ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠬᠡᠯᠲᠡᠰ ᠤᠨ ᠣᠨᠴᠠ ᠤᠷᠢᠭᠰᠠᠨ ᠲᠤᠰᠬᠠᠢ ᠮᠡᠷᠭᠡᠵᠢᠯᠲᠡᠨ ᠂ ᠲᠥᠪ ᠤᠨ ᠨᠠᠮ ᠤᠨ ᠰᠤᠷᠭᠠᠭᠤᠯᠢ ᠶᠢᠨ ᠵᠤᠤ ᠬᠤ᠋ ᠵᠢᠶ ᠨᠡᠷ ᠲᠤᠭᠳᠠᠬᠤ ᠰᠢᠶᠠᠨ ᠤ ᠦᠦᠰᠢᠨ ᠪᠠᠯᠭᠠᠰᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠠᠵᠢᠯ ᠢ ᠵᠢᠭᠠᠨ ᠵᠢᠯᠣᠭᠤᠳᠴᠠᠢ
ᠨᠡᠶᠢᠲᠡᠯᠡᠭᠰᠡᠨ ᠴᠠᠭ᠄
2021/5/17
      ᠣᠶᠢᠷ᠎ᠠ ᠳᠤ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠶᠠᠮᠤᠨ ᠤ ᠣᠨᠴᠠ ᠤᠷᠢᠭᠰᠠᠨ ᠲᠤᠰᠬᠠᠶ ᠮᠡᠷᠭᠡᠵᠢᠯᠲᠡᠨ᠂ ᠲᠥᠪ ᠤᠨ ᠨᠠᠮ ᠤᠨ ᠰᠤᠷᠭᠠᠭᠤᠯᠢ ᠶᠢᠨ ᠫᠷᠤᠹᠧᠰᠰᠤᠷ ᠵᠣᠣ ᠬᠤ᠋ ᠵᠢᠶ ᠨᠡᠷ ᠦᠦᠰᠢᠨ ᠪᠠᠯᠭᠠᠰᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠠᠵᠢᠯ ᠵᠢᠯᠣᠭᠤᠳᠤᠭᠰᠠᠨ ᠪᠥᠭᠡᠳ ᠰᠠᠨᠠᠯ ᠰᠣᠯᠢᠯᠴᠠᠨ ᠶᠠᠷᠢᠯᠴᠠᠬᠤ ᠬᠤᠷᠠᠯ ᠬᠢᠵᠡᠶ᠃ ᠥᠪᠡᠷᠲᠡᠭᠡᠨ ᠵᠠᠰᠠᠬᠤ ᠣᠷᠣᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠢᠩᠬᠢᠮ᠂ ᠬᠥᠬᠡᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠷᠧᠨ ᠷᠦᠢ ᠪᠣᠯᠤᠨ ᠬᠠᠮᠢᠶ᠎ᠠ ᠪᠥᠬᠦᠶ ᠬᠤᠰᠢᠭᠤ ᠰᠢᠶᠠᠨ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠵᠢᠴᠢ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠨᠠᠷ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠫᠷᠤᠹᠧᠰᠰᠤᠷ ᠵᠣᠣ ᠬᠤ᠋ ᠵᠢᠶ ᠨᠡᠷ ᠡᠩ ᠲᠡᠷᠢᠭᠦᠨ ᠳᠤ ᠦᠦᠰᠢᠨ ᠪᠠᠯᠭᠠᠰᠤᠨ ᠤ ᠴᠡᠷᠢᠭ ᠠᠴᠠ ᠬᠠᠯᠠᠭᠳᠠᠭᠰᠠᠳ ᠤᠨ  ᠦᠢᠯᠡᠴᠢᠯᠡᠭᠡᠨ ᠤ ᠥᠷᠲᠡᠭᠡ ᠪᠠ 6 ᠲᠣᠰᠬᠤᠨ ᠤ ᠲᠠᠰ ᠤᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠶᠢᠨ ᠵᠢᠭᠰᠠᠭᠠᠯ ᠤᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠣᠭᠤᠷᠢᠨ ᠦᠵᠡᠵᠦ ᠪᠠᠶᠢᠴᠠᠭᠠᠨ ᠰᠤᠳᠤᠯᠪᠠ᠃ ᠪᠠᠯᠭᠠᠰᠤ᠂ ᠲᠣᠰᠬᠤᠨ ᠤ ᠦᠢᠯᠡᠴᠢᠯᠡᠭᠡᠨ ᠤ ᠥᠷᠲᠡᠭᠡ ᠶᠢᠨ ᠴᠡᠷᠢᠭ ᠠᠴᠠ ᠬᠠᠯᠠᠭᠳᠠᠭᠰᠠᠳ ᠴᠡᠷᠢᠭ ᠠᠴᠠ ᠬᠠᠯᠠᠭᠳᠠᠭᠰᠠᠳ ᠢ ᠬᠠᠷᠠᠭᠠᠯᠵᠠᠬᠤ᠂ ᠬᠤᠶᠠᠷ ᠢ ᠬᠦᠷᠢᠶᠡᠯᠡᠬᠦ ᠵᠡᠷᠭᠡ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠤᠶᠢᠯᠠᠭᠠᠪᠠ᠃      ᠲᠤᠬᠠᠶ ᠶᠢᠨ ᠭᠠᠵᠠᠷ ᠲᠤᠨᠢ ᠲᠣᠭᠤᠷᠢᠨ ᠦᠵᠡᠵᠦ ᠪᠠᠶᠢᠴᠠᠭᠠᠨ ᠰᠤᠳᠤᠯᠤᠯᠲᠠ ᠬᠢᠭᠰᠡᠨ ᠤ ᠳᠠᠷᠠᠭ᠎ᠠ᠂ ᠵᠣᠣ ᠬᠤ᠋ ᠵᠢᠶ ᠫᠷᠤᠹᠧᠰᠰᠤᠷ ᠪᠣᠳᠠᠲᠠᠶ ᠪᠠᠶᠢᠳᠠᠯ ᠢᠶᠠᠨ ᠦᠨᠳᠦᠰᠦᠯᠡᠨ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠶᠠᠮᠤᠨ ᠤ ᠲᠥᠷᠥ ᠶᠢᠨ ᠪᠣᠳᠣᠯᠭ᠎ᠠ ᠲᠠᠢ ᠤᠶᠠᠯᠳᠤᠭᠤᠯᠤᠨ ᠰᠠᠨᠠᠭᠤᠯᠭ᠎ᠠ ᠳᠤᠷᠠᠳᠴᠤ᠂ ᠬᠤᠶᠢᠰᠢᠳᠠ ᠶᠢᠨ ᠦᠦᠰᠢᠨ ᠪᠠᠯᠭᠠᠰᠤᠨ ᠤ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡᠨ ᠤ ᠠᠵᠢᠯ ᠳᠤ ᠰᠢᠨ᠎ᠡ ᠦᠵᠡᠯ ᠰᠠᠨᠠᠭ᠎ᠠ ᠬᠠᠩᠭᠠᠵᠤ᠂ ᠰᠢᠨ᠎ᠡ ᠵᠠᠮ ᠢ ᠵᠢᠭᠠᠨ ᠥᠷᠭᠡᠳᠬᠡᠭᠰᠡᠨ ᠪᠠᠶᠢᠨ᠎ᠠ᠃ ᠴᠡᠷᠢᠭ ᠤᠨ ᠠᠯᠪᠠᠨ ᠠᠴᠠ ᠪᠠᠭᠤᠭᠰᠠᠳ ᠤᠨ ᠤᠯᠠᠨ ᠨᠡᠶᠢᠲᠡ ᠶᠢᠨ ᠡᠮ ᠡᠮᠨᠡᠯᠭᠡ ᠶᠢᠨ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠴᠡᠷᠢᠭ ᠤᠨ ᠠᠯᠪᠠᠨ ᠠᠴᠠ ᠪᠠᠭᠤᠭᠰᠠᠳ ᠤᠨ ᠲᠣᠭᠲᠠᠮᠠᠯ ᠬᠤᠭᠤᠴᠠᠭ᠎ᠠ ᠲᠠᠢ ᠪᠠᠷ ᠰᠦᠢᠳᠬᠡᠯ ᠬᠤᠷᠢᠶᠠᠬᠤ ᠦᠭᠡᠢ ᠪᠠᠷ ᠡᠮᠨᠡᠭᠦᠯᠬᠦ ᠵᠡᠷᠭᠡ ᠰᠢᠨ᠎ᠡ ᠰᠡᠳᠬᠢᠴᠡ᠂ ᠰᠢᠨ᠎ᠡ ᠠᠷᠭ᠎ᠠ ᠬᠢᠳᠡᠯ ᠢ ᠲᠦᠷᠭᠡᠳᠬᠡᠨ ᠠᠬᠢᠭᠤᠯᠬᠤ ᠶᠢ ᠱᠠᠭᠠᠷᠳᠠᠪᠠ᠃      ᠬᠤᠷᠠᠯ ᠤᠨ ᠲᠠᠷᠠᠭ᠎ᠠ᠂ ᠵᠤᠤ ᠬᠤ᠋ ᠵᠢᠶ ᠨᠡᠷ  ᠦᠦᠰᠢᠨ ᠪᠠᠯᠭᠠᠰᠤ ᠶᠢᠨ ᠦᠦᠰᠢᠨ ᠲᠣᠰᠬᠤᠨ ᠤ ᠡᠷᠡᠭᠦᠯ ᠬᠠᠮᠠᠭᠠᠯᠠᠯ ᠤᠨ  ᠬᠤᠷᠢᠶ᠎ᠠ ᠳᠤ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠴᠡᠷᠢᠭ ᠠᠴᠠ ᠬᠠᠯᠠᠭᠳᠠᠭᠰᠠᠳ ᠤᠨ ᠪᠡᠶ᠎ᠡ ᠶᠢᠨ ᠪᠠᠶᠢᠴᠠᠭᠠᠯᠲᠠ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠤᠢᠢᠯᠠᠭᠠᠭᠰᠠᠨ ᠪᠥᠭᠡᠳ ᠡᠮᠨᠡᠯᠭᠡ ᠶᠢᠨ ᠬᠤᠷᠢᠶᠠᠨ ᠤ ᠡᠮᠨᠡᠯᠭᠡ ᠶᠢᠨ ᠠᠵᠢᠯᠲᠠᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠡᠮᠨᠡᠯᠭᠡ ᠶᠢᠨ ᠬᠤᠷᠢᠶᠠᠨ ᠤ ᠬᠡᠷᠡᠭᠴᠡᠭᠡ᠂ ᠠᠷᠠᠳ ᠤᠨ ᠠᠮᠢᠳᠤᠷᠠᠯ ᠤᠨ ᠱᠠᠭᠠᠷᠳᠠᠯᠭ᠎ᠠ ᠶᠢ ᠣᠶᠢᠯᠠᠭᠠᠵᠤ᠂ ᠴᠡᠷᠢᠭ ᠠᠴᠠ ᠬᠠᠯᠠᠭᠳᠠᠭᠰᠠᠳ ᠤᠨ ᠡᠮ ᠡᠮᠨᠡᠯᠭᠡ ᠶᠢᠨ ᠬᠦᠷᠢᠶᠡᠨ ᠤ ᠬᠤᠯᠪᠣᠭᠳᠠᠯ ᠪᠦᠬᠦᠢ ᠰᠠᠨᠠᠭᠤᠯᠭ᠎ᠠ ᠶᠢ ᠳᠤᠷᠠᠳᠴᠠᠢ᠃      ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠰᠣᠯᠢᠯᠴᠠᠭᠠᠨ ᠤ ᠬᠤᠷᠠᠯ ᠪᠣᠯ ᠦᠦᠰᠢᠨ ᠪᠠᠯᠭᠠᠰᠤᠨ ᠤ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠶᠢᠨ ᠢᠷᠡᠭᠡᠳᠦᠶ ᠶᠢᠨ ᠠᠵᠢᠯ ᠤᠨ ᠰᠠᠶᠢᠨ ᠵᠢᠯᠣᠭᠤᠳᠣᠯᠭ᠎ᠠ ᠮᠥᠨ᠂ ᠪᠠᠰᠠ ᠴᠤ ᠨᠢᠭᠡ ᠤᠳᠠᠭᠠᠨ ᠤ ᠬᠦᠷᠦᠯᠴᠡᠬᠦ ᠥᠬᠡᠶ ᠲᠠᠯ᠎ᠠ ᠪᠠᠨ ᠡᠷᠢᠵᠦ᠂ ᠳᠤᠲᠠᠭᠤᠳᠠᠯ ᠢᠶᠠᠨ ᠨᠥᠬᠦᠪᠥᠷᠢᠯᠡᠬᠦ ᠶᠢᠨ ᠪᠦᠲᠦᠮᠵᠢᠲᠡᠶ ᠰᠢᠪᠠᠳᠠᠯᠭ᠎ᠠ ᠮᠥᠨ᠃ ᠦᠦᠰᠢᠨ ᠪᠠᠯᠭᠠᠰᠤᠨ ᠤ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠨᠢ ᠨᠠᠩ ᠥᠨᠳᠥᠷ ᠪᠠᠷᠢᠮᠵᠢᠶ᠎ᠠ᠂ ᠨᠠᠩ ᠴᠢᠩᠭ᠎ᠠ ᠱᠠᠭᠠᠷᠳᠠᠯᠭ᠎ᠠ᠂ ᠨᠠᠩ ᠰᠠᠶᠢᠨ ᠦᠢᠯᠡᠴᠢᠯᠡᠭᠡ ᠪᠠᠷ ᠤᠯᠤᠰ ᠤᠨ ᠴᠡᠷᠢᠭ ᠠᠴᠠ ᠬᠠᠯᠠᠭᠳᠠᠭᠰᠠᠳ ᠤᠨ ᠪᠠᠲᠤᠯᠠᠭ᠎ᠠ ᠶᠢᠨ ᠦᠢᠯᠡᠰ ᠲᠤ ᠦᠨᠳᠦᠰᠦᠨ ᠱᠠᠲᠤᠨ ᠤ ᠬᠦᠴᠦᠨ ᠴᠢᠳᠠᠯ ᠢᠶᠠᠨ ᠨᠡᠮᠡᠷᠢᠯᠡᠬᠦ ᠪᠤᠯᠤᠨ᠎ᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1