᠭ᠎ᠠ ᠦᠵᠡᠯ ᠰᠠᠨᠠᠭᠠᠴᠢ ᠴᠢᠨᠠᠷ᠂ ᠵᠢᠯᠣᠭᠤᠳᠬᠤ ᠴᠢᠨᠠᠷ᠂ ᠬᠠᠨᠳᠤᠯᠭᠠᠲᠤ ᠴᠢᠨᠠᠷ ᠲᠠᠢ ᠪᠠᠶᠢᠵᠤ᠂ ᠬᠤᠷᠠᠯ ᠳᠤ ᠣᠷᠣᠯᠴᠠᠭᠰᠠᠨ ᠪᠦᠬᠦ ᠬᠥᠮᠦᠰ ᠲᠤ ᠠᠭᠤᠯᠭ᠎ᠠ ᠪᠠᠷ ᠪᠠᠶᠠᠯᠢᠭ᠂ ᠬᠥᠮᠦᠰ ᠤᠨ ᠰᠡᠳᠬᠢᠯ ᠢ ᠬᠥᠭᠵᠢᠭᠡᠬᠦ ᠨᠠᠮ ᠤᠨ ᠲᠡᠦᠬᠡ ᠶᠢᠨ ᠬᠢᠴᠢᠶᠡᠯ ᠣᠷᠣᠵᠤ ᠥᠭᠴᠡᠢ᠃       ᠬᠤᠷᠠᠯ ᠠᠴᠠ ᠵᠢᠭᠠᠵᠤ ᠭᠠᠷᠭᠠᠭᠰᠠᠨ ᠨᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠪᠣᠯ ᠡᠯᠪᠡᠭ ᠪᠠᠶᠠᠯᠢᠭ ᠠᠮᠢᠳᠤᠯᠢᠭ ᠬᠢᠴᠢᠶᠡᠯ ᠤᠨ ᠪᠢᠴᠢᠭ ᠮᠥᠨ᠂ ᠳᠤᠮᠳᠠᠳᠤ ᠤᠯᠤᠰ ᠤᠨ ᠣᠷᠴᠢᠨ ᠦᠶ᠎ᠡ ᠠᠴᠠ ᠨᠠᠰᠢᠬᠢ ᠲᠡᠦᠬᠡ ᠶᠢᠨ ᠬᠠᠮᠤᠭ ᠤᠨ ᠮᠠᠭᠲᠠᠨ ᠳᠠᠭᠤᠯᠠᠭᠤᠰᠢᠲᠠᠶ ᠬᠠᠭᠤᠳᠠᠰᠤ ᠮᠥᠨ᠃ ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠮᠥᠨ᠂ ᠪᠦᠬᠦ ᠨᠠᠮ ᠤᠨ ᠬᠡᠪᠴᠢᠶᠡᠨ ᠳᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠨᠠᠮ ᠤᠨ ᠵᠠᠭᠤᠨ ᠵᠢᠯ ᠤᠨ ᠲᠡᠦᠬᠡ ᠶᠢᠨ ᠰᠢᠨ᠎ᠡ ᠭᠠᠷᠤᠭ᠎ᠠ ᠳᠤ ᠰᠠᠭᠤᠷᠢᠯᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ ᠪᠠ ᠳᠡᠯᠡᠬᠡᠢ ᠶᠢᠨ ᠵᠠᠭᠤᠨ ᠵᠢᠯ ᠳᠤ ᠭᠠᠷᠤᠭ᠎ᠠ ᠦᠭᠡᠢ ᠶᠡᠭᠡ ᠬᠤᠪᠢᠷᠠᠯᠲᠠ ᠶᠢ ᠨᠢᠭᠡᠳᠦᠯᠲᠡᠢ ᠲᠥᠯᠥᠪᠵᠢᠭᠦᠯᠵᠦ᠂ ᠪᠦᠬᠦ ᠨᠠᠮ ᠪᠦᠬᠦ ᠤᠯᠤᠰ ᠢ ᠳᠠᠶᠢᠴᠢᠯᠠᠨ ᠢᠲᠡᠭᠡᠯ ᠲᠡᠭᠦᠯᠳᠡᠷ ᠢᠶᠠᠷ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠣᠷᠣᠯᠴᠠᠭᠤᠯᠬᠤ ᠶᠢᠨ ᠲᠥᠯᠥᠭᠡ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠣᠯᠤᠨ᠎ᠠ᠃ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠨᠠᠮ ᠤᠨ ᠲᠡᠦᠬᠡ ᠶᠢ ᠰᠤᠷᠤᠯᠴᠠᠬᠤ᠂ ᠦᠵᠡᠯ ᠰᠠᠨᠠᠭ᠎ᠠ ᠶᠢ ᠣᠶᠢᠯᠠᠭᠠᠬᠤ᠂ ᠪᠣᠳᠠᠲᠤ ᠶᠠᠪᠤᠳᠠᠯ ᠬᠢᠬᠦ᠂ ᠰᠢᠨ᠎ᠡ ᠪᠠᠶᠢᠳᠠᠯ ᠢ ᠨᠡᠭᠡᠭᠡᠬᠦ ᠶᠢ ᠦᠨᠡᠨᠬᠦ ᠪᠡᠶᠡᠯᠡᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠣᠷᠭᠢᠯᠣᠭᠰᠠᠨ ᠬᠠᠯᠠᠭᠤᠨ ᠰᠡᠳᠬᠢᠯᠭᠡ ᠶᠢ ᠦᠨᠡᠨᠬᠦ ᠠᠵᠢᠯ ᠬᠢᠵᠦ ᠦᠢᠯᠡᠰ ᠪᠤᠰᠬᠠᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠴᠤᠭ ᠪᠠᠳᠠᠷᠠᠩᠭᠤᠢ ᠲᠦᠷᠢ ᠪᠠᠶᠢᠳᠠᠯ ᠢᠶᠠᠷ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠤᠭᠲᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1